10 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ | ᠮᠠᠨᠳᠤᠯ ᠪᠠᠯᠭᠠᠰᠤᠨ ᠳᠤ ᠭᠦᠨᠵᠡᠭᠡᠶᠢᠷᠡᠵᠦ᠂ ᠮᠠᠨᠳᠤᠯ ᠪᠠᠯᠭᠠᠰᠤ ᠵᠢᠴᠢ ᠪᠣᠭᠤᠮᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠵᠢᠶᠠ ᠪᠦᠦ ᠯᠢᠶᠠᠩ ᠤᠷᠢᠳ ᠬᠤᠵᠢᠳ ᠪᠣᠭᠤᠮᠲᠠ ᠶᠢᠨ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠲᠥᠷᠥᠯ ᠵᠦᠢᠯ᠂ ᠪᠠᠷᠠᠭᠠᠨ ᠤ ᠭᠥᠢᠯᠭᠡᠭᠡᠨ ᠤ | ᠬᠦᠷᠢᠶᠡᠯᠡᠩ ᠲᠣᠭᠤᠷᠢᠭ ᠤᠨ ᠪᠢᠲᠡᠭᠦᠮᠵᠢᠯᠡᠭᠰᠡᠨ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ | ᠪᠣᠯᠤᠨ ᠰᠢᠩᠭᠡᠨ ᠪᠡᠶᠡᠲᠦ ᠪᠦᠷᠬᠦᠭᠦᠯ ᠤᠨ ᠲᠣᠰᠣ ᠨᠡᠮᠡᠬᠦ ᠬᠡᠢ ᠨᠡᠮᠡᠭᠦ ᠴᠠᠬᠢᠯᠭᠠᠨ ᠴᠡᠨᠡᠭᠯᠡᠬᠦ ᠶᠢ ᠨᠢᠭᠡ | ᠴᠣᠭᠴᠠᠵᠢᠭᠤᠯᠤᠭᠰᠠᠨ ᠥᠷᠲᠡᠭᠡ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠲᠥᠷᠥᠯ | ᠵᠦᠢᠯ ᠤᠨ ᠬᠠᠷᠢᠭᠤᠴᠠᠯᠭᠠᠲᠠᠨ᠂ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ | ᠲᠥᠷᠥᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ | ᠪᠠᠶᠢᠳᠠᠯ ᠢ ᠨᠠᠷᠢᠨ ᠣᠶᠢᠯᠠᠭᠠᠵᠤ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠳᠤ ᠪᠣᠳᠠᠲᠠᠶ | ᠱᠠᠭᠠᠷᠳᠠᠯᠭ᠎ᠠ ᠳᠤᠷᠠᠳᠪᠠ᠃ | ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠮᠠᠨᠳᠤᠯ ᠪᠣᠭᠤᠮᠲᠠ ᠪᠣᠯ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠪᠣᠯᠤᠨ᠎ᠠ᠂ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠪᠣᠭᠤᠮᠲᠠ ᠶᠢᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭᠠᠲᠤ | ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠤᠨ | ᠲᠣᠭᠤᠷᠢᠨ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ | ᠪᠠᠶᠢᠷᠢᠯᠠᠭᠤᠯᠵᠤ᠂ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠣᠶ ᠪᠦᠬᠦᠢ ᠪᠣᠭᠤᠮᠲᠠ ᠶᠢᠨ ᠲᠥᠷᠥᠯ ᠵᠦᠢᠯ ᠢ | ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠵᠣᠬᠢᠴᠠᠭᠤᠯᠤᠨ ᠦᠢᠯᠡᠴᠢᠯᠡᠬᠦ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠠᠬᠢᠴᠠ ᠶᠢ ᠴᠠᠭ ᠲᠤᠬᠠᠢ ᠳᠤᠨᠢ ᠣᠶᠢᠯᠠᠭᠠᠵᠤ᠂ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠲᠦᠷᠦᠯ | ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ | ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠠᠯᠤᠰ ᠤᠨ | ᠴᠢᠨᠠᠷᠲᠠᠢ ᠪᠣᠳᠣᠯᠬᠢᠯᠠᠯ᠂ ᠪᠥᠬᠦ ᠳᠠᠯ᠎ᠠ ᠶᠢᠨ ᠴᠢᠨᠠᠷᠳᠠᠢ ᠪᠣᠳᠣᠯᠬᠢᠯᠠᠯ ᠢ ᠰᠠᠶᠢᠲᠤᠷ ᠬᠢᠵᠦ᠂ ᠲᠦᠷᠦᠯ ᠵᠦᠢᠯ ᠤᠨ | ᠪᠣᠭᠤᠮᠲᠠ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠠᠩᠬᠠᠷᠤᠯ ᠢᠶᠠᠨ ᠲᠥᠪᠯᠡᠷᠡᠭᠦᠯᠵᠦ᠂ | ᠲᠥᠯᠥᠪᠵᠢᠭᠦᠯᠭᠡ ᠵᠢᠷᠤᠭ ᠲᠥᠯᠥᠪᠯᠡᠭᠡ ᠶᠢ ᠨᠠᠷᠢᠨ ᠬᠢᠨᠠᠮᠠᠭᠠᠢ ᠰᠤᠳᠤᠯᠵᠤ᠂ ᠰᠠᠭᠤᠷᠢ ᠪᠦᠳᠦᠭᠡᠨ ᠪᠠᠶᠢᠭᠤᠯᠤᠯᠲᠠ ᠶᠢᠨ | ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠥᠨᠳᠥᠷ ᠪᠠᠶᠢᠷᠢᠨ ᠳᠤ ᠨᠢᠭᠡᠳᠦᠯᠲᠡᠢ ᠲᠥᠯᠥᠪᠵᠢᠭᠦᠯᠵᠦ᠂ | ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠲᠦᠷᠦᠯ ᠵᠦᠢᠯ ᠢ ᠨᠢᠭᠡᠳᠦᠯᠲᠡᠢ | ᠲᠥᠯᠥᠪᠵᠢᠭᠦᠯᠦᠨ ᠨᠠᠶᠢᠷᠠᠭᠤᠯᠵᠤ᠂ ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠰᠡᠳᠬᠢᠴᠡ᠂ ᠣᠷᠣᠨ ᠵᠠᠢ ᠶᠢᠨ | ᠪᠠᠶᠢᠷᠢᠰᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠣᠳᠣᠷᠬᠠᠶᠢᠯᠠᠵᠤ᠂ ᠶᠠᠮᠠᠷᠪᠠ ᠨᠢᠭᠡ | ᠬᠡᠰᠡᠭ ᠰᠠᠯᠤᠰᠢ ᠦᠭᠡᠢ ᠪᠠᠶᠢᠬᠤ ᠶᠢ ᠪᠠᠲᠤᠯᠠᠵᠤ᠂ ᠴᠢᠨᠠᠷ ᠰᠠᠶᠢᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠪᠠᠷ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠪᠣᠭᠤᠮᠲᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠰᠢᠩᠭᠡᠭᠡᠨ | ᠠᠪᠴᠤ ᠲᠣᠯᠢ ᠪᠣᠯᠭᠠᠵᠤ᠂ ᠡᠭᠦᠨ ᠤ ᠤᠯᠠᠮ ᠠᠴᠠ ᠮᠠᠨ ᠤ ᠬᠤᠰᠢᠭᠤᠨ ᠤ ᠪᠣᠭᠤᠮᠲᠠ ᠶᠢᠨ ᠠᠵᠢᠯ ᠤᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠳᠤᠮᠳᠠ ᠬᠡᠷᠡᠭᠯᠡᠵᠦ᠂ ᠲᠣᠰ ᠭᠠᠵᠠᠷ ᠲᠠᠭᠠᠨ ᠰᠠᠭᠤᠷᠢᠯᠠᠨ ᠰᠡᠳᠬᠢᠴᠡ ᠪᠠᠨ | ᠥᠷᠭᠡᠳᠬᠡᠵᠦ᠂ ᠲᠥᠯᠥᠪᠵᠢᠭᠦᠯᠭᠡ ᠪᠠᠨ ᠴᠢᠩᠭᠠᠳᠬᠠᠨ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠪᠣᠭᠤᠮᠲᠠ ᠶᠢᠨ | ᠳᠣᠲᠣᠷ᠎ᠠ ᠭᠠᠵᠠᠷ ᠤᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ | ᠃ ᠣᠳᠣᠬᠠᠨ ᠳᠤ ᠪᠣᠯ ᠮᠠᠨᠳᠤᠯ ᠪᠣᠭᠤᠮᠲᠠ ᠶᠢᠨ ᠪᠥᠬᠦ ᠵᠢᠯ ᠤᠨ ᠪᠠᠷᠠᠭ᠎ᠠ ᠥᠩᠭᠡᠷᠡᠭᠦᠯᠬᠦ ᠬᠠᠷᠠᠯᠲᠠ ᠡᠭᠦᠷᠭᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠪᠠᠶᠢᠳᠠᠯ ᠢ ᠲᠣᠳᠣᠷᠬᠠᠢ ᠲᠠᠨᠢᠵᠤ᠂ ᠬᠠᠷᠠᠯᠲᠠ ᠪᠠᠨ ᠲᠣᠭᠲᠠᠭᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ | ᠵᠣᠷᠢᠭ ᠢᠶᠠᠨ ᠪᠠᠲᠤᠳᠬᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ ᠬᠦᠴᠦᠯᠡᠨ ᠰᠢᠪᠲᠤᠯᠤᠯᠲᠠ ᠬᠢᠵᠦ᠂ | ᠡᠳᠦᠷ ᠢᠶᠠᠷ ᠭᠠᠷᠠᠭ ᠢ ᠪᠠᠲᠤᠯᠠᠵᠤ᠂ ᠭᠠᠷᠠᠭ ᠢᠶᠠᠷ ᠰᠠᠷ᠎ᠠ ᠶᠢ ᠪᠠᠲᠤᠯᠠᠵᠤ᠂ ᠪᠣᠭᠤᠮᠲᠠ ᠶᠢᠨ ᠪᠦᠬᠦ ᠵᠢᠯ ᠤᠨ ᠪᠠᠷᠠᠭ᠎ᠠ | ᠥᠩᠭᠡᠷᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠵᠤ᠂ ᠮᠢᠩᠭᠠᠨ ᠲᠦᠮᠡᠨ ᠲᠣᠨ ᠤ ᠲᠡᠰ ᠤᠨ ᠠᠷᠠᠯᠵᠢᠶᠠᠨ ᠤ | ᠪᠣᠭᠤᠮᠲᠠ ᠲᠡᠰᠢ ᠬᠦᠴᠦᠯᠡᠨ ᠤᠷᠤᠭᠰᠢᠯᠠᠬᠤ ᠬᠡᠷᠡᠭᠲᠡᠢ᠃ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠪᠠᠷ᠎ᠠ | ᠪᠣᠯᠵᠤ ᠪᠠᠶᠢᠴᠠᠭᠠᠨ ᠰᠤᠳᠤᠯᠤᠯᠲᠠ ᠬᠢᠪᠡ᠃ | |