ᠲᠡᠭᠷᠢ ᠬᠦᠢᠳᠡᠨ ᠪᠤᠯᠪᠠᠴᠤ ᠬᠦᠮᠥᠰ ᠤᠨ ᠰᠡᠳᠬᠢᠯ ᠳᠤᠯᠠᠭᠠᠨ᠂ ᠪᠢ ᠲᠠᠷᠬᠠᠨ ᠮᠣᠣᠮᠢᠩᠭᠠᠨ ᠳᠤ ᠮᠠᠰᠢ ᠰᠠᠶᠢᠨ ᠠᠵᠢᠯᠯᠠᠵᠤ ᠪᠠᠶᠢᠨ᠎ᠠ
ᠨᠡᠶᠢᠲᠡᠯᠡᠭᠰᠡᠨ ᠴᠠᠭ᠄
2024/10/27
      ︽ᠲᠤᠩ ᠴᠦ ᠲᠦᠭᠦᠮ ᠪᠠᠶᠢᠨ᠎ᠠ︕ ᠠᠵᠢᠯ ᠠᠴᠠ  ᠪᠠᠨ ᠪᠠᠭᠤᠭᠠᠳ ᠪᠠᠰᠠ ᠪᠤᠭᠤᠳᠤ ᠳᠤ ᠬᠠᠷᠢᠬᠤ ᠲᠡᠷᠭᠡ  ᠲᠠᠢ᠃︾      ︽ᠡᠨᠡ ᠨᠡᠶᠢᠳᠡ ᠶᠢᠨ ᠲᠡᠷᠭᠡ ᠨᠢᠭᠡ ᠤᠳᠠᠭ᠎ᠠ ᠳᠤ ᠬᠤᠷᠢᠨ ᠲᠠᠪᠤᠬᠠᠨ ᠲᠦᠭᠦᠷᠢᠭ᠂ ᠲᠤᠶᠢᠯ ᠤᠨ ᠬᠢᠮᠳᠠᠬᠠᠨ︕      ︽ᠡᠨᠡ ᠨᠡᠶᠢᠲᠡ ᠶᠢᠨ ᠮᠠᠰᠢᠨ ᠲᠡᠷᠭᠡ ᠨᠡᠪᠲᠡᠷᠡᠭᠰᠡᠨ ᠤ ᠬᠤᠶᠢᠰᠢ᠂ ᠬᠡᠦᠬᠡᠳ  ᠤᠨ ᠨᠣᠮ ᠦᠵᠡᠬᠦ ᠳᠤ ᠪᠠᠰᠠ ᠳᠥᠭᠦᠮ᠂ ᠭᠠᠷᠠᠭ ᠤᠨ ᠰᠡᠭᠦᠯᠴᠢ ᠪᠠᠷ ᠪᠢᠳᠡ ᠬᠡᠦᠬᠡᠳ ᠢᠶᠠᠨ ᠡᠷᠭᠢᠵᠦ ᠦᠵᠡᠬᠦ ᠪᠠᠷ ᠣᠴᠢᠬᠤ ᠳᠤ ᠪᠠᠰᠠ ᠳᠥᠭᠦᠮ︾ ᠭᠡᠪᠡ ᠁      10 ᠰᠠᠷ᠎ᠠ ᠶᠢᠨ 25 ︵ᠭᠠᠷᠠᠭ ᠤᠨ ᠲᠠᠪᠤᠨ︶ ᠤ ᠦᠳᠡᠰᠢ ᠪᠣᠯᠬᠤ ᠦᠶ᠎ᠡ ᠳᠤ᠂ ᠨᠢᠭᠡ ᠬᠥᠬᠡ ᠥᠩᠭᠡᠲᠡᠶ ᠲᠣᠮᠣ ᠮᠠᠰᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠲᠡᠷᠭᠡᠨ ᠵᠣᠭᠰᠣᠭᠠᠯ ᠳᠡᠭᠡᠷ᠎ᠡ ᠵᠣᠭᠰᠣᠵᠤ ᠪᠠᠶᠢᠯ᠎ᠠ᠂ ᠡᠨᠡ ᠪᠣᠯ ᠲᠠᠷᠤᠢ ᠣᠶᠢᠷ᠎ᠠ ᠳᠤ ᠨᠡᠪᠲᠡᠷᠡᠭᠰᠡᠨ D5 ᠳᠠᠷᠬᠠᠨ ᠮᠤᠤᠮᠢᠩᠭᠠᠨ ᠤ ᠠᠵᠢᠯᠯᠠᠬᠤ ᠭᠠᠵᠠᠷ ᠪᠠ ᠰᠤᠷᠠᠭᠠᠭᠤᠯᠢ ᠳᠤ ᠨᠡᠪᠳᠡᠷᠡᠬᠦ ᠳᠤᠰᠬᠠᠢ ᠳᠣᠭᠳᠠᠭᠠᠭᠰᠠᠨ ᠨᠡᠶᠢᠲᠡ ᠶᠢᠨ ᠮᠠᠰᠢᠨ ᠲᠡᠷᠭᠡ ᠪᠣᠯᠤᠨ᠎ᠠ᠃ ᠠᠶᠠᠨᠴᠢᠳ ᠲᠤ ᠨᠠᠩ ᠳᠥᠭᠦᠮ ᠳᠥᠲᠡ᠂ ᠲᠠᠭᠠᠯᠠᠮᠵᠢᠲᠠᠶ ᠣᠷᠴᠢᠨ ᠲᠣᠭᠤᠷᠢᠨ ᠢ ᠬᠠᠩᠭᠠᠬᠤ ᠶᠢᠨ ᠲᠥᠯᠥᠭᠡ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠲᠡᠷᠭᠡ ᠶᠢ ᠨᠠᠷᠢᠨ ᠬᠢᠨᠠᠮᠠᠭᠠᠶ ᠪᠠᠶᠢᠴᠠᠭᠠᠵᠤ᠂ ᠠᠮᠤᠷ ᠲᠦᠪᠰᠢᠨ ᠤ ᠴᠢᠳᠠᠮᠵᠢ ᠶᠢ ᠪᠠᠲᠤᠯᠠᠬᠤ ᠶᠢᠨ ᠬᠠᠮᠲᠤ ᠲᠡᠷᠭᠡᠨ ᠳᠣᠲᠣᠷᠠᠬᠢ ᠠᠷᠢᠭᠤᠨ ᠴᠡᠪᠡᠷ ᠢ ᠴᠠᠭ ᠲᠤᠬᠠᠶ ᠳᠤᠨᠢ ᠴᠡᠪᠡᠷᠯᠡᠵᠦ᠂ ᠠᠶᠠᠨᠴᠢᠳ ᠲᠡᠷᠭᠡᠨ ᠳᠤ ᠰᠠᠭᠤᠬᠤ ᠶᠠᠪᠤᠴᠠ ᠳᠤ ᠴᠡᠪᠡᠷ ᠴᠡᠮᠴᠡᠭᠡᠷ᠂ ᠲᠠᠭᠠᠯᠠᠮᠵᠢᠲᠠᠶ ᠣᠷᠴᠢᠨ ᠲᠣᠭᠤᠷᠢᠨ ᠢ ᠮᠡᠳᠡᠷᠡᠭᠦᠯᠪᠡ᠃      ᠦᠳᠡᠰᠢ ᠶᠢᠨ 5᠄ 30 ᠮᠢᠨᠦ᠋ᠲ ᠤᠨ ᠦᠶ᠎ᠡ ᠪᠠᠷ᠂ ᠠᠶᠠᠨᠴᠢᠳ ᠵᠠᠯᠭᠠᠭ᠎ᠠ ᠪᠠᠷ ᠲᠡᠷᠭᠡᠨ ᠳᠤ ᠭᠠᠷᠴᠤ᠂ 5᠄ 40 ᠪᠤᠯᠬᠤ ᠳᠤ ᠳᠤᠭᠳᠠᠭᠰᠠᠨ ᠴᠠᠭ ᠲᠤ ᠲᠡᠷᠭᠡ ᠬᠦᠳᠡᠯᠵᠦ᠂ ᠳᠤᠰᠬᠠᠢ ᠳᠣᠭᠳᠠᠭᠠᠭᠰᠠᠨ ᠨᠡᠶᠢᠲᠡ ᠶᠢᠨ ᠮᠠᠰᠢᠨ ᠲᠡᠷᠭᠡ ᠨᠢ ᠶᠠᠭ ᠯᠠ ᠨᠢᠭᠡ ᠵᠤᠷᠪᠤᠰ ᠳᠦᠭᠦᠮ ᠲᠦᠳᠡ ᠭᠤᠭᠴᠤᠭ᠎ᠠ ᠰᠢᠭ᠋ ᠂ ᠪᠤᠭᠤᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠶᠠᠷ ᠭᠠᠵᠠᠷ ᠢ ᠨᠢᠭᠲᠠ ᠬᠤᠯᠪᠣᠵᠠᠶ᠃ ︽ᠠᠵᠢᠯ ᠳᠤ ᠭᠠᠷᠬᠤ ᠲᠡᠷᠭᠡ ᠨᠡᠪᠲᠡᠷᠡᠭᠦᠯᠦᠭᠰᠡᠨ ᠨᠢ ᠮᠠᠨ ᠤ ᠬᠤᠲᠠ ᠲᠣᠭᠤᠷᠢᠭ ᠲᠤ ᠰᠠᠭᠤᠭ᠎ᠠ ᠠᠵᠢᠯᠴᠢᠨ ᠤ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠳᠤ ᠳᠥᠭᠦᠮ ᠪᠣᠯᠵᠠᠶ᠂ ᠳᠠᠬᠢᠵᠤ ᠵᠠᠮ ᠬᠥᠭᠡᠭᠡᠵᠦ ᠠᠵᠢᠯ ᠳᠤ ᠭᠠᠷᠬᠤ ᠶᠢᠨ ᠲᠥᠯᠥᠭᠡ ᠰᠠᠨᠠᠭ᠎ᠠ ᠵᠣᠪᠠᠭ᠋ᠤ ᠬᠡᠷᠡᠭ ᠦᠭᠡᠢ᠂ ᠲᠡᠷᠭᠡᠨ ᠳᠡᠭᠡᠷ᠎ᠡ ᠪᠠᠰᠠ ᠠᠮᠠᠷᠠᠵᠤ ᠪᠣᠯᠤᠨ᠎ᠠ᠂ ᠪᠠᠰᠠ ᠥᠪᠡᠷ ᠢᠶᠠᠨ ᠲᠡᠷᠭᠡ ᠵᠢᠯᠣᠭᠤᠳᠬᠤ ᠶᠢᠨ ᠠᠮᠤᠷ ᠲᠦᠪᠰᠢᠨ ᠤ ᠠᠰᠠᠭᠤᠳᠠᠯ ᠳᠤ ᠰᠠᠨᠠᠭ᠎ᠠ ᠵᠣᠪᠠᠭ᠋ᠤ ᠬᠡᠷᠡᠭ ᠦᠭᠡᠢ᠂ ᠦᠨ᠎ᠡ ᠬᠠᠩᠰᠢ ᠨᠢ ᠴᠦ ᠮᠠᠰᠢ ᠬᠢᠮᠳᠠ ᠶᠤᠮ︾᠃ ᠪᠤᠭᠤᠲᠤ ᠳᠤ ᠰᠠᠭᠤᠭᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠠᠵᠢᠯᠯᠠᠵᠤ ᠪᠠᠶᠢᠭ᠎ᠠ ᠯᠢᠦ ᠵᠢᠶᠠ ᠴᠢ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠠᠨ ᠤ ᠡᠳᠡᠭᠡᠷ ᠣᠨᠳᠣᠣ ᠭᠠᠵᠠᠷ ᠲᠤ ᠪᠠᠶᠢᠭ᠎ᠠ ᠠᠵᠢᠯᠴᠢᠨ ᠤ ᠡᠯ᠎ᠡ ᠲᠠᠯ᠎ᠠ ᠶᠢ ᠮᠠᠰᠢ ᠬᠠᠷᠠᠭᠠᠯᠵᠠᠵᠤ᠂ ᠬᠤᠭᠤᠯᠠ ᠢᠳᠡᠬᠦ ᠳᠡᠭᠡᠨ ᠵᠠᠰᠠᠭ ᠤᠨ ᠣᠷᠳᠣᠨ ᠤ ᠬᠤᠭᠤᠯᠠᠨ ᠭᠡᠷ ᠲᠤ ᠣᠴᠢᠵᠤ᠂ ᠬᠤᠨᠣᠵᠤ ᠰᠠᠭᠤᠬᠤ ᠳᠠᠭᠠᠨ ᠴᠢᠳᠠᠪᠤᠷᠢᠲᠠᠨ ᠤ ᠪᠠᠶᠢᠷᠢ ᠪᠣᠯᠤᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠵᠤ ᠪᠣᠯᠤᠨ᠎ᠠ᠂ ᠶᠡᠷᠦᠩᠬᠡᠢ ᠳᠤᠨᠢ ᠬᠡᠯᠡᠪᠡᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠪᠢᠳᠡᠨ ᠰᠢᠭ ᠡᠳᠡᠭᠡᠷ ᠣᠨᠳᠣᠣ ᠭᠠᠵᠠᠷ ᠤᠨ ᠠᠵᠢᠯᠴᠢᠨ ᠳᠤ ᠮᠠᠰᠢ ᠤᠯᠠᠨ ᠬᠠᠶᠢᠷ᠎ᠠ ᠬᠠᠯᠠᠮᠵᠢ ᠣᠯᠭᠤᠵᠤ᠂ ᠪᠢᠳᠡᠨ ᠢ ᠰᠠᠨᠠᠭᠠᠰᠢᠷᠠᠨ ᠵᠣᠪᠠᠨᠢᠭᠤᠯᠬᠤ ᠦᠭᠡᠢ ᠪᠠᠷ ᠨᠡᠩ ᠰᠠᠶᠢᠨ ᠠᠵᠢᠯᠯᠠᠭᠤᠯᠵᠤ ᠪᠠᠶᠢᠨ᠎ᠠ︾ ᠭᠡᠵᠦ ᠬᠡᠯᠡᠪᠡ᠃      ᠨᠡᠪᠳᠡᠷᠡᠭᠰᠡᠨ ᠨᠢ ᠲᠡᠷᠭᠡ᠂ ᠬᠤᠯᠪᠤᠭᠰᠠᠨ ᠨᠢ ᠵᠢᠷᠦᠬᠡ ᠶᠤᠮ᠃ ᠨᠡᠶᠢᠲᠡ ᠶᠢᠨ ᠮᠠᠰᠢᠨ ᠲᠡᠷᠭᠡᠨ ᠤ ᠨᠡᠪᠲᠡᠷᠡᠬᠦ ᠵᠠᠮ ᠨᠢ ᠬᠤᠶᠠᠷ ᠭᠠᠵᠠᠷ ᠤᠨ ᠬᠥᠭᠵᠢᠯᠲᠡ ᠶᠢᠨ ︽ᠭᠤᠣᠯ ᠰᠤᠳᠠᠰᠤ︾ ᠶᠢ ᠨᠡᠪᠲᠡᠷᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ︽ᠪᠢᠴᠢᠯ ᠡᠷᠭᠢᠯᠲᠡ︾ ᠶᠢ ᠨᠡᠩ ᠰᠠᠭᠠᠳ ᠦᠭᠡᠢ ᠨᠡᠪᠲᠡᠷᠡᠭᠦᠯᠪᠡ᠃ ︽ᠡᠨᠡ ᠬᠦ ᠲᠣᠭᠲᠠᠭᠰᠠᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠨᠡᠭᠡᠭᠡᠬᠦ ᠨᠢ ᠮᠠᠨ ᠤ ᠡᠩ ᠤᠨ ᠦᠶ᠎ᠡ ᠳᠤ ᠪᠤᠭᠤᠲᠤ ᠳᠤ ᠢᠷᠡᠵᠦ ᠶᠠᠪᠤᠬᠤ ᠠᠵᠢᠯ ᠳᠤ ᠪᠠᠶᠢᠭ᠎ᠠ ᠠᠵᠢᠯᠲᠠᠳ ᠲᠤ ᠠᠪᠴᠤ ᠬᠡᠯᠡᠪᠡᠯ ᠮᠠᠰᠢ ᠳᠥᠭᠦᠮ ᠶᠤᠮ᠂ ᠢᠯᠠᠩᠭᠤᠶ᠎ᠠ ᠲᠡᠭᠦᠨ ᠤ ᠴᠠᠭ  ᠤᠨ ᠲᠤᠬᠢᠷᠠᠭᠤᠯᠭ᠎ᠠ ᠨᠢ ᠮᠠᠰᠢ ᠲᠣᠬᠢᠷᠠᠮᠵᠢᠲᠠᠶ᠂ ᠨᠢᠭᠡ ᠲᠠᠯ᠎ᠠ ᠪᠠᠷ ᠴᠠᠭ ᠤᠨ ᠥᠪᠡᠷ ᠤᠨ ᠥᠷᠲᠡᠭ ᠢ ᠪᠠᠭᠤᠷᠠᠭᠤᠯᠵᠤ᠂ ᠨᠥᠭᠦᠭᠡ ᠲᠠᠯ᠎ᠠ ᠪᠠᠷ ᠪᠠᠰᠠ ᠥᠪᠡᠷ ᠢᠶᠠᠨ ᠲᠡᠷᠭᠡ ᠵᠢᠯᠤᠭᠤᠳᠬᠤ ᠴᠢᠬᠤᠯᠠ ᠦᠭᠡᠢ᠂ ᠨᠠᠩ ᠠᠮᠤᠷ ᠲᠦᠪᠰᠢᠨ ᠪᠣᠯᠵᠠᠢ︾ ᠭᠡᠵᠦ ᠠᠶᠠᠨᠴᠢᠨ ᠯᠢᠦ ᠢᠦᠢ ᠴᠢ ᠬᠡᠯᠡᠪᠡ᠃  ᠡᠨᠡ ᠬᠦ ᠨᠡᠶᠢᠲᠡ ᠶᠢᠨ ᠮᠠᠰᠢᠨ ᠲᠡᠷᠭᠡ ᠰᠤᠷᠭᠠᠭᠤᠯᠢ ᠳᠤ ᠤᠴᠢᠬᠤ ᠪᠠ ᠠᠵᠢᠯ ᠳᠤ ᠭᠠᠷᠬᠤ ᠬᠥᠮᠦᠰ ᠲᠤ ᠮᠠᠰᠢ ᠶᠡᠭᠡ ᠲᠥᠬᠦᠮ ᠦᠵᠡᠭᠦᠯᠦᠭᠰᠡᠨ ᠪᠥᠭᠡᠳ ᠪᠢᠯᠧᠲ ᠤᠨ ᠦᠨ᠎ᠡ ᠨᠢ ᠴᠦ ᠮᠠᠰᠢ ᠬᠢᠮᠳᠠ ᠶᠤᠮ︾ ᠭᠡᠵᠦ ᠠᠶᠠᠨᠴᠢᠨ ᠯᠢᠦ ᠢᠦᠶ ᠯᠸᠢ ᠬᠡᠯᠡᠪᠡ᠃ ᠠᠮᠤᠷ ᠲᠦᠪᠰᠢᠨ ᠂ ᠲᠠᠭᠠᠯᠠᠮᠵᠢᠲᠠᠶ᠂ ᠳᠥᠭᠦᠮ ᠳᠥᠲᠡ ᠲᠡᠷᠭᠡᠨ ᠳᠤ ᠰᠠᠭᠤᠬᠤ ᠣᠷᠴᠢᠨ ᠲᠣᠭᠤᠷᠢᠨ ᠨᠢ ᠠᠶᠠᠨᠴᠢᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃      ᠣᠶᠢᠯᠠᠭᠠᠭᠰᠠᠨ ᠢᠶᠠᠷ᠂ D5 ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠡᠶᠢᠲᠡ ᠶᠢᠨ ᠮᠠᠰᠢᠨ ᠲᠡᠷᠭᠡᠨ ᠤ ᠦᠷᠳᠡᠭᠡᠨ ᠴᠡᠭ ᠢ᠄ ᠲᠡᠮᠦᠷ ᠵᠠᠮ ᠤᠨ ᠪᠠᠷᠠᠭᠤᠨᠳᠠᠬᠢ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠪᠤᠭᠤᠳᠤ ᠪᠠᠲᠤᠬᠠᠭᠠᠯᠭ᠎ᠠ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠪᠠᠲᠤᠬᠠᠭᠠᠯᠭ᠎ᠠ ᠶᠢᠨ ᠵᠠᠰᠠᠭ ᠤᠨ ᠣᠷᠳᠣᠨ ᠤ ᠲᠡᠷᠭᠡᠨ ᠵᠣᠭᠰᠣᠭᠠᠯ ︵ᠶᠣᠰᠣᠯᠠᠯ ᠤᠨ ᠲᠠᠩᠬᠢᠮ ᠤᠨ ᠬᠤᠶᠢᠲᠤ ᠲᠠᠯ᠎ᠠ ᠶᠢᠨ ᠲᠡᠷᠭᠡᠨ ᠵᠣᠭᠰᠣᠭᠠᠯ︶  ᠭᠡᠵᠦ ᠲᠣᠬᠢᠷᠠᠭᠤᠯᠵᠠᠢ︔ ᠭᠠᠷᠠᠭ ᠤᠨ ᠲᠠᠪᠤᠨ  ᠤ17᠄ 40᠂ ᠭᠠᠷᠠᠭ ᠤᠨ ᠵᠢᠷᠭᠤᠭᠠᠨ ᠤ 18᠄ 00  ᠲᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠲᠡᠷᠭᠡᠨ ᠵᠣᠭᠰᠣᠭᠠᠯ ︵ᠶᠣᠰᠣᠯᠠᠯ ᠤᠨ ᠲᠠᠩᠬᠢᠮ ᠤᠨ ᠬᠤᠶᠢᠲᠤ ᠲᠠᠯ᠎ᠠ ᠶᠢᠨ ᠲᠡᠷᠭᠡᠨ ᠵᠣᠭᠰᠣᠭᠠᠯ︶   ᠠᠴᠠ  ᠲᠡᠮᠦᠷ ᠵᠠᠮ ᠤᠨ ᠪᠠᠷᠠᠭᠤᠨᠳᠠᠬᠢ ᠨᠡᠶᠢᠲᠡ ᠶᠢᠨ ᠮᠠᠰᠢᠨ ᠲᠡᠷᠭᠡᠨ ᠤ ᠥᠷᠲᠡᠭᠡ ︵5 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠬᠤᠶᠢᠲᠤ ᠰᠢᠯᠢ ᠶᠢᠨ ᠴᠢᠭᠯᠡᠯ︶ ᠬᠦᠷᠦᠨ᠎ᠡ︔ ᠭᠠᠷᠠᠭ ᠤᠨ ᠵᠢᠷᠭᠤᠭᠠᠨ᠄ ᠲᠡᠮᠦᠷ ᠵᠠᠮ ᠤᠨ ᠪᠠᠷᠠᠭᠤᠨ ᠬᠡᠰᠡᠭ ᠤᠨ 9᠄ 30᠂ ᠨᠢᠭᠡ ᠣᠷᠳᠣᠨ 10᠄ 00᠂ ᠪᠤᠭᠤᠳᠤ ᠪᠠᠲᠤᠬᠠᠭᠠᠯᠭ᠎ᠠ 10᠄20᠂ ᠭᠠᠷᠠᠭ ᠤᠨ ᠡᠳᠦᠷ᠄ ᠲᠡᠮᠦᠷ ᠵᠠᠮ ᠤᠨ ᠪᠠᠷᠠᠭᠤᠨ ᠬᠡᠰᠡᠭ  17᠄ 00᠂ ᠨᠢᠭᠡ ᠣᠷᠳᠣᠨ 17᠄ 30᠂ ᠪᠤᠭᠤᠲᠤ ᠵᠠᠭᠤᠨ17᠄ 50 ᠲᠡᠮᠦᠷ ᠵᠠᠮ ᠤᠨ ᠪᠠᠷᠠᠭᠤᠨᠳᠡᠬᠢ ᠨᠡᠶᠢᠲᠡ ᠶᠢᠨ ᠮᠠᠰᠢᠨ ᠲᠡᠷᠭᠡᠨ ᠤ ᠥᠷᠲᠡᠭᠡ ︵5 ᠵᠠᠮ ᠤᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠬᠤᠶᠢᠲᠤ ᠲᠠᠯ᠎ᠠ ᠶᠢᠨ ᠲᠡᠷᠭᠡᠨ ᠵᠣᠭᠰᠣᠭᠠᠯ︶  ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠲᠡᠷᠭᠡᠨ ᠵᠣᠭᠰᠣᠭᠠᠯ ︵ᠶᠣᠰᠣᠯᠠᠯ ᠤᠨ ᠲᠠᠩᠬᠢᠮ ᠤᠨ ᠬᠤᠶᠢᠲᠤ ᠲᠠᠯ᠎ᠠ ᠶᠢᠨ ᠲᠡᠷᠭᠡᠨ ᠵᠣᠭᠰᠣᠭᠠᠯ︶ ᠲᠤ ᠨᠡᠪᠲᠡᠷᠡᠨ᠎ᠡ᠃ ᠬᠤᠶᠠᠷ ᠭᠠᠵᠠᠷ ᠤᠨ ᠬᠢᠨ ᠵᠠᠮ ᠱᠤᠭᠤᠮ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠨᠠᠩ ᠲᠠᠭᠠᠯᠠᠮᠵᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠶᠠᠪᠤᠵᠤ ᠰᠠᠭᠤᠬᠤ ᠣᠶᠢᠯᠠᠭᠠᠯᠲᠠ ᠬᠠᠩᠭᠠᠬᠤ ᠪᠣᠯᠤᠨ᠎ᠠ᠃      ᠠᠶᠠᠨᠴᠢᠳ ᠤᠨ ᠪᠢᠯᠧᠲ ᠬᠤᠳᠠᠯᠳᠤᠨ ᠠᠪᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠲᠡᠷᠭᠡ ᠠᠷᠪᠢᠯᠠᠬᠤ ᠴᠠᠭ ᠲᠤ ᠠᠶᠠᠨᠴᠢᠳ ᠸᠢᠴᠠᠲ ᠤᠨ ᠵᠢᠵᠢᠭ ᠫᠷᠤᠭ᠍ᠷᠠᠮ ᠢᠶᠠᠷ ᠳᠠᠮᠵᠢᠭᠤᠯᠤᠨ ︽ᠴᠢᠨᠠᠷ ᠰᠠᠶᠢᠲᠠᠶ ᠨᠡᠶᠢᠲᠡ ᠶᠢᠨ ᠮᠠᠰᠢᠨ ᠲᠡᠷᠭᠡᠨ ᠤ ᠶᠤᠸᠠᠢ ᠰᠢᠩ ᠪᠤᠭᠤᠲᠤ ᠬᠤᠲᠠ︾ ᠶᠢᠨ ᠰᠦᠯᠵᠢᠶᠡᠨ ᠳᠡᠭᠡᠷ᠎ᠡ ᠦᠨᠡᠨ ᠨᠡᠷ᠎ᠡ ᠪᠠᠷ ᠪᠢᠯᠧᠲ ᠬᠤᠳᠠᠯᠳᠤᠨ ᠠᠪᠴᠤ ᠪᠣᠯᠤᠨ᠎ᠠ᠃ ᠡᠯᠧᠺᠲᠷᠣᠨ ᠬᠤᠶᠠᠷ ᠬᠡᠮᠵᠢᠯᠳᠦ ᠺᠣᠳ᠋ ᠤᠨ ᠲᠡᠷᠭᠡᠨ ᠪᠢᠯᠧᠲ ᠢᠶᠠᠷ ᠳᠠᠮᠵᠢᠨ ᠲᠡᠷᠭᠡᠨ ᠳᠤ ᠰᠠᠭᠤᠵᠤ᠂ ᠭᠠᠭᠴᠠ ᠤᠳᠠᠭᠠᠨ ᠤ ᠠᠶᠠᠯᠠᠯ25 ᠲᠥᠭᠦᠷᠢᠭ᠂ ᠬᠢᠨᠠᠨ ᠲᠤᠭᠳᠠᠭᠠᠭᠰᠠᠨ ᠠᠶᠠᠨᠴᠢᠨ ᠤ ᠲᠡᠭᠡᠭᠡᠪᠦᠷᠢᠯᠡᠯᠳᠡ 53 ᠬᠦᠮᠥᠨ᠂ ᠬᠤᠳᠠᠯᠳᠤᠵᠤ ᠲᠠᠭᠤᠰᠪᠠᠯ ᠬᠤᠳᠠᠯᠳᠤᠬᠤ ᠪᠠᠨ ᠵᠣᠭᠰᠤᠨ᠎ᠠ᠃      ᠡᠨᠡ ᠤᠳᠠᠭᠠᠨ ᠤ ᠨᠡᠶᠢᠲᠡ ᠶᠢᠨ ᠮᠠᠰᠢᠨ ᠲᠡᠷᠭᠡ ᠨᠡᠪᠲᠡᠷᠡᠭᠰᠡᠨ ᠨᠢ ᠬᠤᠶᠠᠷ ᠭᠠᠵᠠᠷ ᠤᠨ ᠬᠤᠭᠤᠷᠣᠨᠳᠣᠬᠢ ᠣᠷᠣᠨ ᠵᠠᠶ ᠶᠢᠨ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠰᠠᠭᠤᠭᠠᠯᠢ ᠠᠷᠠᠳ ᠭᠠᠳᠠᠭᠰᠢ ᠭᠠᠷᠬᠤ ᠥᠪᠡᠷ ᠤᠨ ᠥᠷᠲᠡᠭ ᠢ ᠪᠠᠭᠤᠷᠠᠭᠤᠯᠬᠤ ᠶᠢᠨ ᠬᠠᠮᠲᠤ ᠬᠤᠶᠠᠷ ᠬᠤᠲᠠ ᠶᠢᠨ ᠬᠤᠭᠤᠷᠣᠨᠳᠣ ᠨᠠᠩ ᠲᠥᠬᠦᠮ ᠪᠣᠯᠵᠤ᠂ ᠬᠤᠶᠠᠷ ᠭᠠᠵᠠᠷ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠪᠣᠯᠤᠨ᠎ᠠ᠃ ᠢᠷᠡᠭᠡᠳᠦᠢ ᠳᠤ ᠬᠤᠶᠠᠷ ᠭᠠᠵᠠᠷ ᠤᠨ ᠬᠢᠨ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢᠨ ᠠᠮᠢᠳᠤᠷᠠᠯ ᠤᠨ ᠬᠦᠷᠢᠶ᠎ᠡ ᠶᠢ ᠬᠠᠮᠲᠤᠪᠠᠷ ᠴᠣᠭᠴᠠᠯᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号