ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/27
      10 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 150 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠨᠾᠦ᠋ᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠬᠢ ᠪᠠᠶᠠᠯᠢᠭ ᠤᠨ ᠡᠷᠭᠢᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠪᠠᠶᠢᠭᠤᠯᠬᠤ᠂ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠪᠣᠯᠤᠨ ᠲᠡᠶᠢᠷᠦᠯᠲᠦ ᠰᠤᠮᠤ ᠶᠢᠨ ᠴᠡᠷᠢᠭ ᠤᠨ ᠨᠢᠭᠡᠨ ᠪᠠᠷᠢᠭᠠᠳᠠ ᠶᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠲᠠᠯᠠᠢ ᠲᠠᠩᠭᠢᠰ ᠤᠨ ᠶᠡᠭᠡ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠪᠠᠷ᠂ ᠨᠡᠪᠲᠡᠷᠡᠲᠡᠯ᠎ᠡ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂  ᠤᠬᠠᠮᠰᠠᠷ ᠪᠠ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂  ᠰᠢᠨ᠎ᠡ ᠶᠢ ᠡᠭᠦᠳᠴᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠵᠠᠭᠪᠤᠷ ᠢ ᠬᠥᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠢ ᠴᠢᠩᠭ᠎ᠠ ᠠᠳᠬᠤᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠢᠳᠡᠪᠬᠢᠲᠡᠢ ᠠᠬᠢᠭᠤᠯᠵᠤ᠂ ᠲᠠᠷᠢᠶᠠᠯᠠᠩ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠴᠢᠳᠠᠮᠵᠢ ᠪᠠᠷ ᠬᠠᠷᠢᠯᠴᠠᠨ ᠲᠤᠰᠠᠯᠠᠯᠴᠠᠬᠤ ᠨᠡᠬᠡᠬᠡᠯᠳᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠠᠵᠢᠯ ᠤᠯᠭᠤᠯᠳᠠ ᠶᠢᠨ ᠤᠯᠠᠨ ᠨᠠᠶᠢᠳᠠ ᠶᠢᠨ ᠤᠢᠢᠯᠡᠴᠢᠯᠡᠬᠡᠨ ᠤ ᠰᠢᠰᠲ᠋ᠧᠮ ᠢ ᠪᠦᠷᠢᠨᠰᠢᠬᠦᠯᠤᠨ᠂ ᠭᠤᠤᠯᠳᠠᠯᠭ᠎ᠠ ᠲᠠᠢ ᠬᠦᠮᠤᠰ ᠤᠨ ᠠᠵᠢᠯ ᠤᠯᠭᠤᠯᠳᠠ ᠶᠢᠨ ᠠᠰᠠᠭᠤᠳᠠᠯ ᠢ ᠰᠢᠢᠳᠪᠤᠷᠢᠯᠡᠵᠤ᠂ ᠤᠯᠠᠨ ᠨᠠᠶᠢᠳᠠ ᠶᠢᠨ ᠤᠢᠢᠯᠡᠴᠢᠯᠡᠭᠡ ᠶᠢ ᠬᠦᠳᠡᠭᠡ ᠲᠤᠰᠬᠤᠨ ᠮᠠᠯᠵᠢᠬᠤ ᠤᠷᠤᠨ ᠲᠡᠶᠢᠰᠢ ᠤᠷᠳᠤᠳᠬᠠᠬᠤ ᠶᠢ ᠠᠬᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠳᠤᠮᠵᠢᠳᠠᠢ ᠵᠤᠯᠭᠠᠭᠤᠯᠬᠤ ᠶᠢ ᠪᠡᠶᠡᠯᠡᠬᠦᠯᠬᠦ ᠭᠡᠷᠡᠭᠳᠠᠢ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ᠂ ᠪᠥᠬᠦ ᠬᠤᠲᠠ ᠶᠢᠨ ᠭᠤᠷᠪᠠᠳᠤᠭᠠᠷ ᠤᠯᠠᠷᠢᠯ ᠤᠨ ᠴᠢᠬᠤᠯᠠ ᠶᠡᠭᠡ ᠲᠥᠷᠥᠯ ᠵᠦᠢᠯ ᠤᠨ ᠲᠣᠭᠤᠷᠢᠨ ᠦᠵᠡᠵᠦ ᠠᠬᠢᠭᠤᠯᠬᠤ ᠬᠤᠷᠠᠯ ᠵᠢᠴᠢ ᠲᠦᠷᠦᠭᠦᠤ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ᠂ ᠥᠷᠢ ᠰᠢᠷᠢ ᠶᠢ ᠠᠷᠢᠯᠭᠠᠬᠤ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ᠂ ᠬᠠᠲᠤᠨ ᠭᠤᠤᠯ ᠤᠨ ᠰᠠᠪᠠ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠦᠵᠡᠭᠦᠯᠦᠯᠭᠡ ᠶᠢᠨ ᠴᠤᠭᠯᠠᠭᠠᠨ ᠤ ᠣᠯᠤᠭᠰᠠᠨ ᠰᠠᠶᠢᠨ ᠠᠮᠵᠢᠯᠲᠠ ᠶᠢ ᠳ᠋ᠦᠩᠨᠡᠭᠰᠡᠨ ᠤ ᠳᠠᠷᠠᠭ᠎ᠠ᠂ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ  ᠵᠥᠷᠢᠶ᠎ᠡ ᠶᠢ ᠲᠣᠳᠣᠷᠬᠠᠶ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠳᠥᠷᠪᠡᠳᠦᠭᠡᠷ ᠤᠯᠠᠷᠢᠯ ᠤᠨ ᠴᠠᠭ ᠢ ᠭᠦᠢᠴᠡᠳ ᠠᠰᠢᠭᠯᠠᠵᠤ᠂ ᠲᠤᠬᠢᠷᠠᠭᠤᠯᠤᠨ ᠠᠬᠢᠭᠤᠯᠬᠤ ᠶᠢ ᠴᠢᠩᠭᠠᠳᠬᠠᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠬᠠᠷᠠᠯᠲᠠ ᠡᠭᠦᠷᠭᠡ ᠲᠠᠢ ᠬᠠᠷᠢᠴᠠᠭᠤᠯᠤᠨ ᠨᠢᠭᠡᠳ ᠨᠢᠭᠡ ᠪᠠᠷ ᠡᠮᠬᠢᠯᠡᠬᠦ ᠪᠠ ᠰᠤᠳᠤᠯᠤᠨ ᠮᠠᠭᠠᠳᠯᠠᠬᠤ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ ᠪᠣᠯᠤᠨ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠥᠷᠢ ᠥᠭᠴᠡᠭᠡᠨ ᠤ ᠠᠶᠤᠯ ᠲᠦᠭᠰᠢᠭᠦᠷᠢ ᠶᠢ ᠲᠣᠬᠢᠲᠠᠢ ᠠᠷᠢᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠣᠷᠴᠢᠨ ᠲᠣᠭᠤᠷᠢᠨ ᠤ ᠪᠣᠬᠢᠷᠲᠤᠯ ᠵᠡᠷᠭᠡ ᠠᠰᠠᠭᠤᠳᠠᠯ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃            2025 ᠣᠨ ᠤ ᠠᠵᠢᠯ ᠤᠨ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ᠰᠢᠢᠳᠪᠤᠷᠢᠯᠡᠵᠦ ᠲᠡᠶᠢᠯᠬᠦ ᠰᠡᠳᠬᠢᠬᠦᠶ ᠶᠢ  ᠪᠤᠢ ᠪᠤᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ᠰᠢᠰᠲ᠋ᠧᠮᠲᠦ ᠦᠵᠡᠯᠲᠡ ᠪᠠ ᠠᠯᠤᠰ ᠬᠡᠳᠤ ᠶᠢᠨ ᠬᠥᠭᠵᠢᠯᠲᠡ ᠶᠢᠨ ᠬᠠᠷᠠᠴᠠ ᠶᠢ ᠪᠠᠷᠢᠮᠲᠠᠯᠠᠵᠤ᠂ ᠢᠳᠡᠪᠬᠢᠲᠡᠢ ᠪᠠᠷ ᠲᠡᠮᠡᠴᠡᠬᠦ ᠵᠣᠷᠢᠭ ᠰᠠᠨᠠᠭ᠎ᠠ ᠪᠠᠷ ᠰᠢᠨ᠎ᠡ ᠨᠢᠭᠡ ᠵᠢᠯ ᠤᠨ ᠭᠤᠣᠯ ᠭᠦᠢᠴᠡᠳᠬᠡᠯ ᠲᠤᠭ᠎ᠠ᠂ ᠴᠢᠬᠤᠯᠠ ᠶᠡᠭᠡ ᠲᠦᠷᠦᠯ ᠵᠦᠢᠯ ᠪᠠ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢᠨ ᠬᠠᠮᠲᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠯ᠎ᠡ ᠵᠦᠢᠯ ᠤᠨ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ︽︿ᠰᠢᠢᠳᠪᠤᠷᠢᠯᠡᠵᠦ ᠲᠡᠶᠢᠯᠬᠦ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ﹀ ᠲᠤᠰᠬᠠᠶ ᠰᠡᠳᠦᠪᠲᠦ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠪᠣᠯᠤᠨ ᠪᠥᠬᠦ ᠬᠤᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠠᠵᠢᠯᠯᠠᠭ᠎ᠠ ᠥᠷᠨᠢᠭᠦᠯᠬᠦ ᠶᠢᠨ ᠭᠡᠷᠡᠭᠴᠡᠭᠡᠳᠦ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠰᠤᠷᠤᠯᠴᠠᠨ ᠰᠤᠳᠤᠯᠬᠤ ᠪᠠᠨ ᠴᠢᠩᠭᠠᠳᠬᠠᠵᠤ᠂ ᠠᠵᠢᠯ ᠤᠨ ᠪᠦᠲᠦᠮᠵᠢ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠤᠭᠤᠲᠤ ᠬᠤᠲᠠ ᠳᠤ ᠭᠠᠷᠭᠠᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠭ᠎ᠠ ᠮᠠᠶ᠋ᠢᠭ ᠰᠤᠷᠤᠯᠴᠠᠵᠤ᠂ ᠣᠶᠤᠨ ᠤᠬᠠᠭᠠᠨ ᠢᠶᠠᠨ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠪᠠᠷ ᠠᠵᠢᠯ ᠤᠨ ᠬᠥᠭᠡᠭᠡᠴᠡᠯᠳᠦᠯ ᠢᠶᠠᠨ ᠪᠣᠯᠭᠠᠵᠤ᠂ ︽ᠲᠦᠷᠭᠡᠨ︾ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠡᠢᠳᠪᠤᠷᠢᠯᠡᠵᠦ ᠲᠡᠶᠢᠯᠬᠦ ᠰᠡᠳᠬᠢᠬᠦᠶ ᠪᠠᠨ ᠴᠢᠩᠭᠠᠷᠠᠭᠤᠯᠵᠤ᠂ ᠠᠵᠢᠯ ᠤᠨ ᠲᠥᠯᠥᠪᠵᠢᠭᠦᠯᠭᠡ ᠪᠠᠨ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠢᠯᠯᠠᠭ᠎ᠠ ᠨᠢ ︽ᠲᠦᠷᠭᠡᠨ︾᠂ ᠠᠷᠭ᠎ᠠ ᠬᠡᠮᠵᠢᠶ᠎ᠡ ᠨᠢ ︽ᠣᠨᠣᠪᠴᠢᠲᠠᠶ︾᠂ ᠦᠷ᠎ᠡ ᠪᠦᠲᠦᠮᠵᠢ ᠨᠢ ︽ᠪᠣᠳᠠᠲᠠᠶ︾ ᠪᠠᠶᠢᠬᠤ ᠶᠢ ᠦᠨᠡᠨ ᠬᠦ ᠪᠡᠶᠡᠯᠡᠭᠦᠯᠵᠦ᠂ ᠬᠠᠮᠤᠭ ᠤᠨ ᠡᠷᠡᠰ ᠰᠢᠭᠤᠷᠬᠠᠶ ᠣᠪᠣᠷ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠨᠠᠩ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠲᠤᠰᠬᠠᠢ ᠰᠡᠳᠦᠪᠲᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠥᠪᠡᠷ ᠤᠨ ᠠᠵᠢᠯ ᠤᠨ ᠳᠤᠮᠳᠠᠬᠢ ᠲᠤᠳᠠᠭᠳᠠᠯ  ᠢᠶᠠᠨ ᠭᠦᠨᠵᠡᠭᠡᠢ ᠪᠠᠶᠢᠴᠠᠭᠠᠨ ᠳᠡᠯᠭᠡᠵᠦ᠂ ᠶᠠᠭᠤ ᠬᠢᠪᠡᠯ ᠶᠠᠭᠤ ᠶᠢ ᠰᠤᠷᠤᠯᠴᠠᠬᠤ᠂ ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠳᠠᠯ ᠢ ᠠᠷᠭᠠᠴᠠᠭᠠᠬᠤ ᠪᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠰᠦᠨ ᠱᠤᠤ ᠴᠧᠩ ᠱᠦᠵᠢ ᠶᠢᠨ ︽ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ ᠦᠨᠳᠦᠰᠦᠨ ᠱᠠᠲᠤᠨ ᠤ ᠬᠦᠯᠢᠶᠡᠰᠦ ᠶᠢ ᠰᠤᠯᠠᠷᠠᠭᠤᠯᠵᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠪᠠᠶᠢᠴᠠᠭᠠᠯᠲᠠ ᠪᠠ ᠪᠣᠳᠣᠯᠬᠢᠯᠠᠯ︾ ᠭᠡᠬᠦ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠺᠠᠳ᠋ᠷ ᠤᠨ ᠳᠠᠷᠤᠭᠠᠰᠤ ᠶᠢ ᠬᠥᠩᠭᠡᠷᠡᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ ᠨᠤᠲᠤᠭ ᠤᠨ ᠮᠡᠷᠭᠡᠳ᠂ ᠵᠠᠭᠤᠴᠢᠯᠠᠭᠤᠷ ᠤᠨ ᠬᠥᠮᠦᠰ ᠤᠨ ᠬᠠᠮᠢᠶᠠᠷᠤᠯᠲᠠ ᠦᠢᠯᠡᠴᠢᠯᠡᠭᠡᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢᠨ᠎ᠡ ᠨᠤᠲᠤᠭ ᠤᠨ ᠮᠡᠷᠭᠡᠳ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠲᠡᠳᠡᠨ ᠤ ᠬᠥᠳᠡᠭᠡ ᠲᠣᠰᠬᠤᠨ ᠤ ᠵᠠᠰᠠᠯᠲᠠ᠂ ᠰᠣᠶᠣᠯ ᠤᠨ ᠤᠯᠠᠮᠵᠢᠯᠠᠯ ᠵᠡᠷᠭᠡ ᠲᠠᠯ᠎ᠠ ᠶᠢᠨ ᠦᠢᠯᠡᠳᠦᠯ ᠢ ᠪᠠᠳᠠᠷᠠᠭᠤᠯᠬᠤ ᠶᠢᠨ ᠬᠠᠮᠲᠤ ᠥᠪᠡᠷ ᠤᠨ ᠵᠠᠭᠤᠴᠢᠯᠠᠭᠤᠷ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠣᠷᠣᠨ ᠨᠤᠲᠤᠭ ᠤᠨ ᠣᠨᠴᠠᠯᠢᠭ ᠢ ᠤᠬᠠᠭᠤᠯᠵᠤ᠂ ᠭᠠᠵᠠᠷ ᠣᠷᠣᠨ ᠤ ᠠᠯᠳᠠᠷᠰᠢᠯ ᠢ ᠳᠡᠭᠡᠭᠰᠢᠯᠡᠭᠦᠯᠬᠦ ᠶᠢᠨ ᠬᠠᠮᠲᠤ ᠥᠪᠡᠷ ᠤᠨ ᠵᠠᠭᠤᠴᠢᠯᠠᠭᠤᠷ ᠤᠨ ᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠪᠠᠰᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠬᠠᠮᠢᠶ᠎ᠠ ᠪᠦᠬᠦᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠨᠡᠩ ᠡᠷᠡᠰ ᠪᠠᠲᠤ ᠵᠣᠷᠢᠭ ᠪᠣᠯᠤᠨ ᠬᠦᠴᠦᠲᠡᠢ ᠠᠷᠭ᠎ᠠ ᠬᠡᠮᠵᠢᠶ᠎ᠡ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号