ᠪᠥᠬᠦ ᠬᠤᠰᠢᠭᠤᠨ ᠤ ᠡᠯ᠎ᠡ ᠱᠠᠲᠤᠨ ᠤ ᠺᠠᠳ᠋ᠷᠴᠤᠳ ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ | ᠪᠠᠶᠢᠭᠠᠳ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠬᠦᠴᠢᠷ ᠢ | ᠰᠥᠷᠦᠨ ᠤᠷᠤᠭᠰᠢᠯᠠᠬᠤ ᠴᠤᠭ ᠰᠦᠯᠳᠡ ᠶᠢ ᠬᠥᠪᠴᠢᠯᠡᠨ᠂ ︽ ᠰᠢᠢᠳᠪᠦᠷᠢᠯᠡᠵᠦ ᠲᠡᠶᠢᠯᠬᠦ ᠰᠡᠳᠬᠢᠬᠦᠶ︾ ᠪᠠᠷ | ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠤᠰᠬᠠᠶ ᠰᠡᠳᠦᠪᠲᠦ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠵᠤ᠂ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 28 ᠤ ᠡᠳᠦᠷ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ︽ᠰᠢᠢᠳᠪᠦᠷᠢᠯᠡᠵᠦ ᠲᠡᠶᠢᠯᠬᠦ ᠰᠡᠳᠬᠢᠬᠦᠶ ᠶᠢ ᠪᠣᠶ ᠪᠣᠯᠭᠠᠵᠤ᠂ ᠠᠵᠢᠯ ᠤᠨ | ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ | ᠰᠡᠳᠦᠪᠲᠦ ᠠᠵᠢᠯᠯᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 12 ᠳ᠋ᠤᠭᠠᠷ ᠤᠳᠠᠭᠠᠨ ᠤ ᠲᠥᠪᠯᠡᠷᠡᠭᠦᠯᠦᠨ | ᠰᠤᠷᠤᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠮᠠ ᠯᠢ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ | ᠲᠦᠯᠦᠪᠵᠢᠬᠦᠯᠭᠡ ᠶᠢᠨ ᠰᠤᠳᠤᠯᠭᠠᠨ ᠤ ᠲᠦᠪ ᠤᠨ ᠡᠷᠬᠢᠯᠡᠭᠴᠢ᠂ ᠤᠷᠴᠢᠨ ᠲᠤᠭᠤᠷᠢᠨ ᠤ ᠰᠢᠨᠵᠢᠯᠡᠬᠦ ᠤᠬᠠᠭᠠᠨ ᠤ | ᠨᠡᠶᠢᠭᠡᠮᠯᠢᠭ ᠤᠨ ᠨᠠᠷᠢᠨ ᠪᠢᠴᠢᠭ ᠤᠨ ᠲᠠᠷᠤᠭ᠎ᠠ ᠯᠢ ᠰᠢᠶᠠᠨ ᠬᠤᠸᠠ ︽ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠦᠶ᠎ᠡ︾ ᠭᠡᠬᠦ ᠰᠡᠳᠦᠪ ᠢᠶᠠᠷ ᠲᠠᠶᠢᠯᠤᠮᠵᠢ ᠬᠢᠵᠦ᠂ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠴᠢᠬᠤᠯᠠ ᠱᠠᠭᠠᠷᠳᠠᠯᠭ᠎ᠠ ᠵᠢᠴᠢ ᠴᠢᠬᠤᠯᠠ ᠶᠡᠭᠡ ᠠᠴᠢ ᠬᠤᠯᠪᠣᠭᠳᠠᠯ᠂ ᠣᠯᠤᠭᠰᠠᠨ ᠦᠷ᠎ᠡ | ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠭᠤᠣᠯ ᠡᠭᠦᠷᠭᠡ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ | ᠲᠣᠳᠣᠷᠬᠠᠶᠢᠯᠠᠯᠲᠠ ᠬᠢᠵᠦ᠂ ᠠᠵᠢᠯ ᠤᠨ ᠪᠣᠳᠠᠲᠤ ᠪᠠᠶᠢᠳᠠᠯ ᠪᠣᠯᠤᠨ ᠨᠡᠶᠢᠲᠡᠯᠢᠭ ᠵᠢᠱᠢᠶ᠎ᠡ ᠪᠠᠷ ᠳᠠᠮᠵᠢᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠡᠷᠬᠢᠨ | ᠪᠠᠬᠢᠵᠢᠭᠦᠯᠬᠦ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠴᠢᠳᠠᠪᠤᠷᠢ ᠪᠣᠯᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠪᠡ᠃ ᠬᠤᠷᠠᠯ ᠳᠤ ᠣᠷᠣᠯᠴᠠᠭᠰᠠᠳ | ᠂ ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭᠠᠨ ᠤ ᠠᠭᠤᠯᠤᠭᠳᠠᠬᠤᠨ ᠢ ᠨᠡᠩ ᠪᠦᠬᠦ ᠲᠠᠯ᠎ᠠ ᠪᠠᠷ᠂ ᠨᠡᠩ ᠰᠢᠰᠲ᠋ᠧᠮ ᠲᠠᠢ ᠡᠵᠡᠮᠳᠡᠵᠦ᠂ ᠪᠠᠰᠠ ᠳᠠᠷᠬᠠᠨ | ᠮᠤᠤᠮᠢᠩᠭᠠᠨ ᠬᠤᠯᠪᠤᠭᠠᠳᠤ ᠬᠤᠰᠢᠭᠤᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠪᠦᠬᠦ | ᠬᠦᠴᠦᠨ ᠢᠶᠠᠷ ᠢᠶᠠᠨ ᠰᠠᠶᠢᠲᠤᠷ ᠵᠠᠮᠨᠠᠬᠤ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠵᠠᠢ ᠭᠡᠵᠦ | ᠢᠯᠡᠷᠭᠡᠶᠢᠯᠡᠵᠡᠭᠡᠪᠡ᠃ | ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠪᠠᠶ ᠶᠢᠨ ᠶᠧ ︽ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ | ᠥᠨᠳᠥᠷ ᠵᠣᠭᠰᠣᠴᠠ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ︾ ᠭᠡᠬᠦ ᠰᠡᠳᠦᠪ ᠢᠶᠠᠷ ᠲᠠᠶᠢᠯᠤᠮᠵᠢ ᠬᠢᠵᠦ᠂ ᠭᠠᠵᠢᠭᠤ | ᠨᠣᠮᠯᠠᠯ ᠤᠨ ᠮᠥᠨ ᠴᠢᠨᠠᠷ ᠤᠨ ᠬᠤᠤᠷ ᠬᠥᠨᠥᠭᠡᠯ ᠢ ᠭᠦᠨᠵᠡᠭᠡᠶ ᠲᠠᠨᠢᠬᠤ᠂ ᠭᠠᠵᠢᠭᠤ ᠨᠣᠮᠯᠠᠯ ᠤᠨ ᠰᠦᠷᠳᠡᠭᠦᠯᠦᠯ ᠤᠨ | ᠳᠠᠯᠳᠠ ᠬᠡᠮ ᠢ ᠳᠡᠭᠡᠳᠦ ᠬᠡᠮᠵᠢᠶ᠎ᠡ ᠪᠠᠷ ᠲᠠᠨᠢᠬᠤ᠂ ᠭᠠᠵᠢᠭᠤ ᠨᠣᠮᠯᠠᠯ ᠡᠭᠦᠰᠬᠦ ᠬᠥᠭᠵᠢᠯᠲᠡ ᠶᠢ ᠭᠦᠨᠵᠡᠭᠡᠶ ᠰᠤᠳᠤᠯᠬᠤ | ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠭᠠᠵᠢᠭᠤ | ᠨᠣᠮᠯᠠᠯ ᠢ ᠡᠰᠡᠷᠭᠦᠴᠡᠬᠦ ᠠᠵᠢᠯ ᠤᠨ ᠲᠠᠯ᠎ᠠ ᠪᠠᠷ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠠᠩᠭᠠᠪᠠ᠃ ᠬᠤᠷᠠᠯ ᠳᠤ | ᠣᠷᠣᠯᠴᠠᠭᠰᠠᠳ᠂ ᠥᠨᠥᠳᠦᠷ ᠤᠨ ᠰᠤᠷᠤᠯᠴᠠᠵᠤ ᠤᠯᠤᠭᠰᠠᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠲᠤᠬᠠᠶ | ᠮᠡᠳᠡᠯᠭᠡ ᠪᠣᠯᠤᠨ ᠣᠶᠢᠯᠠᠭᠠᠭᠳᠠᠬᠤᠨ ᠢ ᠪᠣᠳᠠᠲᠠᠶ ᠭᠠᠵᠠᠷ ᠲᠤᠨᠢ ᠬᠡᠷᠡᠭᠯᠡᠵᠦ᠂ ᠭᠠᠵᠢᠭᠤ ᠨᠣᠮᠯᠠᠯ ᠢ ᠡᠰᠡᠷᠭᠦᠴᠡᠬᠦ | ᠠᠵᠢᠯ ᠤᠨ ᠤᠯᠤᠰ ᠲᠦᠷᠦ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ | ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠠᠲᠤᠯᠠᠭ᠎ᠠ ᠬᠠᠩᠭᠠᠨ᠎ᠠ ᠭᠡᠵᠦ | ᠢᠯᠡᠷᠭᠡᠶᠢᠯᠡᠵᠡᠭᠡᠪᠡ᠃ | ᠦᠳᠡ ᠶᠢᠨ ᠬᠤᠶᠢᠨ᠎ᠠ᠂ ᠪᠥᠬᠦ ᠬᠤᠰᠢᠭᠤᠨ ᠤ ᠰᠢᠶᠠᠨ ᠤ ᠱᠠᠲᠤᠨ ᠤ ᠤᠳᠤᠷᠢᠳᠬᠤ ᠨᠥᠬᠦᠳ ︽︿ | ᠰᠢᠢᠳᠪᠦᠷᠢᠯᠡᠵᠦ ᠲᠡᠶᠢᠯᠬᠦ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ︾ ᠲᠤᠰᠬᠠᠶ ᠰᠡᠳᠦᠪᠲᠦ ᠠᠵᠢᠯᠯᠠᠭ᠎ᠠ ᠶᠢᠨ ᠰᠤᠷᠤᠯᠴᠠᠬᠤ | ᠮᠠᠲ᠋ᠧᠷᠢᠶᠠᠯ ᠤᠨ ᠡᠮᠬᠢᠳᠬᠡᠯ ︵ᠳᠡᠭᠡᠳᠦ ᠳᠣᠤᠷᠠᠳᠤ ᠳᠡᠪᠲᠡᠷ︶︾ ᠢ ᠬᠠᠮᠲᠤ ᠪᠠᠷ ᠰᠤᠷᠤᠯᠴᠠᠪᠠ᠃ |