ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠃ 10 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠪᠥᠬᠦ | ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ | ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ᠃ ᠪᠣᠯᠪᠠᠰᠤᠷᠠᠯ ᠨᠢ ᠠᠵᠢᠯ ᠲᠦᠷᠦᠯ ᠤᠨ ᠲᠤᠳᠤᠷ᠎ᠠ ᠪᠠᠨ | ᠨᠡᠷ᠎ᠡ ᠲᠦᠷᠦ ᠲᠠᠢ ᠲᠠᠪᠤᠨ ᠪᠠᠭᠰᠢ ᠶᠢ ᠣᠨᠴᠠᠭᠠᠶᠢᠯᠠᠨ ᠤᠷᠢᠵᠤ᠂ ᠰᠣᠨᠢᠨ ᠮᠡᠳᠡᠭᠡᠨ ᠤ ᠮᠡᠳᠡᠭᠡᠯᠡᠯ ᠤᠨ ᠬᠠᠷᠠᠭᠠᠰᠤ | ᠵᠢᠴᠢ ᠰᠤᠷᠪᠤᠯᠵᠢᠯᠠᠬᠤ ᠰᠡᠳᠬᠢᠴᠡ᠂ ᠴᠠᠭ ᠤᠨ ᠤᠯᠤᠰ ᠲᠦᠷᠦ ᠶᠢᠨ ᠰᠣᠨᠢᠨ ᠮᠡᠳᠡᠭᠡᠨ ᠤ ᠳᠦᠷᠰᠦ | ᠰᠢᠩᠭᠡᠭᠡᠯᠲᠡ ᠶᠢᠨ ᠨᠠᠶᠢᠷᠠᠭᠤᠯᠭ᠎ᠠ ᠶᠢᠨ ᠱᠠᠭᠠᠷᠳᠠᠯᠭ᠎ᠠ ᠪᠣᠯᠤᠨ ᠠᠷᠠᠳ ᠤᠨ ᠠᠮᠢᠳᠤᠷᠠᠯ ᠤᠨ ᠰᠣᠨᠢᠨ ᠮᠡᠳᠡᠭᠡᠨ ᠤ | ᠰᠤᠷᠪᠤᠯᠵᠢᠯᠠᠭ᠎ᠠ ᠶᠢᠨ ᠤᠷ᠎ᠠ ᠮᠡᠷᠭᠡᠵᠢᠯ᠂ ᠬᠠᠮ ᠵᠠᠭᠤᠴᠢᠯᠠᠭᠤᠷ ᠤᠨ ᠴᠠᠭ ᠦᠶ᠎ᠡ ᠳᠤ ᠬᠡᠷᠬᠢᠨ ᠭᠠᠳᠠᠭᠠᠳᠤ ᠶᠡᠭᠡ | ᠤᠬᠠᠭᠤᠯᠭ᠎ᠠ ᠶᠢᠨ ᠪᠠᠶᠢᠷᠢᠰᠢᠯ ᠢ ᠪᠠᠶᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪ ᠢᠶᠠᠷ | ᠬᠢᠴᠢᠶᠡᠯᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠨᠢᠨ ᠮᠡᠳᠡᠭᠡᠨ ᠤ ᠤᠬᠠᠭᠤᠯᠭ᠎ᠠ ᠶᠢᠨ | ᠡᠩᠨᠡᠭᠡᠨ ᠤ ᠪᠦᠬᠦᠯᠢ ᠴᠣᠭᠴᠠ ᠶᠢᠨ ᠴᠢᠳᠠᠪᠤᠷᠢ ᠪᠣᠯᠤᠨ ᠮᠡᠳᠡᠭᠡᠯᠡᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠪᠡ᠃ | ᠡᠯ᠎ᠡ ᠰᠤᠮᠤ ᠰᠢᠶᠠᠩ ᠪᠠᠯᠭᠠᠰᠤᠨ ᠤ ᠤᠬᠠᠭᠤᠯᠬᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ | ᠪᠠᠶᠢᠭᠤᠯᠭ᠎ᠠ ᠨᠢᠭᠡᠴᠡ ᠶᠢᠨ ᠤᠬᠠᠭᠤᠯᠬᠤ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠺᠠᠳ᠋ᠷ ᠠᠵᠢᠯᠲᠠᠨ᠂ ᠳᠠᠷᠬᠠᠨ ᠮᠤᠤᠮᠢᠩᠭᠠᠨ ᠬᠤᠯᠪᠤᠭᠠᠳᠤ | ᠬᠤᠰᠢᠭᠤᠨ ᠤ ᠲᠣᠰ ᠭᠠᠵᠠᠷ ᠣᠷᠣᠨ ᠤ ᠪᠠᠨ ᠬᠤᠪᠢ ᠶᠢᠨ ᠵᠠᠭᠤᠴᠢᠯᠠᠭᠤᠷ ᠤᠨ ᠬᠥᠮᠦᠰ ᠤᠨ ᠲᠥᠯᠥᠭᠡᠯᠡᠭᠴᠢ | ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ | ᠪᠤᠭᠤᠲᠤ ᠶᠢᠨ ᠰᠤᠷᠪᠤᠯᠵᠢᠯᠠᠭᠴᠢ ᠶᠢᠨ ᠥᠷᠲᠡᠭᠡ ᠶᠢᠨ ᠳᠠᠷᠤᠭ᠎ᠠ ᠱᠠᠨ ᠵᠢᠶ ᠮᠧᠶ᠂ ᠪᠤᠭᠤᠲᠤ ᠬᠤᠲᠠ ᠶᠢᠨ ᠨᠠᠮ ᠤᠨ | ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠰᠦᠯᠵᠢᠶᠡᠨ ᠤ ᠬᠠᠤᠯᠢ ᠬᠡᠷᠡᠭᠵᠢᠭᠦᠯᠬᠦ | ᠰᠠᠯᠠᠭᠠᠨ ᠤ ᠳᠠᠷᠤᠭ᠎ᠠ ᠵᠣᠣ ᠷᠧᠨ ᠭᠦᠸᠧ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠪᠤᠭᠤᠲᠤ ᠶᠢᠨ | ᠰᠤᠷᠪᠤᠯᠵᠢᠯᠠᠭᠴᠢ ᠶᠢᠨ ᠥᠷᠲᠡᠭᠡ ᠶᠢᠨ ᠰᠤᠷᠪᠤᠯᠵᠢᠯᠠᠭᠴᠢ ᠶᠠᠨ ᠪᠢᠩ᠂ ᠥᠪᠥᠷ ᠮᠣᠩᠭᠤᠯ ᠤᠨ ᠡᠳᠦᠷ ᠤᠨ ᠰᠣᠨᠢᠨ ᠤ | ᠬᠤᠷᠢᠶ᠎ᠠ ᠶᠢᠨ ᠪᠤᠭᠤᠲᠤ ᠶᠢᠨ ᠰᠤᠷᠪᠤᠯᠵᠢᠯᠠᠭᠴᠢ ᠶᠢᠨ ᠥᠷᠲᠡᠭᠡ ᠶᠢᠨ ᠳᠠᠷᠤᠭ᠎ᠠ ᠼᠠᠢ ᠳ᠋ᠦᠩ ᠮᠧᠶ᠂ ᠰᠢᠨ ᠯᠠᠩ | ᠥᠪᠥᠷ ᠮᠣᠩᠭᠤᠯ ᠤᠨ ᠶᠡᠷᠦᠩᠬᠡᠶ ᠨᠠᠶᠢᠷᠠᠭᠤᠯᠤᠭᠴᠢ ᠼᠤᠤ ᠶᠠᠩ ᠲᠠᠪᠤᠨ ᠬᠢᠴᠢᠶᠡᠯᠯᠡᠬᠦ ᠪᠠᠭᠰᠢ ᠥᠪᠡᠷ ᠦᠪᠡᠷ ᠤᠨ | ᠣᠯᠠᠨ ᠵᠢᠯ ᠤᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠠᠮᠢᠳᠤᠯᠢᠭ ᠪᠥᠭᠡᠳ ᠰᠢᠨ᠎ᠡ ᠰᠣᠷᠭᠤᠭ | ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠪᠣᠯᠪᠠᠰᠤᠷᠠᠭᠤᠯᠤᠯ ᠳᠤ ᠣᠷᠣᠯᠴᠠᠭᠰᠠᠳ ᠢ ᠳᠠᠭᠠᠭᠤᠯᠤᠨ ᠬᠠᠮ | ᠵᠠᠭᠤᠴᠢᠯᠠᠭᠤᠷ ᠤᠨ ᠴᠠᠭ ᠦᠶ᠎ᠡ ᠳᠤ ᠰᠣᠨᠢᠨ ᠮᠡᠳᠡᠭᠡᠨ ᠤ ᠤᠬᠠᠭᠤᠯᠭ᠎ᠠ ᠶᠢᠨ ᠨᠥᠯᠥᠭᠡᠯᠡᠬᠦ ᠬᠦᠴᠦᠨ ᠢ ᠬᠡᠷᠬᠢᠨ | ᠳᠡᠭᠡᠭᠰᠢᠯᠡᠭᠦᠯᠬᠦ᠂ ᠰᠣᠨᠢᠨ ᠮᠡᠳᠡᠭᠡ ᠶᠢ ᠬᠡᠷᠬᠢᠨ ᠵᠥᠪ ᠣᠨᠣᠪᠴᠢᠲᠠᠶ ᠴᠤᠭᠯᠠᠭᠤᠯᠤᠨ ᠪᠢᠴᠢᠬᠦ ᠵᠡᠷᠭᠡ ᠠᠭᠤᠯᠭ᠎ᠠ ᠶᠢ | ᠭᠦᠨᠵᠡᠭᠡᠶ ᠰᠤᠷᠤᠯᠴᠠᠵᠤ᠂ ᠰᠢᠨᠵᠢᠯᠡᠬᠦ ᠤᠬᠠᠭᠠᠨᠴᠢ ᠨᠠᠷᠢᠨ ᠬᠢᠨᠠᠮᠠᠭᠠᠢ ᠣᠨᠣᠯ ᠂ ᠭᠦᠨᠵᠡᠭᠡᠶ ᠪᠥᠭᠡᠳ ᠣᠶᠢᠯᠠᠭᠠᠮᠵᠢᠲᠠᠶ | ᠲᠠᠶᠢᠯᠪᠤᠷᠢᠯᠠᠯᠳᠠ ᠨᠢ ᠪᠤᠯᠪᠠᠰᠤᠷᠠᠯ ᠳᠤ ᠤᠷᠤᠯᠴᠠᠭᠰᠠᠳ ᠤᠨ ᠰᠠᠶᠢᠨ ᠦᠨᠡᠯᠡᠯᠳᠡ ᠶᠢ ᠤᠯᠪᠠ ᠃ | ᠪᠢᠷ ᠢᠶᠠᠨ ᠰᠠᠶᠢᠨ ᠪᠤᠯᠪᠠᠰᠤᠷᠠᠭᠤᠯᠵᠤ᠂ ᠳᠡᠷᠭᠡᠳᠡᠬᠢ ᠶᠠᠪᠤᠳᠠᠯ ᠢᠶᠠᠨ ᠰᠠᠶᠢᠬᠠᠨ ᠶᠠᠷᠢᠶ᠎ᠠ᠃ ᠲᠣᠰ ᠤᠳᠠᠭᠠᠨ ᠤ | ᠪᠣᠯᠪᠠᠰᠤᠷᠠᠭᠤᠯᠤᠯ ᠨᠢ ᠪᠥᠬᠦ ᠬᠤᠰᠢᠭᠤᠨ ᠤ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠡᠩᠨᠡᠭᠡ ᠶᠢᠨ ᠰᠣᠨᠢᠨ | ᠮᠡᠳᠡᠭᠡᠨ ᠤ ᠬᠡᠪ ᠪᠣᠯᠪᠠᠰᠤᠷᠠᠯ ᠪᠠ ᠲᠤᠰᠬᠠᠶ ᠮᠡᠷᠭᠡᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠡᠭᠦᠨ ᠤ ᠤᠯᠠᠮ ᠠᠴᠠ ᠴᠠᠭ ᠦᠶ᠎ᠡ ᠶᠢᠨ ᠲᠠᠭᠤᠨ ᠢ ᠨᠠᠩ ᠰᠠᠶᠢᠨ ᠳᠠᠮᠵᠢᠭᠤᠯᠵᠤ᠂ ᠲᠠᠷᠬᠠᠨ ᠮᠤᠤᠮᠢᠩᠭᠠᠨ ᠤ | ᠥᠯᠢᠭᠡᠷ ᠢ ᠨᠡᠩ ᠰᠠᠶᠢᠨ ᠶᠠᠷᠢᠬᠤ ᠪᠤᠯᠤᠨ᠎ᠠ ᠃ ᠪᠣᠯᠪᠠᠰᠤᠷᠠᠯ ᠳᠤ ᠣᠷᠣᠯᠴᠠᠭᠰᠠᠳ ᠂ ᠲᠤᠰ ᠤᠳᠠᠭ᠎ᠠ ᠶᠢᠨ | ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ | ᠴᠢᠩᠭᠠᠳᠬᠠᠵᠤ᠂ ︽ᠬᠦᠯ ᠤᠨ ᠴᠢᠳᠠᠪᠤᠷᠢ᠂ ᠨᠢᠳᠤᠨ ᠤ ᠴᠢᠳᠠᠪᠤᠷᠢ᠂ ᠤᠶᠤᠨ ᠤ ᠴᠢᠳᠠᠪᠤᠷᠢ᠂ ᠪᠢᠷ ᠤᠨ ᠬᠦᠴᠦᠨ︾ | ᠢ ᠦᠢᠯᠡᠳᠦᠯᠭᠡᠵᠢᠭᠦᠯᠬᠦ ᠳᠡᠭᠡᠷ᠎ᠡ ᠬᠦᠴᠦ ᠲᠠᠯᠪᠢᠵᠤ᠂ ᠲᠤᠰ ᠪᠡᠶ᠎ᠡ ᠶᠢᠨ ᠲᠦᠪᠰᠢᠨ ᠪᠣᠯᠤᠨ ᠴᠢᠳᠠᠪᠤᠷᠢ ᠪᠠᠨ | ᠳᠡᠭᠡᠭᠰᠢᠯᠡᠭᠦᠯᠵᠦ᠂ ᠢᠯᠡᠭᠦᠬᠡᠨ ᠪᠣᠳᠣᠯᠬᠢᠯᠠᠵᠤ᠂ ᠭᠦᠨᠵᠡᠭᠡᠢ ᠰᠤᠷᠤᠯᠴᠠᠵᠤ᠂ ᠨᠠᠷᠢᠨ ᠣᠶᠢᠯᠠᠭᠠᠵᠤ᠂ ᠳᠠᠷᠬᠠᠨ | ᠮᠤᠤᠮᠢᠩᠭᠠᠨ ᠬᠤᠯᠪᠤᠭᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠵᠠᠭᠤᠴᠢᠯᠠᠭᠤᠷ ᠤᠨ ᠬᠦᠴᠦᠨ ᠴᠢᠳᠠᠯ ᠢᠶᠠᠨ ᠡᠷᠭᠦᠨ᠎ᠡ ᠬᠡᠵᠦ ᠢᠯᠡᠷᠭᠡᠶᠢᠯᠡᠵᠡᠭᠡᠪᠡ᠃ | | | | | | | | | |