ᠳ᠋ᠢᠩ ᠰᠢᠤ ᠹᠧᠩ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ᠂ ︽ᠡᠪᠡᠰᠦ ᠪᠡᠯᠴᠢᠭᠡᠷ ᠬᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ ᠪᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠬᠤ ᠶᠢᠨ ᠬᠠᠮᠲᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/29
      10 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠮᠳᠢᠩ ᠰᠢᠤ ᠹᠧᠩ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ᠂ ︽ᠡᠪᠡᠰᠦ ᠪᠡᠯᠴᠢᠭᠡᠷ ᠬᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ ᠪᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠦᠭᠵᠢᠷᠡᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠱᠠᠲᠤᠨ ᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠳ᠋ᠢᠩ ᠰᠢᠤ ᠹᠧᠩ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠲᠥᠷᠥᠯ ᠵᠦᠢᠯ᠂ ᠳᠠᠷᠬᠠᠨ ᠮᠤᠤᠮᠢᠩᠭᠠᠨ ᠬᠤᠰᠢᠭᠤᠨ ᠤ 40 ᠲᠦᠮᠡᠨ ᠺᠢᠯᠣᠸᠠᠲ ᠤᠨ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠶ᠋ᠯ᠂ ᠳᠠᠷᠬᠠᠨ ᠬᠤᠯᠪᠤᠭᠠᠳᠤ ᠮᠤᠤᠮᠢᠩᠭᠠᠨ ᠬᠤᠰᠢᠭᠤᠨ ᠤ 30 ᠲᠦᠮᠡᠨ ᠺᠢᠯᠣᠸᠠᠲ ᠤᠨ  ︽ᠡᠪᠡᠰᠦ ᠪᠡᠯᠴᠢᠭᠡᠷ ᠬᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ ᠤᠨ ᠲᠥᠷᠥᠯ  ᠵᠦᠢᠯ ᠳᠤ ᠬᠦᠷᠴᠦ᠂ ᠲᠥᠷᠥᠯ ᠵᠦᠢᠯ ᠤᠨ ᠲᠥᠯᠥᠪᠵᠢᠭᠦᠯᠭᠡ᠂ ᠮᠡᠷᠭᠡᠵᠢᠯ ᠤᠨ ᠬᠡᠷᠡᠭᠯᠡᠯᠲᠡ᠂ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠵᠤ᠂ ᠲᠤᠬᠠᠶ ᠶᠢᠨ ᠲᠠᠯᠠᠪᠠᠶ ᠳᠤ ᠲᠣᠬᠢᠷᠠᠭᠤᠯᠤᠨ ᠰᠢᠢᠳᠪᠥᠷᠢᠯᠡᠪᠡ᠃ ᠲᠤᠰᠬᠠᠶ ᠰᠡᠳᠦᠪᠲᠦ ᠬᠤᠷᠠᠯ ᠳᠡᠭᠡᠷ᠎ᠡ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠪᠥᠬᠦ ᠬᠤᠲᠠ ᠶᠢᠨ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠡᠩ ᠰᠢᠶᠠᠨ ᠨᠥᠬᠦᠪᠥᠷᠢ ᠬᠠᠷᠢᠭᠤ ᠮᠡᠳᠡᠭᠦᠯᠦᠯᠲᠡ ᠬᠢᠵᠦ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠮᠧᠩ ᠰᠢ ᠰᠢᠨ᠎ᠡ ᠡᠨᠧᠷᠭᠢ ᠶᠢᠨ ᠺᠣᠮᠫᠠᠨᠢ ︽ᠡᠪᠡᠰᠦ ᠪᠡᠯᠴᠢᠭᠡᠷ ᠬᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦ︾  ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠬᠤᠲᠠ ᠶᠢᠨ ᠤᠳᠤᠷᠢᠳᠤᠯᠭ᠎ᠠ᠂ ᠬᠤᠯᠪᠣᠭᠳᠠᠯ ᠪᠥᠬᠦᠶ ᠬᠤᠰᠢᠭᠤ ᠰᠢᠶᠠᠨ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠪᠠ᠃      ᠳ᠋ᠢᠩ ᠰᠢᠤ ᠹᠧᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠭᠠᠵᠠᠷ ᠣᠷᠣᠨ ᠪᠣᠯᠤᠨ ᠰᠠᠯᠠᠭ᠎ᠠ ᠮᠥᠴᠢᠷ ᠨᠢᠭᠡᠴᠢ ᠶᠢᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠪᠥᠬᠦ ᠲᠠᠯ᠎ᠠ ᠪᠠᠷ ᠬᠠᠮᠠᠭᠠᠯᠠᠬᠤ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠬᠤ᠂ ᠵᠦᠶ ᠵᠣᠬᠢᠰᠲᠠᠶ ᠠᠰᠢᠭᠯᠠᠬᠤ᠂ ᠴᠢᠩᠭ᠎ᠠ ᠬᠠᠮᠢᠶᠠᠷᠬᠤ ᠵᠠᠷᠴᠢᠮ ᠶᠣᠰᠣᠭᠠᠷ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠳᠠᠪᠠᠭᠤᠯᠢᠭ ᠢ ᠪᠣᠬᠢᠷᠲᠤᠯ ᠥᠬᠡᠶ ᠬᠥᠭᠵᠢᠯᠲᠡ ᠶᠢᠨ ᠢᠯᠠᠯᠲᠠ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ᠃      ᠳ᠋ᠢᠩ ᠰᠢᠤ ᠹᠧᠩ ᠴᠢᠬᠤᠯᠠᠴᠢᠯᠠᠭᠰᠠᠨ ᠨᠢ᠂ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠣᠶᠠᠯᠳᠣᠭᠤᠯᠬᠤ᠂ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠲᠦᠷᠢᠮ ᠤᠨ ᠬᠠᠲᠠᠭᠤ ᠬᠢᠵᠠᠭᠠᠷᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠳᠤᠭ᠎ᠠ ᠳᠣᠯᠣᠭᠠᠢ ᠶᠢ ᠳᠣᠭᠳᠠᠭᠠᠵᠤ᠂ ᠪᠡᠯᠴᠢᠭᠡᠷ ᠤᠨ ᠬᠥᠳᠡᠯᠥᠩᠭᠦᠢ ᠲᠡᠩᠴᠡᠭᠦᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠬᠥᠳᠡᠯᠦᠩᠭᠦᠶ ᠲᠣᠬᠢᠷᠠᠭᠤᠯᠤᠯᠲᠠ ᠬᠢᠵᠦ ᠰᠢᠨᠡᠳᠬᠡᠬᠦ ᠲᠣᠭᠲᠠᠴᠠ ᠶᠢ ᠪᠣᠶ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠢ ᠪᠤᠶᠢᠵᠢᠭᠤᠯᠬᠤ ᠪᠠᠷ ᠳᠠᠮᠵᠢᠭᠤᠯᠤᠨ ︽ᠡᠪᠡᠰᠦᠨ ᠤ ᠢᠷᠡᠯᠲᠡ︾ ᠶᠢᠨ ᠬᠠᠩᠭᠠᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ᠃ ᠠᠵᠤ ᠦᠢᠯᠡᠰ ᠤᠨ ᠰᠡᠳᠬᠢᠬᠦᠶ ᠪᠠᠨ ᠴᠢᠩᠭᠠᠳᠬᠠᠵᠤ᠂ ᠬᠡᠪᠴᠢᠶᠡᠵᠢᠭᠦᠯᠬᠦ᠂ ᠡᠷᠴᠢᠮᠵᠢᠭᠦᠯᠬᠦ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠂ ᠣᠲᠣ ᠦᠶ᠎ᠡ ᠶᠢᠨ ᠮᠠᠯ ᠠᠵᠤ ᠠᠬᠤᠶ ᠶᠢᠨ ᠳᠣᠯᠣᠭᠠᠶᠢᠯᠠᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ᠂ ᠮᠠᠯ ᠤᠨ ᠠᠰᠢᠭ ᠰᠢᠮ᠎ᠡ ᠶᠢᠨ ᠨᠡᠮᠡᠯᠲᠡ ᠥᠷᠲᠡᠭ ᠪᠠ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃      ᠳ᠋ᠢᠩ ᠰᠢᠤ ᠹᠧᠩ᠂ ᠰᠢᠰᠲ᠋ᠧᠮᠲᠦ ᠦᠵᠡᠯᠲᠡ ᠶᠢ ᠪᠤᠢ ᠪᠣᠯᠭᠠᠵᠤ᠂ ᠬᠠᠮᠠᠭᠠᠯᠠᠬᠤ ᠳᠤᠮᠳᠠ ᠬᠥᠭᠵᠢᠭᠦᠯᠬᠦ᠂ ᠬᠥᠭᠵᠢᠭᠦᠯᠬᠦ ᠳᠤᠮᠳᠠ ᠬᠠᠮᠠᠭᠠᠯᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠴᠦᠯᠯᠡᠷᠭᠡᠭ ᠲᠠᠯ᠎ᠠ ᠨᠤᠲᠤᠭ ᠤᠨ ︽ᠡᠪᠡᠰᠦ ᠪᠡᠯᠴᠢᠭᠡᠷ ᠬᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠵᠢᠴᠢ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠦᠷᠦᠯ ᠵᠦᠢᠯ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠨᠡᠭᠡᠭᠡᠨ ᠬᠥᠭᠵᠢᠭᠦᠯᠬᠦ ᠲᠥᠯᠥᠪᠯᠡᠭᠡ ᠶᠢ ᠦᠢᠯᠡᠳᠪᠦᠷᠢᠯᠡᠯ ᠤᠨ ᠵᠠᠬᠢᠶᠠᠯᠠᠭ᠎ᠠ ᠶᠢᠨ ᠬᠠᠭᠤᠳᠠᠰᠤ ᠪᠣᠯᠭᠠᠵᠤ᠂ ᠦᠢᠯᠡᠳᠬᠦᠨ ᠤ ᠦᠷᠳᠡᠭ ᠪᠣᠯᠤᠨ ᠨᠡᠮᠡᠭᠳᠡᠯ ᠦᠷᠳᠡᠭ ᠪᠣᠯᠭᠠᠬᠤ ᠬᠡᠷᠡᠭᠲᠡᠢ᠃  ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠰᠠᠭᠤᠳᠠᠯ ᠢ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠬᠤᠳᠠ ᠶᠢᠨ ᠱᠠᠲᠤᠨ ᠤ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠦᠴᠦᠨ ᠢᠶᠠᠨ ᠲᠥᠪᠯᠡᠷᠡᠭᠦᠯᠦᠨ᠂ ᠬᠦᠴᠦ ᠪᠠᠨ ᠬᠠᠮᠲᠤᠳᠬᠠᠨ ᠠᠬᠢᠭᠤᠯᠵᠤ᠂ ︽ᠰᠢᠢᠳᠪᠥᠷᠢᠯᠡᠵᠥ ᠳᠡᠶᠢᠯᠭᠦ ᠰᠡᠳᠬᠢᠬᠦᠢ︾ ᠶᠢ ᠪᠤᠢ ᠪᠣᠯᠭᠠᠬᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠶᠢ ᠠᠵᠢᠯ ᠢᠶᠠᠨ ᠠᠳᠬᠤᠭᠰᠠᠨ ᠪᠣᠳᠠᠲᠤ ᠠᠮᠵᠢᠯᠲᠠ ᠪᠦᠲᠦᠮᠵᠢ ᠳᠡᠭᠡᠷ᠎ᠡ ᠦᠨᠡᠨᠬᠦ ᠢᠯᠡᠷᠡᠭᠦᠯᠬᠦ ᠬᠡᠷᠡᠭᠲᠡᠢ᠃      ᠬᠤᠳᠠ ᠶᠢᠨ ᠤᠳᠤᠷᠢᠳᠤᠯᠭ᠎ᠠ ᠯᠢᠨ ᠯᠢ᠂ ᠯᠢᠶᠠᠨ ᠳ᠋ᠦᠩ᠂ ᠵᠠᠩ ᠪᠢᠨ᠂ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠣᠷᠣᠯᠴᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号