ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ᠫᠢᠺ ᠪᠥᠮᠪᠦᠭᠡ ᠶᠢᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ  ᠡᠷᠬᠢᠯᠡᠪᠡ
ᠨᠡᠶᠢᠲᠡᠯᠡᠭᠰᠡᠨ ᠴᠠᠭ᠄
2024/10/25
      10 ᠰᠠᠷ᠎ᠠ ᠶᠢᠨ 23 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ᠫᠢᠺ ᠪᠥᠮᠪᠦᠭᠡ ᠶᠢᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠵᠦ᠂ ᠲᠣᠰ ᠤᠳᠠᠭᠠᠨ ᠤ ᠪᠣᠯᠪᠠᠰᠤᠷᠠᠯ ᠢ ᠣᠨᠣᠯ ᠤᠨ ᠲᠠᠶᠢᠯᠤᠮᠵᠢ ᠪᠠ ᠦᠢᠯᠡᠳᠦᠯᠭᠡ ᠶᠢᠨ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠪᠠᠷ ᠪᠥᠬᠦ ᠬᠤᠰᠢᠭᠤᠨ ᠤ ᠡᠯ᠎ᠡ ᠬᠦᠷᠢᠶᠡᠨ ᠤ 30 ᠭᠠᠷᠤᠶ ᠠᠵᠢᠯ ᠤᠨ ᠴᠢᠯᠥᠭᠡᠨ ᠤ ᠳᠤᠷ᠎ᠠ ᠪᠠᠭ᠋ᠠᠲᠠᠶ ᠬᠥᠮᠦᠰ ᠵᠢᠴᠢ ᠫᠢᠺ ᠪᠥᠮᠪᠦᠭᠡ ᠶᠢᠨ ᠵᠢᠭᠠᠨ ᠰᠤᠷᠭᠠᠯᠲᠠ ᠳᠤ ᠬᠠᠨᠳᠢᠪ ᠢᠶᠠᠨ ᠡᠷᠬᠦᠭᠰᠡᠨ ᠡᠯ᠎ᠡ ᠡᠲᠡᠭᠡᠳ ᠤᠨ ᠬᠥᠮᠦᠰ ᠣᠷᠣᠯᠴᠠᠵᠠᠶ᠃      ᠫᠢᠺ ᠪᠥᠮᠪᠦᠭᠡ 20 ᠳ᠋ᠤᠭᠠᠷ ᠵᠠᠭᠤᠨ ᠤ ᠵᠢᠷᠠᠭᠠᠳ ᠣᠨ ᠳᠤ ᠠᠮᠧᠷᠢᠺ ᠤᠯᠤᠰ  ᠲᠤ ᠡᠬᠦᠰᠴᠠᠢ ᠃ ᠲᠡᠷᠡ ᠨᠢ ᠲᠣᠣᠷ ᠪᠥᠮᠪᠦᠭᠡ᠂ ᠥᠳᠥᠨ ᠪᠥᠮᠪᠦᠭᠡ ᠪᠠ ᠫᠢᠩᠫᠠᠩ ᠪᠥᠮᠪᠦᠭᠡ ᠶᠢᠨ ᠣᠨᠴᠠᠯᠢᠭ ᠲᠠᠢ ᠤᠶᠠᠯᠳᠤᠭᠤᠯᠵᠤ᠂ ︽ᠭᠤᠷᠪᠠ ᠨᠢᠭᠡ ᠳᠣᠣᠷ᠎ᠠ ᠨᠢᠭᠡ ᠥᠨᠳᠥᠷ︾ ᠭᠡᠬᠦ ᠢᠯᠡ ᠲᠣᠳᠣ ᠣᠨᠴᠠᠯᠢᠭ ᠲᠠᠢ ᠪᠠᠶᠢᠳᠠᠭ ᠁ ᠣᠨᠣᠯ ᠤᠨ ᠬᠢᠴᠢᠶᠡᠯ ᠤᠨ ᠲᠠᠩᠬᠢᠮ ᠳᠤ᠂ ᠪᠦᠬᠦ ᠪᠥᠮᠪᠥᠷᠴᠡᠭ ‍ᠤᠨ‌‍ᠫᠢᠺ  ᠪᠥᠮᠪᠦᠭᠡ ᠶᠢᠨ ᠳᠡᠰ ᠦᠨᠡᠯᠡᠬᠦ ᠪᠠᠶᠢᠭᠤᠯᠤᠮᠵᠢ DUPR ᠳᠤᠮᠳᠠᠳᠤ ᠤᠯᠤᠰ ᠤᠨ ᠲᠣᠭᠤᠷᠢᠭ ᠤᠨ ᠠᠩᠬᠠᠳᠠᠭᠴᠢ ᠪᠦᠯᠦᠭ ᠭᠡᠷᠡᠴᠢᠯᠡᠯ ᠤᠨ ᠬᠢᠨᠠᠭᠴᠢ᠂ ᠪᠤᠭᠤᠲᠤ ᠬᠤᠲᠠ ᠶᠢᠨ ᠫᠢᠺ  ᠪᠥᠮᠪᠦᠭᠡ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ᠂ ᠳᠠᠰᠬᠠᠯᠵᠢᠭᠤᠯᠤᠭᠴᠢ ᠯᠠᠨ ᠺᠦᠢ ᠪᠣᠯᠤᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠪᠠᠭ᠎ᠠ ᠪᠦᠮᠪᠦᠭᠡ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠫᠢᠺ ᠪᠥᠮᠪᠦᠭᠡ ᠶᠢᠨ ᠬᠤᠶᠠᠳᠤᠭᠠᠷ  ᠲᠡᠰ ᠤᠨ ᠬᠢᠨᠠᠭᠴᠢ᠂  ᠪᠤᠭᠤᠳᠤ ᠬᠤᠳᠠ ᠶᠢᠨ ᠫᠢᠺ  ᠪᠥᠮᠪᠦᠭᠡ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ  ᠵᠢᠶᠠ  ᠸᠧᠢ ᠫᠢᠺ ᠪᠥᠮᠪᠦᠭᠡ ᠶᠢᠨ ᠢᠷᠡᠯᠳᠡ᠂ ᠬᠥᠭᠵᠢᠯᠲᠡ᠂ ᠲᠦᠷᠢᠮ ᠵᠢᠴᠢ ᠪᠣᠯᠪᠠᠰᠤᠷᠠᠯ ᠤᠨ ᠤᠷᠤᠯᠳᠤᠭᠠᠨ ᠵᠡᠷᠭᠡ ᠲᠠᠯ᠎ᠠ ᠪᠠᠷ ᠪᠣᠯᠪᠠᠰᠤᠷᠠᠯ ᠬᠢᠵᠦ᠂ ᠰᠤᠷᠤᠯᠴᠠᠭᠰᠠᠳ ᠢ ᠳᠠᠭᠠᠭᠤᠯᠤᠨ ᠪᠥᠮᠪᠦᠭᠡᠨ ᠤ ᠷᠢᠳᠢ ᠰᠢᠳᠢ ᠶᠢ ᠮᠡᠳᠡᠷᠡᠭᠦᠯᠪᠡ᠃      ᠪᠥᠮᠪᠦᠭᠡ ᠴᠣᠬᠢᠬᠤ ᠳᠠᠭᠤᠨ᠂  ᠰᠤᠷᠤᠯᠴᠠᠭᠰᠠᠳ ᠤᠨ ᠢᠨᠢᠶᠡᠬᠦ ᠳᠠᠭᠤᠨ ᠁ ᠦᠳᠡ ᠶᠢᠨ  ᠬᠤᠶᠢᠨ᠎ᠠ᠂  ᠫᠢᠺ ᠪᠥᠮᠪᠦᠭᠡ ᠶᠢᠨ ᠬᠢᠴᠢᠶᠡᠯ ᠤᠨ ᠲᠠᠩᠬᠢᠮ ᠳᠤ  ᠤᠷᠤᠵᠤ ᠤᠴᠢᠬᠤ ᠳᠤ᠂ ᠠᠮᠢᠵᠢᠷᠠᠯ ᠤᠨ ᠬᠦᠴᠦᠨ ᠪᠢᠯᠬᠠᠵᠤ ᠪᠠᠶᠢᠪᠠ᠃ ᠳᠠᠰᠬᠠᠯᠵᠢᠭᠤᠯᠤᠭᠴᠢ ᠡᠩ ᠲᠡᠷᠢᠭᠦᠨ ᠳᠤ ᠣᠯᠠᠨ ᠢ ᠳᠠᠭᠠᠭᠤᠯᠤᠨ ᠪᠡᠶ᠎ᠡ ᠳᠠᠰᠬᠠᠬᠤ ᠲᠥᠬᠦᠮ ᠬᠥᠳᠡᠯᠭᠡᠭᠡᠨ ᠬᠢᠵᠦ᠂ ᠳᠠᠷᠠᠭ᠎ᠠ ᠨᠢ  ᠫᠢᠺ ᠪᠥᠮᠪᠦᠭᠡ ᠶᠢᠨ ᠤᠷᠤᠯᠳᠤᠭᠠᠨ ᠤ ᠲᠦᠷᠢᠮ᠂ ᠲᠠᠯᠠᠪᠤᠷ ᠭᠠᠵᠠᠷ ᠤᠨ ᠲᠣᠬᠢᠷᠠᠭᠤᠯᠤᠯᠲᠠ᠂ ᠬᠤᠪᠢ ᠤᠯᠬᠤ ᠠᠷᠭ᠎ᠠ ᠮᠠᠶ᠋ᠢᠭ ᠵᠢᠴᠢ ᠪᠡᠯᠡᠳᠬᠡᠬᠦ ᠳᠦᠷᠰᠦ ᠪᠠᠶᠢᠳᠠᠯ᠂ ᠰᠡᠭᠦᠳᠡᠷᠯᠡᠬᠦ ᠳᠦᠷᠰᠦ ᠪᠠᠶᠢᠳᠠᠯ᠂ ᠪᠥᠮᠪᠦᠭᠡ ᠡᠬᠢᠯᠡᠭᠦᠯᠬᠦ ᠳᠦᠷᠰᠦ ᠪᠠᠶᠢᠳᠠᠯ ᠵᠡᠷᠭᠡ ᠶᠢ ᠨᠠᠷᠢᠨ ᠲᠠᠶᠢᠯᠪᠤᠷᠢᠯᠠᠬᠤ ᠶᠢᠨ ᠬᠠᠮᠲᠤ  ᠲᠤᠬᠠᠢ ᠵᠢᠨ‌‍ᠲ᠋ᠠᠯᠠᠪᠤᠷ ᠲᠤ  ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠬᠢᠵᠦ᠂ ᠫᠢᠺ ᠪᠥᠮᠪᠦᠭᠡ ᠶᠢᠨ ᠮᠡᠷᠭᠡᠵᠢᠯ ᠤᠨ ᠭᠤᠤᠯᠳᠠᠯᠭ᠎ᠠ ᠶᠢ ᠪᠥᠬᠦ ᠲᠠᠯ᠎ᠠ ᠪᠠᠷ ᠲᠦᠭᠡᠮᠡᠯᠵᠢᠭᠦᠯᠪᠡ᠃ ᠳᠠᠷᠠᠭ᠎ᠠ ᠨᠢ  ᠰᠤᠷᠤᠯᠴᠠᠭᠰᠠᠳ ᠨᠢᠭᠡ ᠨᠢᠭᠡ  ᠪᠠᠷ  ᠴᠤᠬᠢᠬᠤ᠂  ᠬᠤᠤᠰ ᠢᠶᠠᠷ ᠴᠣᠬᠢᠬᠤ᠂ ᠬᠤᠯᠢᠯᠳᠤᠭᠤᠯᠤᠨ ᠴᠣᠬᠢᠬᠤ ᠤᠷᠤᠯᠳᠤᠭᠠᠨ ᠬᠢᠵᠦ᠂ ᠬᠠᠮᠲᠤ ᠪᠠᠷ ᠡᠨᠡ ᠬᠦ ᠰᠢᠨ᠎ᠡ ᠤᠷᠤᠰᠬᠠᠯ ᠤᠨ ᠲᠠᠮᠢᠷ ᠤᠨ ᠬᠥᠳᠡᠯᠭᠡᠭᠡᠨ  ᠢ ᠡᠬᠢᠯᠡᠬᠦᠯᠪᠡ᠃ ︽ᠡᠨᠡ ᠪᠣᠯ ᠪᠢ ᠠᠩᠬ᠎ᠠ ᠤᠳᠠᠭ᠎ᠠ ᠫᠢᠺ  ᠪᠦᠮᠪᠦᠭᠡ ᠲᠠᠢ ᠣᠶᠢᠷᠠᠲᠤᠵᠤ ᠤᠶᠢᠯᠠᠭᠠᠵᠤ  ᠪᠠᠶᠢᠭ᠎ᠠ  ᠶᠤᠮ᠃ ᠦᠳᠡ ᠶᠢᠨ ᠡᠮᠦᠨ᠎ᠡ ᠤᠨᠤᠯ ᠤᠨ ᠰᠤᠷᠤᠯᠴᠠᠯᠭ᠎ᠠ ᠳᠤ ᠣᠷᠣᠯᠴᠠᠵᠤ᠂ ᠦᠳᠡ ᠶᠢᠨ ᠬᠤᠶᠢᠨ᠎ᠠ ᠪᠣᠳᠠᠲᠠᠶ ᠪᠣᠯᠪᠠᠰᠤᠷᠠᠯ ᠬᠢᠵᠡᠶ᠂ ᠡᠨᠡ ᠬᠦ  ᠲᠠᠮᠢᠷ ᠤᠨ ᠬᠥᠳᠡᠯᠭᠡᠭᠡᠨ  ᠨᠢ ᠰᠤᠷᠤᠯᠴᠠᠬᠤ ᠳᠤ ᠠᠮᠠᠷ᠂  ᠬᠦᠴᠢᠷ ᠤᠨ ᠬᠡᠮᠵᠢᠶ᠎ᠡ ᠨᠢ ᠲᠡᠶᠢᠮᠤ ᠶᠡᠭᠡ ᠪᠢᠰᠢ᠂  ᠨᠠᠳᠠ ᠰᠢᠭ᠋ ᠡᠶᠢᠮᠦ ᠰᠠᠭᠤᠷᠢ ᠦᠬᠡᠢ ᠨᠠᠭᠠᠳᠤᠭᠴᠢ ᠴᠦ ᠣᠬᠤᠷᠬᠠᠨ ᠬᠤᠭᠤᠴᠠᠭᠠᠨ ᠳᠤ  ᠨᠠᠭᠠᠳᠴᠤ ᠲᠡᠶᠢᠯᠦᠨ᠎ᠡ᠂  ᠪᠤᠰᠢᠭᠤ ᠱᠠᠯᠠᠮᠠᠭᠠᠶ ᠴᠢᠨᠠᠷ ᠪᠠ ᠵᠣᠬᠢᠴᠠᠩᠭᠤᠶ ᠴᠢᠨᠠᠷ ᠢ ᠪᠣᠯᠪᠠᠰᠤᠷᠠᠭᠤᠯᠵᠤ᠂ ᠡᠨᠡ ᠬᠥᠳᠡᠯᠭᠡᠭᠡᠨ ᠢᠶᠠᠷ ᠳᠠᠮᠵᠢᠭᠤᠯᠤᠨ ᠪᠠᠰᠠ ᠮᠠᠰᠢ ᠤᠯᠠᠨ ᠰᠢᠨ᠎ᠡ ᠨᠠᠶᠢᠵᠠ ᠲᠠᠢ ᠲᠠᠨᠢᠯᠴᠠᠪᠠ︾ ᠭᠡᠵᠦ ᠰᠤᠷᠤᠭᠴᠢ  ᠸᠧᠨ ᠫᠸᠢ ᠵᠧᠨ ᠬᠡᠯᠡᠪᠡ᠃       ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠢᠶᠠᠯᠠᠭ᠎ᠠ ᠶᠢ ᠳᠠᠭᠠᠵᠤ᠂ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠫᠢᠺ ᠪᠥᠮᠪᠦᠭᠡ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃ ᠪᠢᠳᠡ ᠫᠢᠺ ᠪᠥᠮᠪᠦᠭᠡ ᠶᠢᠨ ᠬᠥᠳᠡᠯᠭᠡᠭᠡᠨ ᠢ ᠰᠣᠶᠣᠯ ᠵᠢᠭᠤᠯᠴᠢᠯᠠᠯ ᠲᠠᠢ ᠤᠶᠠᠯᠳᠤᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠫᠢᠺ ᠪᠥᠮᠪᠦᠭᠡ ᠶᠢᠨ ᠵᠢᠭᠤᠯᠴᠢᠯᠠᠯ ᠤᠨ ᠲᠥᠷᠥᠯ ᠲᠡᠮᠳᠡᠭ ᠢ ᠡᠭᠦᠳᠴᠦ᠂ ᠫᠢᠺ ᠪᠥᠮᠪᠦᠭᠡ ᠶᠢᠨ ᠬᠥᠳᠡᠯᠭᠡᠭᠡᠨ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠥᠷᠨᠢᠩᠭᠦᠶ ᠬᠥᠭᠵᠢᠭᠦᠯᠬᠦ ᠶᠢ ᠬᠦᠰᠡᠵᠦ ᠪᠠᠶᠢᠨ᠎ᠠ︾ ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠪᠠᠲᠤᠪᠢᠯᠢᠭ᠌ ᠬᠡᠯᠡᠪᠡ᠃       ᠫᠢᠺ ᠪᠥᠮᠪᠦᠭᠡ ᠶᠢᠨ ᠲᠤᠬᠠᠶ      ᠫᠢᠺ ᠪᠦᠮᠪᠦᠭᠡ ᠨᠢ ᠰᠢᠨ ᠶᠢᠨ ᠰᠦᠯᠵᠢᠶᠡᠨ ᠤᠳᠤ ᠶᠢᠨ ᠪᠦᠮᠪᠦᠭᠡᠨ ᠬᠦᠳᠡᠯᠭᠡᠭᠡᠨ ᠪᠠᠶᠢᠵᠤ᠂  20 ᠳ᠋ᠤᠭᠠᠷ ᠵᠠᠭᠤᠨ ᠤ ᠵᠢᠷᠠᠭᠠᠳ ᠤᠨ ᠳᠤ ᠠᠮᠧᠷᠢᠺᠠ  ᠳᠤ ᠡᠭᠦᠰᠴᠡᠢ᠃ ᠳᠥᠭᠦᠮ ᠢᠶᠠᠷ ᠬᠡᠯᠡᠪᠡᠯ᠂ ᠫᠢᠺ ᠪᠥᠮᠪᠦᠭᠡ ᠪᠣᠯ ᠳᠠᠷᠤᠢ ᠲᠣᠮᠣ ᠬᠡᠯᠪᠡᠷᠢ ᠶᠢᠨ ᠫᠢᠩᠫᠤᠩ ᠪᠥᠮᠪᠥᠭᠡᠨ ᠤ ᠫᠠᠶᠢᠰᠠ ᠶᠢ ᠠᠪᠴᠤ᠂ ᠥᠳᠥᠨ ᠪᠥᠮᠪᠦᠭᠡ ᠶᠢᠨ ᠲᠠᠯᠠᠪᠠᠢ   ᠳᠤ ᠰᠦᠯᠢᠶᠣᠤ ᠲᠣᠣᠷ ᠪᠥᠮᠪᠦᠭᠡ ᠴᠤᠬᠢᠵᠦ᠂  ᠨᠢᠭᠡ ᠨᠢᠭᠡ ᠪᠠᠷ ᠴᠣᠬᠢᠬᠤ᠂  ᠬᠤᠤᠰ ᠢᠶᠠᠷ ᠴᠣᠬᠢᠬᠤ ᠪᠤᠶᠤ  ᠬᠤᠯᠢᠯᠳᠤᠨ ᠬᠤᠣᠰᠯᠠᠨ ᠴᠣᠬᠢᠬᠤ ᠤᠷᠤᠯᠳᠤᠭᠠᠨ ᠶᠠᠪᠤᠭᠤᠯᠬᠤ  ᠪᠣᠯᠣᠨ᠎ᠠ᠃ ᠲᠡᠷᠡ ᠨᠢ ᠲᠣᠣᠷ ᠪᠥᠮᠪᠦᠭᠡ᠂ ᠥᠳᠥᠨ ᠪᠥᠮᠪᠦᠭᠡ ᠪᠠ ᠫᠢᠩᠫᠠᠩ ᠪᠥᠮᠪᠦᠭᠡ ᠶᠢᠨ ᠣᠨᠴᠠᠯᠢᠭ ᠲᠠᠢ ᠤᠶᠠᠯᠳᠤᠭᠤᠯᠵᠤ᠂ ︽ᠭᠤᠷᠪᠠᠨ ᠬᠢᠯᠪᠠᠷ᠂ ᠨᠢᠭᠡ ᠳᠣᠣᠷ᠎ᠠ ᠨᠢᠭᠡ ᠥᠨᠳᠥᠷ︾ ᠭᠡᠬᠦ ᠢᠯᠡ ᠲᠣᠳᠣ ᠣᠨᠴᠠᠯᠢᠭ ᠲᠠᠢ ᠪᠠᠶᠢᠳᠠᠭ ︔ ᠮᠡᠷᠭᠡᠵᠢᠯ ᠢ ᠡᠵᠡᠮᠰᠢᠬᠦ ᠳᠤ ᠬᠢᠯᠪᠠᠷ᠂ ᠲᠠᠯᠠᠪᠤᠷ ᠲᠣᠬᠢᠷᠠᠭᠤᠯᠬᠤ ᠳᠤ ᠬᠢᠯᠪᠠᠷ᠂ ᠪᠠᠭᠠᠵᠢ ᠬᠡᠷᠡᠭᠰᠡᠯ ᠲᠥᠬᠦᠭᠡᠷᠦᠮᠵᠢ ᠶᠢ ᠰᠢᠢᠳᠪᠦᠷᠢᠯᠡᠬᠦ ᠳᠤ ᠬᠢᠯᠪᠠᠷ᠂ ᠮᠡᠷᠭᠡᠵᠢᠯ ᠤᠨ ᠱᠠᠭᠠᠷᠳᠠᠯᠭ᠎ᠠ ᠨᠡᠯᠢᠶᠡᠳ ᠳᠣᠣᠷ᠎ᠠ᠂ ᠰᠣᠨᠢᠷᠬᠠᠯᠲᠤ ᠴᠢᠨᠠᠷ ᠢᠶᠠᠷ ᠮᠠᠰᠢ ᠥᠨᠳᠥᠷ ᠪᠠᠶᠢᠳᠠᠭ᠃ ᠲᠡᠷᠡ ᠮᠦᠷᠳᠡᠭᠡᠨ ᠬᠦᠳᠡᠯᠬᠡᠬᠡᠨ ᠤ ᠬᠦᠴᠦᠯᠡᠴᠡ ᠨᠢ ᠲᠤᠬᠢᠷᠠᠮᠵᠢᠳᠠᠢ᠂ ᠦᠳᠡᠯᠦᠬᠡ  ᠪᠠᠭᠠᠴᠤᠳ ᠲᠤ  ᠴᠦᠮ ᠲᠤᠬᠢᠷᠠᠮᠵᠢᠳᠠᠢ᠂ ᠠᠮᠠᠷᠬᠠᠨ ᠰᠢᠷᠬᠠᠳᠤᠳᠠᠭ ᠦᠬᠡᠢ᠂ ᠦᠷᠬᠡᠨ ᠳᠡᠯᠬᠡᠷ ᠴᠢᠨᠠᠷ᠂ ᠵᠤᠭ᠎ᠠ ᠴᠡᠩᠭᠡᠯ ᠤᠨ ᠴᠢᠨᠠᠷ᠂ ᠰᠤᠨᠢᠷᠬᠠᠯᠳᠦ ᠴᠢᠨᠠᠷ ᠪᠠ ᠠᠵᠦ ᠠᠬᠤᠢ ᠶᠢᠨ ᠴᠢᠨᠠᠷ᠂ ᠠᠮᠤᠷ ᠲᠦᠪᠰᠢᠨ ᠴᠢᠨᠠᠷ ᠵᠡᠷᠬᠡ ᠤᠯᠠᠨ ᠵᠦᠢᠯ ᠤᠨ ᠲᠠᠪᠠᠭᠤᠯᠢᠭ ᠲᠠᠯ᠎ᠠ ᠲᠠᠢ᠃ 2024 ᠣᠨ ᠳᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ  ᠳᠤ ᠫᠢᠺ ᠪᠥᠮᠪᠦᠭᠡ ᠶᠢ ᠠᠩᠬ᠎ᠠ ᠤᠳᠠᠭ᠎ᠠ ᠲᠣᠭᠯᠠᠯᠲᠠ ᠶᠢᠨ ᠲᠥᠷᠥᠯ ᠵᠦᠢᠯ ᠳᠤ ᠣᠷᠣᠭᠤᠯᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号