ᠰᠡᠴᠡᠨᠴᠢᠮᠡᠭ᠂ ᠡᠮᠡᠭᠲᠡᠶ᠂ 1973 ᠣᠨ ᠤ 9 ᠰᠠᠷ᠎ᠠ ᠳᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠰᠢᠷᠡᠮᠦ᠋ᠷᠡᠨ ᠪᠠᠯᠭᠠᠰᠤᠨ ᠳᠤ ᠲᠥᠷᠥᠵᠡᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠭᠤᠷᠪᠠᠳᠤᠭᠠᠷ ᠬᠡᠤᠬᠡᠳ ᠤᠨ ᠴᠡᠴᠡᠷᠯᠢᠭ ᠤᠨ ᠪᠠᠭᠰᠢ᠃ ᠳᠤᠮᠳᠠᠳᠤ ᠤᠯᠤᠰ ᠤᠨ ᠠᠷᠠᠳ ᠤᠨ ᠨᠡᠶᠢᠭᠡᠮᠯᠢᠭ᠂ ᠥᠪᠥᠷ | ᠮᠣᠩᠭᠤᠯ ᠤᠨ ᠠᠷᠠᠳ ᠤᠨ ᠨᠡᠶᠢᠭᠡᠮᠯᠢᠭ᠂ ᠪᠤᠭᠤᠲᠤ ᠬᠤᠲᠠ ᠶᠢᠨ ᠠᠷᠠᠳ ᠤᠨ ᠨᠡᠶᠢᠭᠡᠮᠯᠢᠭ ᠤᠨ ᠭᠡᠰᠢᠭᠦᠨ᠂ ᠥᠪᠥᠷ | ᠮᠣᠩᠭᠤᠯ ᠤᠨ ᠰᠢᠯᠦᠭ ᠪᠢᠴᠢᠯᠭᠡ ᠤᠷᠠᠨ ᠵᠢᠷᠤᠭ ᠤᠨ ᠰᠤᠳᠤᠯᠭᠠᠨ ᠤ ᠨᠡᠶᠢᠭᠡᠮᠯᠢᠭ ᠤᠨ ᠭᠡᠰᠢᠭᠦᠨ᠂ ᠥᠪᠥᠷ | ᠮᠣᠩᠭᠤᠯ ᠤᠨ ᠮᠣᠩᠭᠤᠯ ᠤᠷᠠᠨ ᠪᠢᠴᠢᠯᠭᠡᠲᠡᠨ ᠤ ᠨᠡᠶᠢᠭᠡᠮᠯᠢᠭ᠂ ᠪᠤᠭᠤᠲᠤ ᠬᠤᠲᠠ ᠶᠢᠨ ᠮᠣᠩᠭᠤᠯ ᠤᠷᠠᠨ | ᠪᠢᠴᠢᠯᠭᠡ ᠶᠢᠨ ᠨᠡᠶᠢᠭᠡᠮᠯᠢᠭ ᠤᠨ ᠭᠡᠰᠢᠭᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠭᠠᠷ | ᠤᠷᠠᠯᠠᠯ ᠤᠷᠠᠨ ᠵᠢᠷᠤᠭ ᠤᠨ ᠨᠡᠶᠢᠭᠡᠮᠯᠢᠭ ᠤᠨ ᠭᠡᠰᠢᠭᠦᠨ᠃ ᠤᠷᠠᠨ ᠪᠢᠴᠢᠯᠭᠡ ᠤᠷᠠᠨ ᠵᠢᠷᠤᠭ ᠲᠤ ᠮᠠᠰᠢ ᠪᠠᠭ᠋ᠠᠳᠠᠢ᠂ | ᠠᠷᠠᠳ ᠤᠨ ᠴᠠᠭᠠᠰᠤᠨ ᠬᠠᠶᠢᠴᠢᠯᠠᠮᠠᠯ ᠪᠠ ᠠᠷᠠᠰᠤᠨ ᠰᠡᠶᠢᠯᠦᠮᠡᠯ ᠤᠨ ᠭᠠᠷ ᠤᠷᠠᠯᠠᠯ ᠤᠨ ᠠᠵᠢᠯ ᠢ ᠤᠷᠳᠤ | ᠬᠤᠭᠤᠴᠠᠭ᠎ᠠ ᠪᠠᠷ ᠬᠢᠵᠠᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ | ᠥᠪ ᠤᠨ ︽ᠴᠠᠭᠠᠰᠤᠨ ᠬᠠᠶᠢᠴᠢᠯᠠᠮᠠᠯ ᠤᠨ ᠤᠷᠠᠯᠢᠭ︾ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠰᠤᠨ ᠰᠡᠶᠢᠯᠤᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠮᠦᠨ᠃ | | | | | | | | | | | | | | | | | | | | | | | | | | | | | | | |