︽ᠡᠭᠦᠨ ᠠᠴᠠ ᠡᠮᠦᠨ᠎ᠡ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠠᠩᠬ᠎ᠠ ᠤᠳᠠᠭ᠎ᠠ ᠳᠡᠩᠰᠡᠯᠡᠨ | ᠲᠡᠮᠳᠡᠭᠯᠡᠬᠦ ᠶᠢ ᠬᠦᠢᠴᠡᠳᠭᠡᠭᠴᠢ ᠳᠡᠶᠢᠯᠦᠭᠰᠡᠨ ᠥᠬᠡᠶ ᠠᠴᠠ ᠪᠣᠯᠵᠣ ᠬᠡᠷ ᠪᠠᠶᠢᠰᠢᠩ ᠤᠨ ᠳᠡᠪᠲᠡᠷ ᠢ ᠭᠦᠢᠴᠡᠳᠭᠡᠬᠦ ᠶᠢᠨ | ᠠᠷᠭ᠎ᠠ ᠥᠬᠡᠶ ᠪᠣᠯᠵᠣ᠂ ᠡᠮᠦᠨ᠎ᠡ ᠬᠡᠰᠡᠭ ᠬᠤᠭᠤᠴᠠᠭᠠᠨ ᠳᠤ ᠥᠯᠥ ᠬᠥᠳᠡᠯᠬᠦ ᠬᠥᠷᠥᠩᠭᠡ ᠶᠢᠨ ᠲᠥᠪ ᠤᠨ | ᠠᠵᠢᠯᠲᠠᠨ ᠨᠠᠳᠠ ᠲᠠᠢ ᠬᠠᠷᠢᠯᠴᠠᠵᠤ᠂ ︿ᠦᠨᠡᠮᠯᠡᠯ ᠠᠪᠬᠤ ᠳᠤ ᠬᠦᠴᠢᠷᠲᠡᠶ﹀ ᠭᠡᠬᠦ ᠲᠡᠤᠭᠡ ᠶᠢᠨ ᠦᠯᠡᠳᠡᠭᠳᠡᠯ | ᠠᠰᠠᠭᠤᠳᠠᠯ ᠢ ᠰᠢᠢᠳᠪᠦᠷᠢᠯᠡᠵᠦ᠂ ᠪᠢᠳᠡᠨ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ | ᠬᠦᠢᠴᠡᠳᠭᠡᠵᠦ ᠥᠭᠴᠡᠶ᠂ ᠣᠲᠣ ᠦᠨᠡᠮᠯᠡᠯ ᠣᠯᠤᠭᠠᠳ ᠦᠨᠡᠬᠡᠷ ᠮᠠᠰᠢ ᠪᠠᠶᠠᠷᠯᠠᠵᠤ ᠪᠠᠶᠢᠨ᠎ᠠ︾ ᠬᠡᠵᠦ 10 | ᠰᠠᠷ᠎ᠠ ᠶᠢᠨ 15 ᠤ ᠡᠳᠦᠷ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠣᠯᠤᠭᠰᠠᠨ ᠮᠠᠨ ᠳ᠋ᠧ ᠯᠢ | ᠬᠤᠸᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠡᠷᠳᠡᠨᠢᠲᠦ ᠮᠠᠰᠢ ᠪᠠᠶᠠᠷ ᠬᠥᠷ ᠲᠠᠢ | ᠶᠠᠷᠢᠪᠠ ᠃ | ᠥᠮᠴᠢ ᠶᠢᠨ ᠡᠷᠬᠡ ᠶᠢᠨ ᠦᠨᠡᠮᠯᠡᠯ ᠨᠢ ᠠᠷᠠᠳ ᠤᠨ ᠠᠮᠢᠳᠤᠷᠠᠯ ᠳᠤ ᠬᠤᠯᠪᠣᠭᠳᠠᠨ᠎ᠠ᠃ ᠰᠠᠭᠤᠭᠠᠯᠢ | ᠠᠷᠠᠳ ᠤᠨ ᠲᠣᠰ ᠪᠡᠶ᠎ᠡ ᠶᠢᠨ ᠠᠰᠢᠭ ᠲᠤᠰᠠ ᠶᠢ ᠪᠠᠲᠤᠯᠠᠵᠤ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠡᠯ᠎ᠡ | ᠲᠥᠷᠥᠯ ᠤᠨ ᠲᠡᠤᠭᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠭᠠᠶᠢᠯᠢ ᠶᠢᠨ ᠶᠠᠪᠤᠳᠠᠯ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠮᠠᠨ ᠤ ᠬᠤᠰᠢᠭᠤᠨ ᠤ ᠣᠷᠣᠨ | ᠰᠠᠭᠤᠴᠠ ᠶᠢᠨ ᠥᠮᠴᠢᠯᠡᠬᠦ ᠡᠷᠬᠡ ᠶᠢᠨ ᠦᠨᠡᠮᠯᠡᠯ ᠬᠦᠢᠴᠡᠳᠭᠡᠬᠦ ᠠᠵᠢᠯ ᠢ ᠢᠳᠡᠪᠬᠢᠲᠡᠶ ᠠᠬᠢᠭᠤᠯᠪᠠ᠃ | ︽2024 ᠣᠨ ᠳᠤ ᠪᠥᠬᠦ ᠣᠷᠣᠨ ᠳᠤ ᠣᠯᠠᠨ ᠲᠦᠮᠡᠨ ᠤ ︿ᠦᠨᠡᠮᠯᠡᠯ ᠠᠪᠬᠤ ᠳᠤ ᠬᠦᠴᠢᠷᠲᠡᠶ﹀ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠢᠳᠡ ᠣᠯᠠᠨ ᠰᠠᠯᠠᠭ᠎ᠠ | ᠮᠥᠴᠢᠷ ᠬᠠᠮᠵᠢᠯᠴᠠᠨ ᠵᠥᠪᠳᠡᠯᠴᠡᠬᠦ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠪᠣᠯᠵᠣᠨ ᠶᠠᠷᠢᠯᠴᠠᠬᠤ᠂ ᠦᠨᠡᠮᠯᠡᠯ ᠬᠦᠢᠴᠡᠳᠭᠡᠬᠦ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠬᠦ᠂ ᠨᠢᠭᠡ | ᠴᠣᠩᠬᠤ ᠪᠠᠷ ᠬᠦᠢᠴᠡᠳᠭᠡᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠯᠡᠳᠡᠭᠳᠡᠯ ᠲᠥᠷᠥᠯ | ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠥᠬᠦᠶ ᠮᠠᠲ᠋ᠧᠷᠢᠶᠠᠯ ᠢ ᠨᠢᠭᠡᠳ | ᠨᠢᠭᠡ ᠪᠠᠷ ᠡᠮᠬᠢᠯᠡᠨ ᠳᠢᠭᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠢ ᠢᠳᠡᠪᠬᠢᠲᠡᠶ ᠳᠥᠯᠭᠢᠨ | ᠠᠬᠢᠭᠤᠯᠵᠤ᠂ ᠣᠳᠣᠬᠠᠨ ᠳᠤ ᠨᠢᠭᠡᠨᠲᠡ ᠮᠠᠨ ᠳ᠋ᠧ ᠯᠢ ᠬᠤᠸᠠ ᠶᠤᠸᠠᠨ᠂ ᠪᠠᠶ ᠯᠢᠩ ᠱᠠᠨ ᠵᠤᠸᠠᠩ᠂ ᠰᠢᠨ ᠮᠤᠤ ᠹᠦ᠋ | ᠵᠢᠶᠠ ᠶᠤᠸᠠᠨ᠂ ᠢᠦᠶ ᠴᠧᠨ ᠵᠢᠶᠠ ᠶᠤᠸᠠᠨ᠂ ᠷᠦᠢ ᠰᠢᠩ ᠵᠢᠵᠢᠭ ᠲᠣᠭᠤᠷᠢᠭ᠂ ᠶᠢᠨ ᠰᠢᠤ ᠬᠤᠸᠠ ᠶᠤᠸᠠᠨ | A6A8 ᠰᠠᠭᠤᠷᠢ᠂ ᠪᠠᠶ ᠹᠦ᠋ ᠰᠢᠩ ᠾᠧ ᠸᠠᠨ᠂ ᠬᠡ ᠾᠧ ᠵᠢᠶᠠ ᠶᠤᠸᠠᠨ᠂ ᠫᠦ᠋ ᠳ᠋ᠦᠩ ᠬᠤᠸᠠ ᠹᠦ᠋ ᠵᠡᠷᠭᠡ 9 | ᠰᠠᠭᠤᠭᠠᠯᠢ ᠠᠷᠠᠳ ᠤᠨ ᠲᠣᠭᠤᠷᠢᠭ ᠲᠤ ᠬᠡᠷ ᠪᠠᠶᠢᠰᠢᠩ ᠠᠩᠬ᠎ᠠ ᠤᠳᠠᠭ᠎ᠠ ᠳᠡᠩᠰᠡᠯᠡᠵᠦ᠂ ᠪᠠᠷᠤᠭ 2000 ᠡᠷᠦᠬᠡ | ᠰᠠᠭᠤᠭᠠᠯᠢ ᠠᠷᠠᠳ ᠲᠤ ᠦᠨᠡᠮᠯᠡᠯ ᠬᠦᠢᠴᠡᠳᠬᠡᠬᠦ ᠬᠦᠴᠢᠷ ᠠᠰᠠᠭᠤᠳᠠᠯ ᠢ ᠰᠢᠢᠳᠪᠦᠷᠢᠯᠡᠵᠦ ᠦᠭᠬᠦ ᠪᠤᠯᠤᠨ᠎ᠠ︾ | ᠬᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠯᠦ ᠬᠥᠳᠡᠯᠬᠦ ᠬᠥᠷᠥᠩᠭᠡ ᠶᠢᠨ ᠪᠥᠷᠢᠳᠬᠡᠭᠦᠯᠬᠦ | ᠲᠥᠪ ᠤᠨ ᠠᠵᠢᠯᠲᠠᠨ ᠵᠢᠶᠠᠩ ᠶᠠ ᠰᠢᠣᠢ ᠬᠡᠯᠡᠪᠡ᠃ | ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠲᠥᠪ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠩᠬ᠎ᠠ | ᠤᠳᠠᠭ᠎ᠠ ᠳᠠᠩᠰᠠᠯᠠᠭᠤᠯᠤᠭᠰᠠᠨ ᠥᠬᠡᠶ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠰᠢᠪᠠᠳᠠᠨ ᠱᠠᠭᠠᠷᠳᠠᠵᠤ᠂ ᠬᠡᠷ ᠪᠠᠶᠢᠰᠢᠩ ᠢ ᠠᠩᠬ᠎ᠠ ᠤᠳᠠᠭ᠎ᠠ ᠳᠠᠩᠰᠠᠯᠠᠬᠤ | ᠠᠵᠢᠯ ᠢ ᠲᠦᠷᠭᠡᠬᠡᠨ ᠪᠡᠶᠡᠯᠡᠭᠦᠯᠵᠦ᠂ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ | ᠦᠨᠡᠮᠯᠡᠯ ᠠᠪᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠣᠯᠠᠨ ᠲᠦᠮᠡᠨ ᠳᠤ ᠦᠨᠡᠮᠯᠡᠯ ᠭᠦᠢᠴᠡᠳᠭᠡᠬᠦ ᠶᠢᠨ ᠴᠢᠬᠤᠯᠠ ᠴᠢᠨᠠᠷ ᠪᠣᠯᠤᠨ ᠶᠠᠪᠤᠴᠠ ᠶᠢ | ᠣᠶᠢᠯᠠᠭᠠᠭᠤᠯᠵᠤ᠂ ᠰᠠᠭᠤᠭᠠᠯᠢ ᠠᠷᠠᠳ ᠲᠤ ᠥᠪᠡᠷ ᠤᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ | ᠡᠷᠲᠡᠬᠡᠨ ᠬᠦᠷᠲᠡᠭᠡᠬᠦ ᠪᠤᠯᠤᠨ᠎ᠠ᠃ | ᠤᠢᠢᠷ᠎ᠠ ᠶᠢᠨ ᠵᠢᠯ ᠤᠨ ᠲᠤᠷᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠵᠢᠯ ᠣᠯᠭᠤᠯᠲᠠ᠂ | ᠰᠤᠷᠭᠠᠨ ᠬᠥᠮᠦᠵᠢᠯ᠂ ᠡᠮ ᠡᠮᠨᠡᠯᠭᠡ ᠠᠴᠠ ᠨᠠᠰᠤᠵᠢᠯ ᠤᠨ ᠠᠰᠠᠷᠠᠮᠵᠢ᠂ ᠣᠷᠣᠯᠭ᠎ᠠ᠂ ᠠᠮᠤᠭᠤᠯᠠᠩ ᠤᠷᠤᠨ | ᠰᠠᠭᠤᠴᠠ ᠬᠦᠷᠳᠡᠯ᠎ᠡ… ᠴᠦᠮ ᠪᠠᠴᠢᠮ ᠲᠤᠯᠭᠠᠮ᠎ᠠ ᠵᠤᠪᠠᠭᠤᠷᠢ ᠵᠦᠳᠡᠬᠦᠷᠢ ᠳᠤ ᠠᠩᠬᠠᠷᠤᠯ ᠢᠶᠠᠨ ᠬᠠᠨᠳᠤᠭᠤᠯᠵᠤ᠂ | ᠶᠠᠪᠤᠳᠠᠯ ᠪᠦᠬᠦᠨ ᠨᠢ ᠠᠷᠠᠳ ᠣᠯᠠᠨ ᠤ ᠬᠠᠯᠠᠭᠤᠨ ᠳᠤᠯᠠᠭᠠᠨ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ | ᠬᠦᠰᠡᠯ ᠡᠷᠡᠮᠡᠯᠵᠡᠯ ᠳᠤ ᠨᠢᠭᠡᠳ ᠨᠢᠭᠡ ᠪᠠᠷ ᠬᠠᠷᠢᠭᠤᠯᠲᠠ ᠦᠭᠴᠠᠢ᠃ ᠣᠯᠠᠨ ᠵᠢᠯ ᠤᠨ ᠬᠤᠭᠤᠴᠠᠭ᠎ᠠ ᠲᠠᠢ ᠦᠨᠡᠮᠯᠡᠯ | ᠠᠪᠬᠤ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠡᠷᠲᠡ ᠨᠢᠭᠡ ᠡᠳᠦᠷ ᠥᠮᠴᠢᠯᠡᠬᠦ ᠡᠷᠬᠡ ᠶᠢᠨ ︽ | ᠤᠯᠠᠭᠠᠨ ᠳᠡᠪᠲᠡᠷ︾ ᠢ ᠣᠯᠣᠭᠰᠠᠨ ᠢᠶᠠᠷ ᠪᠠᠷᠠᠬᠤ ᠦᠭᠡᠢ᠂ ︽ᠠᠮᠤᠭᠤᠯᠠᠩ ᠣᠷᠣᠨ ᠰᠠᠭᠤᠴᠠ ᠶᠢᠨ ᠵᠡᠭᠦᠳᠦ︾ ᠶᠢ | ᠦᠨᠡᠨ ᠬᠦ ᠪᠡᠶᠡᠯᠡᠬᠦᠯᠵᠦ᠂ ᠨᠡᠩ ᠴᠤ ︽ᠠᠷᠠᠳ ᠤᠨ ᠠᠮᠢᠳᠤᠷᠠᠯ ᠤᠨ ᠡᠬᠡ ᠲᠠᠩᠰᠠ︾ ᠳᠡᠭᠡᠷ᠎ᠡ ᠬᠠᠶᠢᠷ᠎ᠠ | ᠬᠠᠯᠠᠮᠵᠢ ᠶᠢ ᠪᠢᠴᠢᠭᠯᠡᠵᠦ᠂ ᠠᠷᠠᠳ ᠣᠯᠠᠨ ᠤ ︽ᠵᠣᠯ ᠵᠢᠷᠭᠠᠯᠲᠤ ᠲᠥᠷᠥᠭᠳᠡᠯ︾ ᠢ ᠤᠯᠠᠮ ᠨᠢᠭᠡ ᠠᠯᠬᠤᠮ | ᠳᠡᠭᠡᠭᠰᠢᠯᠡᠭᠦᠯᠦᠭᠰᠡᠨ ᠶᠤᠮ᠃ | | | | | | | | | |