ᠰᠦᠢᠳᠬᠡᠯ ᠬᠤᠷᠢᠶᠠᠬᠤ ᠦᠭᠡᠢ ᠪᠤᠯᠪᠠᠰᠤᠷᠠᠯ  ᠤᠨ ᠠᠩᠭᠢ ᠤᠳᠠᠯ ᠦᠭᠡᠢ ᠡᠷᠬᠢᠯᠡᠬᠦ ᠭᠡᠵᠦ ᠪᠠᠶᠢᠨ᠎ᠠ ᠲᠦᠷᠭᠡᠨ ᠨᠡᠷ᠎ᠡ ᠮᠡᠳᠡᠭᠦᠯᠦᠭᠡᠷᠡᠢ
ᠨᠡᠶᠢᠲᠡᠯᠡᠭᠰᠡᠨ ᠴᠠᠭ᠄
2024/10/29
ᠬᠦᠨᠳᠦᠳᠦ ᠰᠠᠭᠤᠭᠠᠯᠢ ᠠᠷᠠᠳ᠂ ᠮᠠᠯᠴᠢᠨ ᠲᠠᠷᠢᠶᠠᠴᠢᠨ ᠨᠦᠬᠦᠳ᠄      ᠬᠡᠷᠪᠡ ᠲᠠ ᠨᠢᠭᠡ ᠵᠦᠢᠯ ᠤᠨ ᠤᠷᠮ᠎ᠠ ᠪᠠᠬ᠎ᠠ ᠣᠯᠵᠤ᠂ ᠨᠢᠭᠡ ᠵᠦᠢᠯ ᠤᠨ ᠠᠵᠢᠯ ᠣᠯᠬᠤ ᠤᠷ᠎ᠠ ᠴᠢᠳᠠᠪᠤᠷᠢ ᠪᠠᠨ ᠨᠡᠮᠡᠭᠳᠡᠭᠦᠯᠦᠶ᠎ᠡ ᠭᠡᠪᠡᠯ ᠣᠳᠣ ᠬᠠᠷᠢᠨ ᠲᠠᠨ ᠤ ︽ᠨᠢᠭᠤᠭᠳᠠᠮᠠᠯ ᠤᠷ᠎ᠠ ᠴᠢᠳᠠᠪᠤᠷᠢ ︾  ᠪᠠᠨ ᠢᠯᠡᠷᠡᠭᠦᠯᠬᠦ ᠪᠣᠯᠣᠨ᠎ᠠ︕      ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠪᠣᠯ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠬᠤ ᠪᠥᠭᠡᠳ ᠮᠥᠨ ᠴᠤ ᠥᠪᠥᠷ ᠮᠣᠩᠭᠤᠯ ᠤᠨ ᠦᠨᠳᠦᠰᠦᠲᠡᠨ ᠤ ᠰᠣᠶᠣᠯ ᠤᠨ ᠨᠢᠭᠡᠨ ᠭᠡᠷᠡᠯᠲᠦ ᠰᠤᠪᠤᠳ ᠶᠤᠮ᠃ ᠲᠡᠷᠡ ᠨᠢ ᠮᠣᠩᠭᠤᠯ ᠦᠨᠳᠦᠰᠦᠲᠡᠨ ᠤ ᠤᠷᠠᠨ ᠨᠠᠷᠢᠨ ᠬᠢᠴᠡ ᠲᠠᠢ ᠣᠶᠣᠳᠠᠯ  ᠪᠣᠯᠤᠨ ᠦᠨᠳᠦᠰᠦᠲᠡᠨ ᠤ ᠰᠤᠶᠤᠯ ᠤᠨ ᠴᠦᠬᠦᠷᠡᠰᠢ ᠦᠭᠡᠢ ᠬᠥᠭᠡᠭᠡᠴᠡᠯᠳᠦᠯ ᠢ ᠢᠯᠡᠷᠡᠭᠦᠯᠦᠨ᠂ ᠣᠯᠠᠨ ᠠᠴᠠ ᠣᠨᠴᠠᠭᠠᠢ ᠲᠠᠲᠠᠬᠤ ᠬᠦᠴᠦᠨᠲᠡᠢ ᠠᠴᠠ ᠲᠠᠯ᠎ᠠ ᠨᠤᠲᠤᠭ ᠲᠤ ᠦᠶ᠎ᠡ ᠤᠯᠠᠷᠢᠨ ᠤᠯᠠᠮᠵᠢᠯᠠᠭᠳᠠᠵᠠᠢ᠃      ᠪᠣᠳᠠᠰ ᠤᠨ ᠪᠤᠰᠤ ᠰᠣᠶᠣᠯ ᠤᠨ ᠥᠪ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ  ᠪᠠᠷ ᠥᠨᠳᠥᠷ ᠬᠡᠪ ᠪᠣᠯᠪᠠᠰᠤᠷᠠᠯ ᠲᠠᠢ ᠬᠥᠳᠡᠯᠮᠦᠷᠢᠯᠡᠭᠴᠢ ᠪᠠ ᠮᠡᠷᠭᠡᠵᠢᠯ ᠴᠢᠳᠠᠪᠤᠷᠢ ᠲᠠᠢ ᠴᠢᠳᠠᠪᠤᠷᠢᠲᠠᠨ ᠢ ᠲᠥᠷᠬᠡᠨ ᠬᠥᠮᠦᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ᠂ ᠮᠠᠯᠴᠢᠨ ᠲᠠᠷᠢᠶᠠᠴᠢᠨ ᠤ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠠᠮᠢᠳᠤᠯᠢᠭ ᠢᠶᠠᠷ ᠠᠵᠢᠯ ᠣᠯᠬᠤ ᠶᠢ ᠪᠡᠶᠡᠯᠡᠭᠦᠯᠬᠦ ᠶᠢᠨ ᠲᠤᠰᠠᠳᠠ᠂ ᠡᠳᠦᠭᠡ ᠪᠦᠬᠦ ᠨᠡᠶᠢᠭᠡᠮ ᠤᠨ ᠠᠵᠢᠯᠲᠠᠨ ᠡᠯᠰᠡᠬᠦ ᠳᠤ ᠬᠠᠨᠳᠤᠭᠤᠯᠤᠭᠰᠠᠨ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ᠨᠢᠭᠡ᠂ ᠪᠣᠯᠪᠠᠰᠤᠷᠠᠯ ᠤᠨ ᠠᠩᠭᠢ ᠶᠢᠨ ᠨᠡᠷᠡᠶᠢᠳᠦᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠢᠴᠦᠳ ᠤᠨ ᠬᠤᠯᠪᠣᠭᠠᠲᠤ ᠬᠤᠷᠠᠯ ᠤᠨ 2024 ᠣᠨ ᠤ ︽ᠤᠮᠠᠷᠠᠲᠤ ᠬᠢᠯᠢ ᠶᠢᠨ ᠪᠦᠰᠡᠭᠦᠢ ᠦᠢᠯᠡᠰ ᠪᠣᠰᠬᠠᠨ ᠠᠵᠢᠯ ᠣᠯᠭᠤᠬᠤ ᠠᠵᠢᠯᠯᠠᠭ᠎ᠠ︾ ᠶᠢᠨ ᠲᠥᠷᠥᠯ ᠵᠦᠢᠯ ᠤᠨ ᠦᠨᠳᠦᠰᠦᠲᠡᠨ ᠤ ᠬᠤᠪᠴᠠᠰᠤ ᠵᠠᠰᠠᠯ ᠵᠢᠴᠢ ᠵᠠᠰᠠᠯ ᠴᠢᠮᠡᠭᠯᠡᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ᠃ᠬᠤᠶᠠᠷ᠂ ᠰᠤᠷᠤᠭᠴᠢ ᠡᠯᠰᠡᠬᠦ ᠬᠡᠪᠴᠢᠶ᠎ᠡ ᠵᠢᠴᠢ ᠰᠤᠷᠤᠭᠴᠢ ᠡᠯᠰᠡᠬᠦ ᠱᠠᠭᠠᠷᠳᠠᠯᠭ᠎ᠠ      ︵ᠨᠢᠭᠡ︶ ᠬᠤᠲᠠ ᠬᠥᠳᠡᠭᠡ ᠶᠢᠨ 18  ᠠᠴᠠ 50 ᠨᠠᠰᠤᠨ ᠤ ᠮᠠᠯᠴᠢᠨ ᠲᠠᠷᠢᠶᠠᠴᠢᠨ ᠡᠮᠡᠭᠲᠡᠶᠢᠴᠦᠳ᠂ ᠣᠷᠣᠯᠭ᠎ᠠ ᠪᠠᠭᠠᠲᠠᠶ ᠡᠮᠡᠭᠲᠡᠶᠢᠴᠦᠳ᠂ ᠠᠵᠢᠯ ᠠᠯᠳᠠᠭᠰᠠᠨ ᠡᠮᠡᠭᠲᠡᠶᠢᠴᠦᠳ᠂ ᠶᠡᠭᠡ ᠰᠤᠷᠭᠠᠭᠤᠯᠢ ᠲᠡᠭᠦᠰᠦᠭᠰᠡᠳ ᠪᠣᠯᠤᠨ ᠠᠵᠢᠯ ᠡᠷᠬᠢᠯᠡᠬᠦ ᠬᠦᠰᠡᠯ ᠲᠠᠢ ᠮᠠᠯᠴᠢᠨ ᠲᠠᠷᠢᠶᠠᠴᠢᠨ ᠢᠯᠡᠭᠦᠴᠡ ᠬᠥᠳᠡᠯᠮᠦᠷᠢ ᠶᠢᠨ ᠡᠮᠡᠭᠲᠡᠶ ︵ᠡᠳ᠋ ᠤᠨ ᠵᠠᠰᠠᠭ ᠠᠴᠠ ᠣᠯᠭᠤᠮᠵᠢ ᠣᠯᠵᠤ ᠪᠠᠶᠢᠭ᠎ᠠ ᠬᠥᠮᠦᠰ ᠢ ᠪᠠᠭᠲᠠᠬᠤ ᠦᠭᠡᠶ︶      ︵ᠬᠤᠶᠠᠷ︶ ᠲᠣᠰ ᠤᠳᠠᠭᠠᠨ ᠤ ᠪᠣᠯᠪᠠᠰᠤᠷᠠᠯ ᠨᠢ ᠦᠨᠳᠦᠰᠦᠲᠡᠨ ᠤ ᠬᠤᠪᠴᠠᠰᠤ ᠵᠠᠰᠠᠯ ᠤᠨ ᠮᠡᠷᠭᠡᠵᠢᠯ ᠴᠢᠳᠠᠪᠤᠷᠢ ᠶᠢᠨ ᠳᠤᠮᠳᠠ ᠵᠡᠷᠭᠡ ᠶᠢᠨ ᠪᠣᠯᠪᠠᠰᠤᠷᠠᠯ ᠤᠨ ᠠᠩᠭᠢ ᠪᠠᠶᠢᠵᠤ᠂ ᠰᠤᠷᠤᠭᠴᠢᠳ ᠦᠨᠳᠦᠰᠦᠲᠡᠨ ᠤ ᠬᠤᠪᠴᠠᠰᠤ ᠵᠠᠰᠠᠯ ᠤᠨ ᠣᠶᠣᠳᠠᠯ ᠤᠨ ᠰᠠᠭᠤᠷᠢ  ᠪᠠᠶᠢᠬᠤ ᠬᠡᠷᠡᠭᠲᠡᠢ᠂ ᠣᠶᠣᠳᠠᠯ ᠤᠨ ᠮᠠᠰᠢᠨ ᠬᠡᠷᠡᠭᠯᠡᠵᠦ᠂ ᠮᠣᠩᠭᠤᠯ ᠲᠡᠷᠯᠢᠭ ᠤᠨ ᠠᠩᠬ᠎ᠠ ᠵᠡᠷᠭᠡ ᠶᠢᠨ ᠣᠶᠣᠳᠠᠯ ᠤᠨ ᠰᠠᠭᠤᠷᠢ ᠲᠠᠢ ᠪᠠᠶᠢᠬᠤ᠃ᠭᠤᠷᠪᠠ᠂ ᠵᠣᠬᠢᠶᠠᠨ ᠪᠠᠶᠢᠭᠤᠯᠤᠭᠰᠠᠨ ᠪᠠᠶᠢᠭᠤᠯᠤᠮᠵᠢ      ᠵᠢᠯᠣᠭᠤᠳᠰᠠᠨ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ      ᠭᠤᠣᠯᠯᠠᠨ ᠡᠷᠬᠢᠯᠡᠭᠰᠡᠨ ᠨᠢᠭᠡᠴᠢ᠄ ᠪᠤᠭᠤᠲᠤ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ      ᠳᠠᠭᠠᠭᠠᠨ ᠡᠷᠬᠢᠯᠡᠭᠰᠡᠨ ᠨᠢᠭᠡᠴᠢ᠄ ᠳᠠᠷᠬᠠᠨ ᠮᠤᠤᠮᠢᠩᠭᠠᠨ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠤ ᠤᠷᠬᠤᠨ ᠬᠠᠨ ᠦᠨᠳᠦᠰᠦᠲᠡᠨ ᠤ ᠬᠤᠪᠴᠠᠰᠤ ᠵᠠᠰᠠᠯ ᠤᠨ ᠤᠤᠭᠠᠯ ᠡᠭᠦᠳᠦᠯᠲᠡ ᠶᠢᠨ ᠠᠵᠢᠯ ᠤᠨ ᠲᠠᠰᠤᠭ      ᠬᠠᠪᠰᠤᠷᠤᠨ ᠭᠦᠢᠴᠡᠳᠭᠡᠭᠰᠡᠨ ᠨᠢᠭᠡᠴᠢ᠄ ᠳᠠᠷᠬᠠᠨ ᠮᠤᠤᠮᠢᠩᠭᠠᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯᠳᠥᠷᠪᠡ᠂ ᠪᠣᠯᠪᠠᠰᠤᠷᠠᠯ ᠤᠨ ᠬᠢᠴᠢᠶᠡᠯ ᠤᠨ ᠲᠣᠬᠢᠷᠠᠭᠤᠯᠤᠯᠲᠠ      1 ᠳ᠋ᠦ᠋ᠭᠡᠷ ᠡᠳᠦᠷ᠄ ᠤᠯᠤᠰ ᠲᠥᠷᠥ ᠶᠢᠨ ᠣᠨᠣᠯ ᠤᠨ ᠬᠢᠴᠢᠶᠡᠯ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠤᠶᠠᠷ ᠬᠠᠤᠯᠢ ᠨᠢᠭᠡ ᠳᠦᠷᠢᠮ ︵︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠥᠮᠦᠵᠢᠯ ᠢ ᠠᠬᠢᠭᠤᠯᠬᠤ ᠳᠦᠷᠢᠮ︾ ᠵᠡᠷᠭᠡ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠢᠴᠢᠶᠡᠯ ᠣᠷᠣᠬᠤ ᠬᠡᠷᠡᠭᠲᠡᠶ᠃      2 — 11 ᠳ᠋ᠦ᠋ᠭᠡᠷ ᠡᠳᠦᠷ᠄ ᠦᠨᠳᠦᠰᠦᠲᠡᠨ ᠤ ᠬᠤᠪᠴᠠᠰᠤ ᠵᠠᠰᠠᠯ ᠦᠢᠯᠡᠳᠦᠯᠭᠡ      ᠰᠠᠷᠠᠭᠤᠯ ᠪᠠᠭᠰᠢ ᠶᠢ ᠤᠷᠢᠨ ᠦᠨᠳᠦᠰᠦᠲᠡᠨ ᠤ ᠬᠤᠪᠴᠠᠰᠤ ᠵᠠᠰᠠᠯ ᠤᠨ ᠡᠰᠬᠡᠬᠦ ᠮᠡᠷᠭᠡᠵᠢᠯ ᠤᠨ ᠪᠣᠯᠪᠠᠰᠤᠷᠠᠯ ᠬᠢᠯᠭᠡᠨ᠎ᠡ᠃ ᠣᠨᠣᠯ ᠰᠤᠷᠤᠯᠴᠠᠬᠤ ᠪᠠ ᠪᠣᠳᠠᠲᠠᠶ ᠠᠵᠢᠯᠯᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠵᠢᠭᠠᠨ ᠰᠤᠷᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠤ ᠬᠤᠪᠴᠠᠰᠤ ᠵᠠᠰᠠᠯ᠂ ᠡᠰᠬᠡᠯᠲᠡ᠂ ᠣᠶᠣᠳᠠᠯ ᠣᠶᠣᠬᠤ ᠪᠠ ᠦᠢᠯᠡᠳᠬᠦ ᠠᠷᠭ᠎ᠠ ᠶᠢ ᠡᠵᠡᠮᠰᠢᠨ᠎ᠡ᠃      12 — 14 ᠳ᠋ᠤᠭᠡᠷ ᠡᠳᠦᠷ᠄ ᠦᠨᠳᠦᠰᠦᠳᠡᠨ ᠤ ᠵᠠᠰᠠᠯ ᠴᠢᠮᠡᠭᠯᠡᠯ ᠤᠨ ᠡᠳ᠋      ᠬᠥᠯᠥᠨ ᠪᠤᠶᠢᠷ ᠬᠤᠲᠠ ᠶᠢᠨ ᠷᠧᠨ ᠯᠢ ᠵᠢᠶᠦ᠋ᠨ ᠪᠠᠭᠰᠢ ᠶᠢ ᠤᠷᠢᠵᠤ ᠬᠠᠳᠬᠤᠮᠠᠯ᠂ ᠨᠡᠷᠡᠨ ᠬᠤᠸᠠᠷ ᠤᠨ ᠰᠢᠷᠢᠰ ᠦᠢᠯᠡᠳᠬᠦᠨ ᠢ ᠦᠢᠯᠡᠳᠬᠦ ᠠᠷᠭ᠎ᠠ ᠶᠢ ᠪᠣᠯᠪᠠᠰᠤᠷᠠᠭᠤᠯᠵᠤ᠂ ᠲᠤᠬᠠᠶ ᠶᠢᠨ ᠲᠠᠯᠠᠪᠠᠶ ᠳᠤ ᠪᠡᠶ᠎ᠡ ᠪᠠᠷ ᠢᠶᠠᠨ ᠬᠢᠴᠢᠶᠡᠯ ᠣᠷᠣᠨ᠎ᠠ᠃ᠲᠠᠪᠤ᠂ ᠪᠣᠯᠪᠠᠰᠤᠷᠠᠯ ᠤᠨ ᠴᠠᠭ ᠵᠢᠴᠢ ᠭᠠᠵᠠᠷ      ᠪᠤᠯᠪᠠᠰᠤᠷᠠᠭᠤᠯᠬᠤ ᠴᠠᠭ᠄ 10 ᠳ᠋ᠤᠭᠠᠷ ᠰᠠᠷ᠎ᠠ ᠶᠢᠨ 29 ᠤ ᠡᠳᠦᠷ ᠠᠴᠠ 11 ᠳ᠋ᠦ᠋ᠭᠡᠷ ᠰᠠᠷ᠎ᠠ ᠶᠢᠨ 11 ᠤ ᠡᠳᠦᠷ ︵ᠨᠡᠶᠢᠲᠡ 14 ᠡᠳᠦᠷ︶      ᠪᠣᠯᠪᠠᠰᠤᠷᠠᠯ ᠤᠨ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠬᠡᠤᠬᠡᠳ ᠤᠨ ᠠᠵᠢᠯᠯᠠᠭᠠᠨ ᠤ ᠲᠥᠪ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠯᠠᠭᠠᠨ ᠭᠡᠷ ᠨᠡᠶᠢᠭᠡᠮ ᠲᠣᠭᠤᠷᠢᠭᠵᠢᠷᠭᠤᠭ᠎ᠠ᠂ ᠪᠣᠯᠪᠠᠰᠤᠷᠠᠯ ᠤᠨ ᠦᠢᠯᠡᠴᠢᠯᠡᠭᠡ      1. ᠪᠤᠯᠪᠠᠰᠤᠷᠠᠯ ᠤᠨ ᠰᠦᠢᠳᠬᠡᠯ ᠬᠤᠷᠢᠶᠠᠬᠤ ᠦᠭᠡᠶ ᠄ ᠲᠤᠰ ᠤᠳᠠᠭᠠᠨ ᠤ ᠪᠤᠯᠪᠠᠰᠤᠷᠠᠯ ᠤᠨ ᠬᠢᠴᠢᠶᠡᠯᠯᠡᠭᠡ ᠰᠦᠢᠳᠬᠡᠯ ᠬᠤᠷᠢᠶᠠᠬᠤ ᠦᠭᠡᠶ᠃      2. ᠮᠠᠲ᠋ᠧᠷᠢᠶᠠᠯ ᠤᠨ ᠵᠠᠷᠤᠳᠠᠯ  ᠢ ᠪᠦᠬᠦᠨ ᠢ ᠬᠡᠯᠲᠦᠷᠢᠭᠦᠯᠬᠦ᠄ ᠪᠤᠢ ᠪᠦᠬᠦᠢ ᠪᠣᠯᠪᠠᠰᠤᠷᠠᠯ ᠳᠤ ᠬᠡᠷᠡᠭᠰᠡᠬᠦ ᠮᠠᠲ᠋ᠧᠷᠢᠶᠠᠯ ᠤᠨ ᠪᠠᠭᠠᠵᠢ ᠶᠢ ᠴᠥᠮ ᠭᠤᠣᠯ ᠳᠠᠭᠠᠭᠠᠨ ᠭᠦᠢᠴᠡᠳᠬᠡᠬᠦ ᠨᠢᠭᠡᠴᠢ ᠠᠴᠠ ᠬᠠᠩᠭᠠᠵᠤ᠂ ᠲᠠᠨ ᠤ ᠢᠯᠡᠭᠦᠴᠡ ᠪᠡᠯᠡᠳᠬᠡᠯ ᠬᠢᠬᠦ ᠴᠢᠬᠤᠯᠠ ᠦᠭᠡᠢ ᠮᠦᠷᠲᠡᠭᠡᠨ ᠠᠵᠤ ᠠᠬᠤᠢ ᠶᠢᠨ ᠳᠠᠷᠤᠭᠠᠰᠤ ᠶᠢ ᠬᠦᠩᠭᠡᠷᠡᠭᠦᠯᠦᠨ᠎ᠡ᠃      3. ᠰᠤᠷᠤᠯᠭ᠎ᠠ ᠲᠡᠭᠦᠰᠦᠭᠰᠡᠨ ᠦᠨᠡᠮᠯᠡᠯ᠄ ᠪᠤᠯᠪᠠᠰᠤᠷᠠᠯ ᠤᠨ ᠴᠠᠭ ᠢ ᠵᠢᠷᠤᠮᠯᠠᠵᠤ ᠰᠤᠷᠤᠯᠴᠠᠯᠭ᠎ᠠ  ᠪᠠᠨ ᠴᠠᠭ ᠲᠤᠬᠠᠶ ᠳᠤᠨᠢ ᠪᠡᠶᠡᠯᠡᠭᠦᠯᠦᠭᠰᠡᠨ ᠰᠤᠷᠤᠭᠴᠢᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠨ᠎ᠠ᠃      4. ᠠᠵᠢᠯ ᠣᠯᠭᠤᠬᠤ ᠲᠣᠬᠢᠶᠠᠯ ᠬᠠᠩᠭᠠᠨ᠎ᠠ᠄ ᠲᠣᠰ ᠤᠳᠠᠭᠠᠨ ᠤ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠢᠯᠢᠳᠡᠭ ᠰᠤᠷᠤᠯᠭᠠᠲᠠᠳ ᠤᠷᠬᠤᠨ ᠦᠨᠳᠦᠰᠦᠲᠡᠨ ᠤ ᠬᠤᠪᠴᠠᠰᠤ ᠵᠠᠰᠠᠯ ᠤᠨ ᠠᠵᠢᠯᠯᠠᠬᠤ ᠲᠠᠰᠤᠭ ᠠᠴᠠ ᠬᠠᠩᠭᠠᠭᠰᠠᠨ ᠵᠠᠬᠢᠶᠠᠯᠠᠭ᠎ᠠ ᠶᠢ ᠭᠥᠷᠳᠡᠵᠦ᠂ ᠬᠡᠷ ᠲᠡᠭᠡᠨ ᠰᠠᠭᠤᠵᠤ ᠠᠮᠢᠳᠤᠯᠢᠭ ᠢᠶᠠᠷ ᠠᠵᠢᠯ ᠤᠯᠬᠤ ᠶᠢ ᠪᠡᠶᠡᠯᠡᠭᠦᠯᠵᠦ᠂ ᠲᠠᠨ ᠳᠤ ᠬᠡᠷ ᠪᠦᠯᠢ ᠶᠢ ᠬᠠᠷᠠᠭᠠᠯᠵᠠᠵᠤ ᠳᠡᠶᠢᠯᠬᠦ ᠮᠥᠷᠲᠡᠭᠡᠨ ᠪᠠᠰᠠ ᠣᠷᠣᠯᠭ᠎ᠠ ᠤᠯᠬᠤ ᠲᠣᠬᠢᠶᠠᠯ ᠵᠠᠪᠰᠢᠶᠠᠨ ᠲᠠᠢ ᠪᠣᠯᠤᠨ᠎ᠠ᠃ᠳᠣᠯᠤᠭ᠎ᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ ᠵᠢᠴᠢ ᠬᠠᠯᠠᠮᠰᠢᠯ ᠤᠲᠠᠰᠤ      ︵ᠨᠢᠭᠡ︶ ᠢᠮᠧᠯ ᠢᠶᠠᠷ ᠳᠠᠮᠵᠢᠨ ᠨᠡᠷ᠎ᠡ ᠮᠡᠳᠡᠭᠦᠯᠬᠦ ᠬᠦᠰᠦᠨᠦᠭᠲᠦ ︵ᠳᠠᠭᠠᠯᠳᠤᠭᠤᠯᠤᠯ︶ ᠪᠡᠶ᠎ᠡ ᠶᠢᠨ ᠦᠨᠡᠮᠯᠡᠯ ᠤᠨ ᠰᠢᠷᠪᠡᠯᠲᠡ ᠪᠠᠨ damaoqifulian@126.com ᠲᠤ ᠶᠠᠪᠤᠭᠤᠯᠤᠨ᠎ᠠ᠃      ︵ᠬᠤᠶᠠᠷ︶ ᠨᠡᠷ᠎ᠡ ᠮᠡᠳᠡᠭᠦᠯᠬᠦ ᠬᠥᠮᠦᠨ ᠲᠤᠰ ᠬᠥᠮᠦᠨ ᠤ ᠪᠡᠶ᠎ᠡ ᠶᠢᠨ ᠦᠨᠡᠮᠯᠡᠯ᠂ ᠴᠠᠭᠠᠨ ᠬᠥᠰᠢᠭᠡ ᠲᠠᠢ ᠨᠢᠭᠡ ᠢᠮᠠᠬᠤ ᠶᠢᠨ ᠬᠤᠪᠢ ᠬᠥᠮᠦᠨ ᠤ ᠰᠡᠭᠦᠳᠡᠷ ᠢᠶᠠᠨ ᠬᠠᠩᠭᠠᠭᠠᠷᠠᠢ᠃      ︵ᠭᠤᠷᠪᠠ︶ ᠲᠣᠰ ᠤᠳᠠᠭᠠᠨ ᠤ ᠪᠤᠯᠪᠠᠰᠤᠷᠠᠯ ᠳᠤ ᠦᠨᠳᠦᠰᠦᠲᠡᠨ ᠤ ᠬᠤᠪᠴᠠᠰᠤ ᠵᠠᠰᠠᠯ ᠤᠨ ᠣᠶᠣᠳᠠᠯ ᠤᠨ ᠳᠤᠮᠳᠠ ᠵᠡᠷᠭᠡ ᠶᠢᠨ ᠪᠣᠯᠪᠠᠰᠤᠷᠠᠯ ᠬᠦᠷᠲᠡᠭᠡᠵᠦ᠂ ᠨᠡᠷ᠎ᠡ ᠮᠡᠳᠡᠭᠦᠯᠦᠭᠴᠢ ᠨᠢ ᠰᠠᠭᠤᠷᠢ ᠣᠶᠣᠳᠠᠯ ᠤᠨ ᠮᠡᠷᠭᠡᠵᠢᠯ ︵ᠬᠤᠯᠪᠣᠭᠳᠠᠯ ᠪᠦᠬᠦᠢ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠲᠡᠭᠦᠰᠦᠭᠰᠡᠨ ᠦᠨᠡᠮᠯᠡᠯ ᠲᠠᠢ ᠪᠠᠶᠢᠪᠠᠯ ᠬᠠᠮᠲᠤ ᠳᠤᠨᠢ ᠬᠠᠩᠭᠠᠵᠤ ᠪᠣᠯᠣᠨ᠎ᠠ︶᠃      ︵ᠲᠦᠷᠪᠡ︶ ᠪᠣᠯᠪᠠᠰᠤᠷᠠᠯ ᠳᠤ ᠣᠷᠣᠯᠴᠠᠭᠰᠠᠳ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠺᠣᠳ᠋ ᠰᠢᠷᠪᠢᠵᠦ ᠸᠢᠴᠠᠲ ᠤᠨ ᠬᠤᠯᠪᠣᠭ᠎ᠠ ᠳᠤ ᠣᠷᠣᠨ᠎ᠠ᠃      ︵ᠲᠠᠪᠤ︶ ᠨᠡᠷ᠎ᠡ ᠮᠡᠳᠡᠭᠦᠯᠬᠦ ᠬᠤᠭᠤᠴᠠᠭ᠎ᠠ ᠶᠢ 47 ᠬᠦᠮᠦᠨ ᠨᠡᠷ᠎ᠡ ᠮᠡᠳᠡᠭᠦᠯᠵᠦ ᠳᠠᠭᠤᠰᠤᠭᠰᠠᠨ ᠴᠠᠭ ᠢᠶᠠᠷ ᠬᠢᠵᠠᠭᠠᠷᠯᠠᠨ᠎ᠠ᠃ᠨᠠᠢᠮᠠ᠂ ᠪᠣᠯᠪᠠᠰᠤᠷᠠᠯ ᠳᠤ ᠨᠡᠷ᠎ᠡ ᠮᠡᠳᠡᠭᠦᠯᠬᠦ ᠬᠠᠮᠢᠶ᠎ᠠ ᠪᠥᠬᠦᠶ ᠮᠡᠳᠡᠭᠡ ᠵᠠᠩᠭᠢ      ᠬᠠᠷᠢᠯᠴᠠᠬᠤ ᠬᠥᠮᠦᠨ᠄ ᠼᠦᠢ ᠲᠤᠤ      ᠬᠠᠷᠢᠯᠴᠠᠬᠤ ᠤᠲᠠᠰᠤ᠄ 15290543974 ︵ᠸᠢᠴᠠᠲ ᠤᠨ ᠨᠣᠮᠧᠷ ᠠᠳᠠᠯᠢᠬᠠᠨ ︶      ᠳᠠᠭᠠᠯᠳᠤᠭᠤᠯᠤᠯ᠄ ᠨᠡᠷ᠎ᠡ ᠮᠡᠳᠡᠭᠦᠯᠬᠦ ᠬᠦᠰᠦᠨᠦᠭᠲᠦ. dox      ᠲᠤᠰ ᠤᠳᠠᠭᠠᠨ ᠤ ᠪᠣᠯᠪᠠᠰᠤᠷᠠᠯ ᠤᠨ ᠪᠦᠬᠦ ᠶᠠᠪᠤᠴᠠ ᠳᠤ ᠴᠣᠮ ᠰᠦᠢᠳᠭᠡᠯ ᠬᠤᠷᠢᠶᠠᠬᠤ ᠦᠭᠡᠢ᠂ ᠰᠣᠨᠢᠷᠬᠠᠯ ᠲᠠᠢ  ᠪᠣᠯ ᠲᠦᠷᠭᠡᠨ ᠨᠡᠷ᠎ᠡ ᠮᠡᠳᠡᠭᠦᠯᠵᠦ ᠪᠣᠯᠪᠠᠰᠤᠷᠠᠯ ᠳᠤ ᠣᠷᠣᠯᠴᠠᠭᠠᠷᠠᠢ︕ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号