ᠨᠠᠰᠤᠲᠠᠶᠢᠴᠤᠳ ᠤᠨ ᠠᠰᠠᠷᠠᠮᠵᠢ ᠶᠢᠨ ᠡᠷᠦᠬᠡ ᠪᠦᠷᠢ ᠳᠤ ᠬᠠᠮᠤᠭ ᠤᠨ ᠥᠨᠳᠥᠷ ᠲᠡᠭᠡᠨ 3000 ᠲᠥᠭᠦᠷᠢᠭ ᠤᠨ ᠨᠥᠬᠦᠪᠥᠷᠢ ᠥᠭᠭᠦᠨ᠎ᠡ
ᠨᠡᠶᠢᠲᠡᠯᠡᠭᠰᠡᠨ ᠴᠠᠭ᠄
2024/10/29
      ᠪᠤᠭᠤᠲᠤ ᠬᠤᠲᠠ ᠶᠢᠨ ᠬᠡᠷᠡᠭᠯᠡᠭᠡᠨ ᠤ ᠵᠦᠢᠯ ᠤᠨ ᠪᠠᠷᠠᠭ᠎ᠠ ᠲᠠᠸᠠᠷ ᠭᠡᠷ ᠲᠡᠭᠡᠨ ᠰᠠᠭᠤᠵᠤ ᠨᠠᠰᠤᠵᠢᠬᠤ ᠳᠤ ᠲᠤᠬᠢᠷᠠᠬᠤ  ᠥᠭᠡᠷᠡᠴᠢᠯᠡᠯᠲᠡ ᠶᠢᠨ ᠬᠡᠷᠡᠭᠯᠡᠬᠦ ᠡᠳ᠋ ᠪᠤᠳᠠᠰ ᠢ  ᠬᠠᠭᠤᠴᠢᠨ ᠢᠶᠠᠷ  ᠰᠢᠨ᠎ᠡ ᠶᠢ ᠰᠣᠯᠢᠵᠤ  ᠬᠤᠳᠠᠯᠳᠤᠨ  ᠠᠪᠴᠤ ᠪᠤᠯᠤᠨ᠎ᠠ       ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ  ᠠᠷᠭᠠᠴᠠᠭᠠᠬᠤ ᠤᠯᠤᠰ ᠤᠨ  ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠨᠠᠰᠤᠳᠠᠶᠢᠴᠤᠳ ᠤᠨ ᠣᠯᠠᠨ  ᠡᠰᠢᠳᠦ ᠭᠡᠷ ᠲᠡᠭᠡᠨ ᠰᠠᠭᠤᠵᠤ  ᠪᠠᠶᠢᠭ᠎ᠠ ᠨᠠᠰᠤᠳᠠᠶᠢᠴᠤᠳ ᠢ ᠠᠰᠠᠷᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠭᠡᠷ ᠲᠡᠭᠡᠨ ᠰᠠᠭᠤᠵᠤ  ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠭᠡᠷ ᠲᠡᠭᠡᠨ ᠰᠠᠭᠤᠵᠤ ᠨᠠᠰᠤᠵᠢᠬᠤ ᠳᠤ ᠲᠤᠬᠢᠷᠠᠬᠤ ᠪᠤᠢ ᠪᠦᠬᠦᠢ  ᠭᠡᠷᠡᠭᠯᠡᠭᠡᠨ ᠤ  ᠡᠳ᠋  ᠪᠤᠳᠠᠰ ᠪᠣᠯᠤᠨ ᠮᠠᠲ᠋ᠧᠷᠢᠶᠠᠯ ᠢ ᠬᠤᠳᠠᠯᠳᠤᠨ ᠠᠪᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠪᠠ᠃ ︽  ᠭᠡᠷ  ᠤᠨ ᠵᠤᠷᠯᠤᠩ ᠳᠠᠭᠠᠨ ᠪᠡᠶ᠎ᠡ ᠪᠠᠨ ᠤᠬᠢᠶᠠᠬᠤ  ᠨᠢ ᠠᠮᠤᠷ ᠲᠦᠪᠰᠢᠨ᠂ ᠬᠡᠷ ᠳᠣᠲᠣᠷ᠎ᠠ ᠪᠠᠨ ᠶᠠᠪᠤᠬᠤ ᠳᠤ ᠲᠥᠬᠦᠮ᠂ ᠬᠡᠷ ᠪᠦᠯᠢ ᠶᠢᠨ ᠣᠷᠴᠢᠨ ᠲᠣᠭᠤᠷᠢᠨ  ᠢᠶᠠᠨ ᠰᠠᠶᠢᠵᠢᠷᠠᠭᠤᠯᠵᠤ᠂ ᠣᠶᠤᠨᠴᠢ ᠬᠢᠨᠠᠨ ᠬᠡᠮᠵᠢᠯᠲᠡ ᠶᠢ ᠤᠷᠤᠭᠤᠯᠵᠤ᠂ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ︾ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ᠂ ᠪᠤᠭᠤᠲᠤ ᠳᠤ ᠰᠠᠭᠤᠵᠤ ᠪᠠᠶᠢᠭ᠎ᠠ ᠨᠠᠰᠤᠲᠠᠶᠢᠴᠤᠳ ᠤᠨ ᠬᠡᠷ ᠪᠦᠯᠢ ᠳᠤ ᠬᠡᠷ ᠲᠡᠭᠡᠨ ᠰᠠᠭᠤᠵᠤ ᠨᠠᠰᠤᠵᠢᠬᠤ ᠳᠤ ᠳᠣᠭᠢᠷᠠᠬᠤ ᠥᠭᠡᠷᠡᠴᠢᠯᠡᠯᠲᠡ ᠶᠢᠨ ᠬᠡᠷᠡᠭᠯᠡᠬᠦ ᠡᠳ᠋  ᠪᠤᠳᠠᠰ  ᠪᠠ ᠮᠠᠲ᠋ᠧᠷᠢᠶᠠᠯ ᠢ ᠬᠤᠳᠠᠯᠳᠤᠨ  ᠠᠪᠬᠤ ᠳᠤ ᠲᠤᠬᠢᠷᠠᠭᠤᠯᠤᠯᠳᠠ ᠬᠢᠪᠡ ᠃      ᠬᠠᠭᠤᠴᠢᠨ ᠢᠶᠠᠷ ᠰᠢᠨ᠎ᠡ ᠶᠢ ᠰᠣᠯᠢᠬᠤ ᠪᠣᠳᠠᠲᠠᠶ ᠠᠭᠤᠯᠭ᠎ᠠ ᠨᠢ ᠳᠣᠤᠷᠠᠬᠢ ᠮᠡᠲᠦ᠄      ᠨᠦᠬᠦᠪᠦᠷᠢ ᠦᠭᠬᠦ ᠵᠠᠷᠴᠢᠮ      ᠨᠢᠭᠡ ᠡᠷᠦᠬᠡ ᠳᠤ ᠨᠢᠭᠡ ᠶᠢ ᠨᠥᠬᠦᠪᠥᠷᠢᠯᠡᠵᠦ ᠨᠠᠰᠤᠲᠠᠶᠢᠴᠤᠳ ᠤᠨ ᠬᠡᠷ ᠪᠦᠯᠢ ᠪᠠᠷ ᠨᠢᠭᠡᠴᠢ ᠪᠣᠯᠭᠠᠨ᠂ ᠡᠷᠦᠬᠡ ᠪᠦᠷᠢ ᠶᠢ ᠨᠢᠭᠡ ᠯᠡ ᠤᠳᠠᠭ᠎ᠠ ᠮᠡᠳᠡᠬᠦᠯᠵᠦ ᠪᠤᠯᠤᠨ᠎ᠠ᠃ ᠨᠥᠬᠦᠪᠥᠷᠢ ᠬᠥᠷᠳᠡᠬᠦ ᠭᠡᠷ ᠪᠠᠶᠢᠰᠢᠩ ᠤᠨ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠤᠶᠤᠴᠢᠯᠠᠨ ᠮᠡᠳᠡᠭᠦᠯᠬᠦ᠂ ᠲᠤᠭ᠎ᠠ ᠪᠦᠷᠢᠳᠬᠡᠯ ᠬᠢᠬᠦ ᠪᠠ ᠨᠥᠬᠦᠪᠥᠷᠢ ᠣᠯᠭᠤᠬᠤ ᠠᠵᠢᠯ ᠢ ᠬᠦᠯᠢᠶᠡᠨ ᠠᠪᠴᠤ ᠰᠢᠢᠳᠪᠦᠷᠢᠯᠡᠨ᠎ᠡ᠃   ᠣᠷᠢᠳᠡᠪᠡᠷ ᠨᠠᠰᠣᠳᠡᠶᠢᠴᠣᠳ ᠤᠨ ᠭᠡᠷ ᠪᠦᠯᠢ ᠨᠢ ᠦᠪᠡᠷ ᠢᠶᠠᠨ ᠡᠵᠡᠨ ᠮᠡᠳᠡᠵᠦ ᠭᠤᠶᠤᠴᠢᠯᠠᠬᠤ ᠶᠢᠨ ᠬᠠᠮᠳᠣ ᠶᠠᠰᠣ ᠴᠢᠨᠡᠷ ᠤᠨ ᠡᠵᠡᠮᠳᠡᠬᠦ ᠶᠢ ᠬᠠᠷᠢᠭᠤᠴᠠᠵᠦ᠂ ᠭᠤᠶᠤᠴᠢᠯᠠᠨ ᠠᠪᠠᠨ᠋ᠥ ᠡᠮᠤᠨ᠎ᠠ ᠬᠤᠶᠢᠨᠠᠬᠢ ᠳᠡᠰ ᠳᠡᠷᠡᠭᠠᠯᠠᠯ ᠢ ᠦᠨᠳᠣᠰᠣᠯᠡᠨ ᠨᠦᠬᠦᠪᠦᠷᠢ ᠦᠭᠴᠥ᠂ ᠨᠦᠬᠦᠪᠦᠷᠢ ᠶᠢᠨ ᠪᠡᠯᠡ ᠮᠦᠡᠭᠬᠦ ᠶᠢ ᠭᠡᠷᠡᠭᠯᠡᠵᠦ ᠲᠠᠭᠤᠰᠬᠠᠨ᠎ᠠ︔     ᠦᠨᠳᠦᠰᠦᠨ ᠳᠡᠭᠡᠨ ᠤᠷᠢᠳᠠᠪᠠᠷ ᠨᠠᠰᠤᠲᠠᠶᠢᠴᠤᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠬᠦᠨᠳᠦᠳᠬᠡᠵᠦ᠂ ᠡᠩ ᠲᠡᠷᠢᠭᠦᠨ ᠳᠤ ᠨᠠᠰᠤᠲᠠᠶᠢᠴᠤᠳ ᠤᠨ ᠦᠪᠡᠷ ᠤᠨ ᠭᠡᠷ ᠤᠨ ᠵᠣᠷᠯᠣᠩ ᠳᠠᠭᠠᠨ ᠪᠡᠶ᠎ᠡ ᠤᠬᠢᠶᠠᠬᠤ᠂ ᠶᠠᠪᠤᠵᠤ ᠰᠠᠭᠤᠬᠤ ᠵᠡᠷᠭᠡ ᠲᠠᠯ᠎ᠠ ᠶᠢᠨ ᠠᠮᠤᠷ ᠲᠦᠪᠰᠢᠨ ᠢ ᠰᠢᠢᠳᠪᠦᠷᠢᠯᠡᠵᠦ᠂ ᠡᠭᠦᠨ ᠤ ᠰᠠᠭᠤᠷᠢᠨ ᠳᠡᠭᠡᠷ᠎ᠡ ᠨᠠᠰᠤᠲᠠᠶᠢᠴᠤᠳ ᠲᠤ ᠪᠤᠰᠤᠳ ᠲᠥᠷᠥᠯ ‍ᠤᠨ‌ᠨᠠᠰᠤᠵᠢᠬᠤ ᠳᠤ ᠳᠣᠭᠢᠷᠠᠬᠤ ᠦᠢᠯᠡᠳᠬᠦᠨ ᠢ ᠬᠠᠩᠭᠠᠬᠤ ᠬᠡᠷᠡᠭᠲᠡᠶ᠃     ᠨᠦᠬᠦᠪᠦᠷᠢ ᠥᠭᠬᠦ ᠪᠠᠷᠢᠮᠵᠢᠶ᠎ᠠ    1. ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠬᠡᠷ ᠪᠦᠯᠢ ᠶᠢᠨ ᠪᠦᠷᠢᠯᠳᠦᠬᠦᠨ ᠵᠡᠷᠭᠡ ᠣᠷᠣᠯᠭ᠎ᠠ ᠪᠠᠭᠠᠲᠠᠶ ᠬᠥᠮᠦᠨ ᠠᠮᠠ ᠶᠢᠨ ᠳᠣᠲᠣᠷᠠᠬᠢ ᠨᠠᠰᠤᠲᠠᠶᠢᠴᠤᠳ ᠪᠠ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠵᠢᠴᠢ ᠪᠤᠰᠤᠳ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠶᠢ ᠡᠷᠦᠬᠡ ᠪᠦᠷᠢ ᠳᠤ 3000 ᠲᠥᠭᠦᠷᠢᠭ ᠠᠴᠠ ᠬᠡᠲᠦᠷᠡᠭᠦᠯᠬᠦ ᠥᠬᠡᠶ ᠪᠠᠷᠢᠮᠵᠢᠶ᠎ᠠ ᠶᠢᠨ ᠨᠥᠬᠦᠪᠥᠷᠢ ᠣᠯᠭᠤᠨ᠎ᠠ᠃ 3000 ᠳᠦᠬᠦᠷᠢᠭ ᠠᠴᠠ ᠳᠡᠪᠠᠭᠰᠠᠨ ᠭᠡᠰᠡᠭ ᠢ ᠨᠠᠰᠣᠳᠡᠶᠢᠴᠣᠳ ᠤᠨ ᠭᠡᠷ ᠪᠦᠯᠢ ᠦᠪᠡᠰᠣᠪᠠᠡ ᠡᠬᠦᠷᠭᠡᠯᠡᠵᠦ᠂ ᠪᠤᠳᠡᠳᠡᠢ ᠵᠠᠷᠣᠳᠡᠯ ᠨᠢ 3000 ᠳᠦᠬᠦᠷᠢᠭ ᠠᠴᠠ ᠲᠣᠣᠷ᠎ᠠ ᠪᠠᠶᠢᠪᠠᠯ ᠪᠤᠳᠡᠳᠡᠢ ᠶᠢ ᠦᠨᠳᠣᠰᠣᠯᠡᠨ ᠨᠦᠬᠦᠪᠦᠷᠢ ᠣᠯᠭᠤᠨ᠎ᠠ᠃     2.60 - 79 ᠪᠦᠬᠦᠯᠢ ᠨᠠᠰᠤᠨ ᠤ ᠨᠠᠰᠤᠲᠠᠶᠢᠴᠤᠳ᠂ ᠡᠷᠦᠬᠡ ᠪᠦᠷᠢ ᠳᠤ ᠪᠣᠳᠠᠲᠠᠶ ᠵᠠᠷᠤᠳᠠᠯ ᠤᠨ 70% ᠶᠢᠨ ᠶᠣᠰᠣᠭᠠᠷ ᠨᠥᠬᠦᠪᠥᠷᠢ ᠣᠯᠭᠤᠵᠤ᠂ ᠪᠦᠬᠦᠯᠢ 80 ᠨᠠᠰᠤ ︵ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ ᠲᠤ ᠡᠷᠦᠬᠡ ᠪᠦᠷᠢ ᠳᠤ ᠪᠣᠳᠠᠲᠠᠶ ᠵᠠᠷᠤᠳᠠᠯ ᠤᠨ 90% ᠪᠠᠷ ᠨᠥᠬᠦᠪᠥᠷᠢ ᠣᠯᠭᠤᠨ᠎ᠠ᠃ ᠡᠷᠦᠬᠡ ᠪᠦᠷᠢ ᠶᠢᠨ ᠨᠥᠬᠦᠪᠥᠷᠢ ᠶᠢᠨ ᠶᠡᠷᠦᠩᠬᠡᠶ ᠲᠤᠭ᠎ᠠ ᠶᠢ ᠬᠠᠮᠤᠭ ᠤᠨ ᠥᠨᠳᠥᠷ ᠲᠡᠭᠡᠨ 3000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃    3. ᠠᠳᠠᠯᠢ ᠨᠢᠭᠡᠨ ᠭᠡᠷ ᠪᠠᠶᠢᠰᠢᠩ ᠳᠤ ᠬᠤᠳᠠᠯᠳᠤᠨ ᠠᠪᠤᠭᠰᠠᠨ ᠭᠡᠷ  ᠤᠨ  ᠨᠠᠰᠤᠵᠢᠯᠳᠠ ᠶᠢ  ᠦᠭᠡᠷᠡᠴᠢᠯᠡᠬᠦ ᠳᠤ ᠬᠡᠷᠡᠭᠯᠡᠬᠦ ᠡᠳ᠋  ᠪᠤᠳᠠᠰ ᠮᠠᠲ᠋ᠧᠷᠢᠶᠠᠯ  ᠪᠠ  ᠪᠤᠰᠤᠳ ᠬᠠᠭᠤᠴᠢᠨ  ᠢᠶᠠᠷ ᠰᠢᠨ᠎ᠡ  ᠶᠢ  ᠰᠤᠯᠢᠵᠤ ᠵᠠᠰᠠᠵᠤ ᠴᠢᠮᠡᠭᠯᠡᠬᠦ ᠲᠥᠷᠥᠯ ᠤᠨ  ᠨᠥᠬᠦᠪᠥᠷᠢ ᠶᠢ ᠬᠠᠮᠲᠤ ᠳᠤᠨᠢ ᠬᠦᠷᠲᠡᠵᠦ ᠪᠣᠯᠬᠤ ᠦᠭᠡᠢ᠂ ᠬᠡᠷᠡᠭᠯᠡᠭᠴᠢᠳ ᠬᠠᠮᠤᠭ ᠳᠡᠭᠡᠳᠦ ᠬᠡᠮᠵᠢᠶ᠎ᠡ ᠪᠠᠷ ᠰᠣᠩᠭᠤᠵᠤ ᠪᠣᠯᠤᠨ᠎ᠠ᠃ ᠠᠳᠠᠯᠢ ᠨᠢᠭᠡ ᠭᠡᠷ ᠪᠠᠶᠢᠰᠢᠩ ᠨᠢ ᠵᠠᠰᠠᠭ ᠤᠨ ᠣᠷᠳᠣᠨ ᠤ ᠪᠤᠰᠤᠳ ᠲᠥᠷᠥᠯ ᠬᠡᠯᠪᠡᠷᠢ ᠶᠢᠨ ᠥᠭᠡᠷᠡᠴᠢᠯᠡᠯᠲᠡ ᠶᠢᠨ ᠨᠥᠬᠦᠪᠥᠷᠢ ᠶᠢ  ᠬᠦᠷᠳᠡᠵᠦ  ᠦᠩᠭᠡᠷᠡᠭᠰᠡᠨ  ᠪᠠᠶᠢᠪᠠᠯ᠂  ᠲᠠᠬᠢᠵᠦ ᠬᠠᠮᠢᠶ᠎ᠠ ᠪᠦᠬᠦᠢ ᠨᠥᠬᠦᠪᠥᠷᠢ ᠣᠯᠭᠤᠬᠤ ᠦᠭᠡᠶ᠃     ᠨᠦᠬᠦᠪᠦᠷᠢ ᠥᠭᠬᠦ ᠠᠭᠤᠯᠭ᠎ᠠ     ᠨᠠᠰᠤᠲᠠᠶᠢᠴᠤᠳ ᠤᠨ ᠠᠮᠤᠷ ᠲᠦᠪᠰᠢᠨ᠂ ᠡᠷᠡᠭᠦᠯ ᠮᠡᠨᠳᠦ ᠵᠡᠷᠭᠡ ᠴᠢᠳᠠᠮᠵᠢ ᠶᠢᠨ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠬᠢᠷᠠᠭᠤᠯᠤᠯᠲᠠ ᠶᠢᠨ ᠴᠢᠨᠠᠷᠲᠠᠶ  ᠦᠢᠯᠡᠳᠬᠦᠨ ᠢ ᠰᠣᠩᠭᠤᠨ᠂ ᠠᠳᠠᠯᠢ ᠪᠤᠰᠤ ᠬᠡᠷ ᠪᠦᠯᠢ ᠶᠢᠨ ᠣᠷᠴᠢᠨ ᠲᠣᠭᠤᠷᠢᠨ ᠤ  ᠦᠢᠯᠡᠳᠬᠦᠨ ᠤ  ᠦᠢᠯᠡᠴᠢᠯᠡᠭᠡᠨ ᠤ ᠳᠠᠭᠠᠭᠠᠴᠢᠯᠠᠯᠲᠠ ᠶᠢ ᠪᠦᠷᠢᠯᠳᠦᠭᠦᠯᠵᠦ᠂ ᠨᠠᠰᠤᠲᠠᠶᠢᠴᠤᠳ ᠤᠨ ᠬᠡᠷᠡᠭᠰᠡᠯ ᠢ ᠳᠣᠭᠢᠷᠠᠭᠤᠯᠬᠤ᠂ ᠪᠠᠷᠢᠯᠭ᠎ᠠ ᠪᠠᠷᠢᠵᠤ ᠥᠭᠡᠷᠡᠴᠢᠯᠡᠬᠦ᠂ ᠪᠡᠯᠡᠳᠬᠡᠮᠵᠢ ᠶᠢ ᠳᠣᠭᠢᠷᠠᠭᠤᠯᠬᠤ ᠵᠡᠷᠭᠡ ᠲᠠᠯ᠎ᠠ ᠶᠢᠨ ᠲᠣᠭᠤᠷᠢᠨ ᠳᠤ᠂ ᠪᠣᠳᠠᠲᠠᠶ ᠲᠠᠢ ᠪᠠᠨ ᠤᠶᠠᠯᠳᠤᠭᠤᠯᠤᠨ᠂ ︽ᠪᠤᠭᠤᠲᠤ ᠬᠤᠲᠠ ᠶᠢᠨ ᠨᠠᠰᠤᠲᠠᠶᠢᠴᠤᠳ ᠤᠨ ᠬᠡᠷ ᠲᠤ ᠪᠠᠨ ᠰᠠᠭᠤᠵᠤ ᠨᠠᠰᠤᠵᠢᠬᠤ ᠳᠤ ᠳᠣᠭᠢᠷᠠᠬᠤ ᠥᠭᠡᠷᠡᠴᠢᠯᠡᠯᠲᠡ ᠶᠢᠨ ᠲᠥᠷᠥᠯ  ᠵᠦᠢᠯ ᠪᠠ ᠨᠠᠰᠤᠲᠠᠶᠢᠴᠤᠳ ᠤᠨ ᠬᠡᠷᠡᠭᠰᠡᠯ ᠢ ᠳᠣᠭᠢᠷᠠᠭᠤᠯᠤᠨ ᠲᠠᠨᠢᠯᠴᠠᠭᠤᠯᠬᠤ ᠨᠠᠷᠢᠨ ᠲᠠᠩᠰᠠ︾ ︵ᠳᠠᠭᠠᠯᠳᠤᠭᠤᠯᠤᠯ 1︶ ᠶᠢ ᠪᠠᠶᠢᠭᠤᠯᠤᠨ᠎ᠠ᠃ ᠨᠠᠷᠢᠨ ᠲᠠᠩᠰᠠ ᠳᠤ ᠵᠢᠭᠰᠠᠭᠠᠭᠰᠠᠨ ᠲᠥᠷᠥᠯ ᠵᠦᠢᠯ ᠢ ᠰᠠᠭᠤᠷᠢ ᠲᠥᠷᠥᠯ ᠪᠠ ᠰᠣᠩᠭᠤᠵᠤ ᠪᠣᠯᠬᠤ ᠲᠥᠷᠥᠯ ᠳᠤ ᠬᠤᠪᠢᠶᠠᠵᠤ᠂ ᠰᠠᠭᠤᠷᠢ ᠲᠥᠷᠥᠯ ᠤᠨ ᠲᠥᠷᠥᠯ ᠵᠦᠢᠯ ᠪᠣᠯ ᠵᠠᠰᠠᠭ ᠤᠨ ᠣᠷᠳᠣᠨ ᠠᠴᠠ ᠲᠣᠰ ᠤᠳᠠᠭᠠᠨ ᠤ ᠨᠠᠰᠤᠲᠠᠶᠢᠴᠤᠳ ᠤᠨ ᠬᠡᠷ ᠪᠦᠯᠢ ᠳᠤ ᠨᠥᠬᠦᠪᠥᠷᠢ ᠥᠭᠴᠦ ᠳᠡᠮᠵᠢᠵᠦ ᠪᠠᠶᠢᠭ᠎ᠠ ᠬᠡᠷ ᠪᠦᠯᠢ ᠶᠢᠨ ᠨᠠᠰᠤᠵᠢᠯ ᠤᠨ ᠥᠭᠡᠷᠡᠴᠢᠯᠡᠯᠲᠡ ᠳᠤ ᠬᠡᠷᠡᠭᠯᠡᠬᠦ ᠡᠳ᠋ ᠪᠣᠳᠠᠰ ᠪᠠ ᠮᠠᠲ᠋ᠧᠷᠢᠶᠠᠯ  ᠪᠠᠶᠢᠵᠤ᠂ ᠬᠤᠳᠠᠯᠳᠤᠨ ᠠᠪᠬᠤ ᠦᠨᠳᠦᠰᠦᠨ ᠠᠭᠤᠯᠭ᠎ᠠ ᠪᠣᠯᠤᠨ᠎ᠠ︔ ᠰᠣᠩᠭᠤᠨ ᠬᠡᠷᠡᠭᠯᠡᠵᠦ ᠪᠣᠯᠬᠤ ᠲᠥᠷᠥᠯ ᠵᠦᠢᠯ ᠨᠢ ᠨᠠᠰᠤᠲᠠᠶᠢᠴᠤᠳ ᠤᠨ ᠬᠡᠷ ᠪᠦᠯᠢ ᠶᠢᠨ ᠬᠦᠰᠡᠯ  ᠱᠠᠭᠠᠷᠳᠠᠯᠭ᠎ᠠ ᠶᠢ ᠦᠨᠳᠦᠰᠦᠯᠡᠨ᠂ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠵᠤ ᠪᠠᠶᠢᠭᠠᠳ ᠨᠠᠰᠤᠵᠢᠬᠤ ᠳᠤ ᠳᠣᠭᠢᠷᠠᠬᠤ ᠥᠭᠡᠷᠡᠴᠢᠯᠡᠯᠲᠡ ᠶᠢᠨ ᠲᠥᠷᠥᠯ ᠵᠦᠢᠯ ᠪᠠ ᠨᠠᠰᠤᠲᠠᠶᠢᠴᠤᠳ ᠤᠨ ᠬᠡᠷᠡᠭᠰᠡᠯ ᠪᠣᠯᠤᠨ᠎ᠠ᠃      ᠨᠥᠬᠦᠪᠥᠷᠢ ᠥᠭᠬᠦ ᠬᠡᠪᠴᠢᠶ᠎ᠡ᠄ ᠬᠡᠷ ᠲᠡᠭᠡᠨ ᠰᠠᠭᠤᠵᠤ ᠨᠠᠰᠤᠵᠢᠬᠤ ᠳᠤ ᠳᠣᠭᠢᠷᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠬᠡᠷᠡᠭᠰᠡᠬᠦ ᠥᠭᠡᠷᠡᠴᠢᠯᠡᠬᠦ ᠲᠥᠷᠥᠯ ᠤᠨ ᠡᠳ᠋ ᠪᠣᠳᠠᠰ ᠪᠠ ᠮᠠᠲ᠋ᠧᠷᠢᠶᠠᠯ᠂ ᠪᠤᠰᠤᠳ ᠲᠥᠷᠥᠯ ᠤᠨ ᠡᠳ᠋ ᠪᠣᠳᠠᠰ ᠪᠠ ᠮᠠᠲ᠋ᠧᠷᠢᠶᠠᠯ ᠢ ᠪᠠᠭᠲᠠᠭᠠᠨ᠎ᠠ᠃ ᠡᠷᠦᠬᠡ ᠪᠦᠷᠢ ᠭᠠᠷᠴᠠᠭ ᠤᠨ ᠳᠣᠲᠣᠷᠠᠬᠢ ᠥᠭᠡᠷᠡᠴᠢᠯᠡᠬᠦ ᠲᠥᠷᠥᠯ ᠤᠨ ᠡᠳ᠋ ᠪᠣᠳᠠᠰ ᠪᠠ ᠮᠠᠲ᠋ᠧᠷᠢᠶᠠᠯ ᠢ ᠬᠤᠳᠠᠯᠳᠤᠨ ᠠᠪᠴᠤ᠂ ᠬᠤᠳᠠᠯᠳᠤᠨ ᠠᠪᠤᠭᠰᠠᠨ ᠶᠡᠷᠦᠩᠬᠡᠶ ᠵᠣᠭᠤᠰ ᠤᠨ ᠲᠤᠭ᠎ᠠ ᠶᠢᠨ 30% ᠠᠴᠠ ᠳᠣᠤᠷ᠎ᠠ  ᠪᠠᠶᠢᠵᠤ  ᠪᠣᠯᠬᠤ ᠥᠬᠡᠶ᠂ ᠪᠠᠷᠢᠮᠵᠢᠶ᠎ᠠ ᠳᠤ ᠬᠦᠷᠴᠦ ᠳᠡᠶᠢᠯᠦᠭᠰᠡᠨ ᠥᠬᠡᠶ ᠪᠣᠯ ᠨᠥᠬᠦᠪᠥᠷᠢ ᠥᠭᠬᠦ ᠥᠬᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号