ᠥᠷᠭᠡᠨ ᠤᠯᠠᠨ ᠮᠠᠯᠴᠢᠨ ᠲᠠᠷᠢᠶᠠᠴᠢᠨ ᠨᠠᠶᠢᠵᠠ ᠨᠠᠷ ᠡ᠄ | ᠡᠰᠢ ᠰᠦᠷᠡᠯ ᠪᠣᠯ ᠨᠢᠭᠡ ᠵᠦᠢᠯ ᠤᠨ ᠡᠬᠢ ᠪᠠᠶᠠᠯᠢᠭ᠂ ᠬᠠᠶᠠᠭᠳᠠᠭᠰᠠᠨ ᠨᠢ ᠬᠥᠨᠥᠭᠡᠯ᠂ ᠠᠰᠢᠭᠯᠠᠭᠰᠠᠨ ᠨᠢ | ᠡᠷᠳᠡᠨᠢ ᠪᠣᠯᠤᠨ᠎ᠠ᠃ ᠡᠰᠢ ᠰᠦᠷᠡᠯ ᠢ ᠰᠢᠳᠠᠭᠠᠬᠤ ᠨᠢ ᠬᠤᠤᠷ ᠲᠠᠢ ᠠᠴᠠ ᠪᠢᠰᠢ ᠦᠴᠦᠭᠡᠨ ᠴᠤ ᠠᠰᠢᠭ ᠦᠭᠡᠢ᠂ | ᠲᠡᠷᠡ ᠨᠢ ᠬᠥᠷᠥᠰᠥ ᠰᠢᠷᠤᠢ ᠶᠢᠨ ᠪᠦᠲᠦᠴᠡ ᠶᠢ ᠡᠪᠳᠡᠵᠦ᠂ ᠲᠠᠷᠢᠮᠠᠯ ᠤᠨ ᠤᠨᠠᠯᠲᠠ ᠶᠢ ᠪᠠᠭᠤᠷᠠᠭᠤᠯᠵᠤ᠂ ᠶᠡᠭᠡ | ᠭᠡᠮᠵᠢᠶᠡᠨ ᠤ ᠬᠤᠤᠷ ᠭᠦᠨᠦᠭᠡᠯ ᠲᠠᠢ ᠬᠡᠢ ᠪᠡᠶᠡᠳᠦ ᠶᠢ ᠪᠤᠢ ᠪᠤᠯᠭᠠᠵᠤ ᠂ ᠪᠣᠬᠢᠷ ᠮᠠᠨᠠᠨᠳᠤ ᠴᠠᠭ ᠠᠭᠤᠷ ᠤᠨ | ᠡᠳᠦᠷ ᠤᠨ ᠲᠤᠭ᠎ᠠ ᠶᠢ ᠨᠡᠮᠡᠭᠳᠡᠬᠦᠯᠦᠨ᠎ᠡ᠃ ᠡᠰᠢ ᠰᠦᠷᠡᠯ ᠢ ᠰᠢᠳᠠᠭᠠᠪᠠᠯ ᠲᠤᠶᠢᠯ ᠤᠨ ᠠᠮᠠᠷᠬᠠᠨ ᠭᠠᠯ ᠤᠨ ᠠᠶᠤᠯ | ᠡᠬᠦᠰᠭᠡᠵᠦ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠬᠦᠯᠬᠦ ᠪᠤᠯᠤᠨ᠎ᠠ | ᠃ ᠡᠰᠢ ᠰᠦᠷᠡᠯ ᠢ ᠰᠢᠳᠠᠭᠠᠬᠤ ᠦᠶ᠎ᠡ ᠳᠤ ᠡᠭᠦᠰᠦᠭᠰᠡᠨ ᠶᠡᠭᠡ ᠬᠡᠮᠵᠢᠶᠡᠨ ᠤ ᠤᠲᠤᠭ᠎ᠠ ᠤᠨᠢᠶᠠᠷ ᠨᠢ ᠬᠠᠷᠠᠭᠳᠠᠴᠠ | ᠶᠢᠨ ᠬᠡᠮᠵᠢᠶ᠎ᠡ ᠶᠢ ᠪᠠᠭᠤᠷᠠᠭᠤᠯᠬᠤ ᠶᠢᠨ ᠤᠯᠠᠮ ᠠᠴᠠ ᠬᠥᠮᠦᠰ ᠤᠨ ᠶᠠᠪᠤᠵᠤ ᠰᠠᠭᠤᠬᠤ ᠶᠢ ᠨᠥᠯᠥᠭᠡᠯᠡᠵᠦ᠂ ᠵᠠᠮ | ᠬᠠᠷᠢᠯᠴᠠᠭᠠᠨ ᠤ ᠠᠳᠡᠯ ᠭᠠᠷᠬᠤ ᠪᠤᠯᠤᠮᠵᠢᠳᠠᠢ᠃ ᠡᠶᠢᠮᠤ ᠠᠴᠠ ᠦᠷᠭᠡᠨ ᠤᠯᠠᠨ ᠮᠠᠯᠴᠢᠨ ᠲᠠᠷᠢᠶᠠᠴᠢᠨ ᠡᠰᠢ | ᠰᠦᠷᠡᠯ ᠢ ᠵᠠᠳᠠᠭᠠᠶ ᠪᠠᠷ ᠰᠢᠲᠠᠭᠠᠵᠤ ᠪᠣᠯᠬᠤ ᠥᠬᠡᠶ᠂ ᠮᠠᠨ ᠤ ᠠᠮᠢ ᠠᠬᠤᠶ ᠶᠢᠨ ᠣᠷᠴᠢᠨ ᠲᠣᠭᠤᠷᠢᠨ ᠢᠶᠠᠨ | ᠤᠬᠠᠮᠰᠠᠷ ᠠᠴᠠ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠲᠦᠷᠢᠮ︾ ᠳᠤ ᠴᠥᠮ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠤᠬᠠᠶ ᠲᠣᠳᠣᠷᠬᠠᠶ | ᠲᠣᠭᠲᠠᠭᠠᠯ ᠭᠠᠷᠭᠠᠪᠠ᠃ ᠲᠣᠭᠲᠠᠭᠠᠯ ᠠᠴᠠ ᠵᠥᠷᠢᠴᠡᠨ ᠡᠰᠢ ᠰᠦᠷᠡᠯ ᠢ ᠰᠢᠲᠠᠭᠠᠬᠤ ᠳᠤ 500-2000 | ᠲᠥᠭᠦᠷᠢᠭ ᠢᠶᠠᠷ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ ᠵᠠᠰᠠᠭ | ᠵᠠᠬᠢᠷᠭᠠᠨ ᠤ ᠲᠦᠷ ᠬᠤᠷᠢᠯᠲᠠ ᠬᠢᠨ᠎ᠡ︔ ᠪᠤᠰᠤᠳ ᠤᠨ ᠪᠡᠶ᠎ᠡ᠂ ᠵᠠᠮ ᠬᠠᠷᠢᠯᠴᠠᠭ᠎ᠠ᠂ ᠭᠠᠯ ᠤᠨ ᠠᠶᠤᠯ ᠵᠡᠷᠭᠡ ᠠᠮᠤᠷ | ᠲᠦᠪᠰᠢᠨ ᠤ ᠠᠳᠡᠯ ᠭᠠᠷᠭᠠᠭᠰᠠᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ | ᠰᠢᠢᠳᠬᠡᠨ᠎ᠡ᠃ | ᠥᠷᠭᠡᠨ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠲᠠᠢ ᠪᠠᠶᠢᠵᠤ᠂ | ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠤᠷ ᠬᠥᠨᠥᠭᠡᠯ ᠤᠴᠠᠷᠠᠭᠤᠯᠬᠤ ᠦᠭᠡᠢ ᠪᠠᠶᠢᠬᠤ ᠶᠢ | ᠪᠠᠲᠤᠯᠠᠬᠤ ᠶᠢᠨ ᠲᠥᠯᠥᠭᠡ᠂ ᠪᠢᠳᠡ ᠲᠤᠤᠷᠠᠬᠢ ᠮᠡᠳᠦ ᠤᠷᠢᠶᠠᠯᠠᠵᠤ ᠪᠠᠶᠢᠨ᠎ᠠ᠄ | ᠨᠢᠭᠡ᠂ ᠬᠠᠷᠢᠭᠤᠴᠠᠯᠭ᠎ᠠ ᠡᠭᠦᠷᠭᠡᠯᠡᠵᠦ᠂ ᠬᠥᠬᠡ ᠣᠭᠲᠠᠷᠭᠤᠶ ᠶᠢ ᠬᠠᠮᠠᠭᠠᠯᠠᠬᠤ ᠬᠡᠷᠡᠭᠲᠡᠢ᠃ ᠡᠰᠢ ᠰᠦᠷᠡᠯ ᠢ | ᠰᠢᠲᠠᠭᠠᠬᠤ ᠶᠢ ᠴᠠᠭᠠᠵᠠᠯᠠᠬᠤ ᠪᠣᠯ ᠪᠦᠬᠦ ᠠᠷᠠᠳ ᠢᠷᠭᠡᠳ ᠤᠨ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ | ᠂ ᠨᠠᠮᠤᠷ ᠤᠨ ᠬᠤᠷᠢᠶᠠᠯᠲᠠ ᠶᠢᠨ ᠳᠠᠷᠠᠭ᠎ᠠ ᠴᠠᠭ ᠲᠤᠬᠠᠢ ᠳᠤᠨᠢ ᠡᠰᠢ ᠰᠦᠷᠡᠯ ᠢ ᠴᠡᠪᠡᠷᠯᠡᠨ ᠲᠡᠭᠡᠭᠡᠪᠦᠷᠢᠯᠡᠵᠦ ᠲᠠᠷᠢᠶᠠᠨ | ᠭᠠᠵᠠᠷ ᠠᠴᠠ ᠰᠠᠯᠭᠠᠵᠤ᠂ ᠲᠠᠷᠢᠮᠠᠯ ᠤᠨ ᠡᠰᠢ ᠰᠦᠷᠡᠯ ᠢ ᠵᠠᠳᠠᠭᠠᠢ ᠰᠢᠲᠠᠭᠠᠬᠤ ᠦᠭᠡᠢ᠂ ᠭᠤᠤ ᠰᠤᠪᠠᠭ ᠲᠤ | ᠳᠤᠷ᠎ᠠ ᠪᠠᠷ ᠢᠶᠠᠨ ᠡᠰᠢ ᠰᠦᠷᠡᠯ ᠣᠪᠣᠭᠠᠯᠠᠬᠤ ᠦᠭᠡᠢ ᠪᠠᠶᠢᠬᠤ ᠬᠡᠷᠡᠭᠲᠡᠢ᠃ | ᠬᠤᠶᠠᠷ᠂ ᠥᠪᠡᠷ ᠤᠨ ᠪᠡᠶ᠎ᠡ ᠠᠴᠠ ᠪᠠᠨ ᠡᠬᠢᠯᠡᠨ ᠥᠪᠡᠷ ᠤᠨ ᠲᠠᠷᠢᠶ᠎ᠠ ᠪᠠᠨ ᠰᠠᠶᠢᠲᠤᠷ ᠬᠠᠮᠢᠶᠠᠷᠬᠤ ᠬᠡᠷᠡᠭᠲᠡᠶ᠃ | ︽ᠥᠪᠡᠷ ᠤᠨ ᠲᠠᠷᠢᠶᠠᠨ ᠭᠠᠵᠠᠷ ᠲᠤ ᠭᠠᠯ ᠭᠠᠷᠭᠠᠬᠤ ᠦᠭᠡᠢ᠂ ᠤᠲᠤᠭ᠎ᠠ ᠲᠠᠯᠪᠢᠬᠤ ᠦᠭᠡᠢ︾ ᠪᠠᠶᠢᠬᠤ ᠶᠢ | ᠪᠠᠲᠤᠯᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠵᠢᠱᠢᠶᠡᠴᠢ᠂ ᠡᠰᠢ ᠰᠦᠷᠡᠯ ᠢ ᠲᠠᠷᠢᠶᠠᠨ ᠳᠤ ᠣᠷᠣᠭᠤᠯᠬᠤ | ᠬᠤᠰᠢᠭᠤᠴᠢ ᠪᠠ ᠶᠡᠷᠦᠩᠬᠡᠶᠢᠯᠡᠨ ᠠᠰᠢᠭᠯᠠᠬᠤ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ᠃ | ᠭᠤᠷᠪᠠ᠂ ᠣᠯᠠᠨ ᠲᠦᠮᠡᠨ ᠬᠠᠷᠢᠯᠴᠠᠨ ᠬᠢᠨᠠᠯᠲᠠ ᠲᠠᠯᠪᠢᠨ᠎ᠠ᠃ ᠡᠰᠢ ᠰᠦᠷᠡᠯ ᠢ ᠳᠤᠷ᠎ᠠ ᠪᠠᠷ ᠢᠶᠠᠨ ᠰᠢᠳᠠᠭᠠᠵᠦ | ᠪᠠᠶᠢᠬᠤ ᠶᠢ ᠮᠡᠳᠡᠪᠡᠯ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠪᠤᠶᠤ ᠬᠢᠨᠠᠯᠲᠠ ᠲᠠᠯᠪᠢᠵᠤ ᠢᠯᠡᠴᠢᠯᠡᠨ | ᠮᠡᠳᠡᠭᠦᠯᠬᠦ ᠳ᠋ᠢᠶᠠᠩᠬᠤᠸᠠ ᠶᠢ ᠤᠳᠠᠰᠤᠳᠠᠬᠤ ᠬᠡᠷᠡᠭᠲᠡᠶ᠃ | ᠳᠥᠷᠪᠡ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠯᠠᠪᠯᠠᠯᠲᠠ ᠪᠣᠯᠭᠠᠨ᠎ᠠ᠃ ᠡᠰᠢ ᠰᠦᠷᠡᠯ᠂ ᠨᠠᠪᠴᠢ | ᠵᠤᠯᠭᠠᠷᠠᠬᠤ ᠵᠡᠷᠭᠡ ᠳᠤ ᠪᠤᠷᠳᠤᠭᠤᠷ ᠣᠷᠣᠭᠤᠯᠬᠤ᠂ ᠪᠣᠷᠳᠤᠭ᠎ᠠ ᠪᠣᠯᠭᠠᠬᠤ᠂ ᠡᠨᠧᠷᠭᠢᠵᠢᠭᠦᠯᠬᠦ ᠵᠡᠷᠭᠡ ᠶᠢ ᠶᠡᠷᠦᠩᠬᠡᠶᠢᠯᠡᠨ | ᠠᠰᠢᠭᠯᠠᠨ᠎ᠠ᠃ | ᠮᠠᠯᠴᠢᠨ ᠲᠠᠷᠢᠶᠠᠴᠢᠨ ᠨᠠᠶᠢᠵᠠ ᠨᠠᠷ ᠡ᠂ ᠪᠢᠳᠡ ᠳᠠᠷᠤᠢ ᠲᠦᠷᠭᠡᠨ ᠬᠥᠳᠡᠯᠦᠯᠴᠡᠵᠦ᠂ ᠥᠪᠡᠷ ᠤᠨ | ᠪᠡᠶ᠎ᠡ ᠠᠴᠠ ᠪᠠᠨ ᠡᠬᠢᠯᠡᠨ ᠂ ᠳᠡᠷᠭᠡᠳᠡ ᠠᠴᠠ ᠪᠠᠨ ᠡᠬᠢᠯᠡᠨ ᠬᠢᠵᠦ᠂ ᠡᠰᠢ ᠰᠦᠷᠡᠯ ᠢ ᠪᠦᠬᠦ ᠲᠠᠯ᠎ᠠ ᠪᠠᠷ | ᠰᠢᠲᠠᠭᠠᠬᠤ ᠶᠢ ᠴᠠᠭᠠᠵᠠᠯᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠲᠠᠷᠬᠠᠨ ᠮᠤᠤᠮᠢᠩᠭᠠᠨ ᠢ ᠪᠦᠲᠦᠭᠡᠨ ᠪᠠᠶᠢᠭᠤᠯᠬᠤ ᠳᠤ | ᠥᠪᠡᠷ ᠤᠨ ᠬᠦᠴᠦᠨ ᠴᠢᠳᠠᠯ ᠢᠶᠠᠨ ᠡᠷᠭᠦᠶᠡᠡ︕ | ᠡᠰᠢ ᠰᠦᠷᠡᠯ ᠰᠢᠲᠠᠭᠠᠬᠤ ᠶᠢ ᠴᠠᠭᠠᠵᠠᠯᠠᠵᠦ ᠢᠯᠡᠴᠢᠯᠡᠨ ᠮᠡᠳᠡᠭᠦᠯᠬᠦ ᠬᠠᠮᠠᠯᠰᠢᠯ ᠤᠲᠠᠰᠤ᠄ | 12369 ᠪᠤᠶᠤ 0472 - 8423186 | | | | | |