10 ᠳ᠋ᠤᠭᠠᠷ ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ ᠲᠦᠷᠦᠭᠦᠤ ᠭᠤᠷᠪᠠᠨ ᠤᠯᠠᠷᠢᠯ ᠳᠠᠬᠢ ᠪᠥᠬᠦ | ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠄ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ 17875.5 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ | ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠡᠢ᠃ ᠠᠵᠤ ᠦᠢᠯᠡᠰ ᠢᠶᠠᠷ ᠢᠯᠭᠠᠨ | ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 846.0 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ | ᠨᠡᠮᠡᠭᠳᠡᠯ ᠥᠷᠲᠡᠭ 9012.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7. | 5% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8017.0 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠪᠡ᠃ | ᠡᠨᠡ ᠵᠢᠯ ᠠᠴᠠ ᠨᠠᠭᠠᠰᠢ᠂ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢᠶᠠᠨ ᠪᠣᠯᠭᠠᠵᠤ᠂ ᠲᠣᠭᠲᠠᠭᠤᠨ | ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠦᠨᠳᠦᠰᠦᠨ ᠵᠣᠷᠢᠭ ᠰᠠᠨᠠᠭ᠎ᠠ ᠶᠢ ᠪᠠᠷᠢᠮᠲᠠᠯᠠᠨ᠂ | ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ ᠪᠣᠯᠭᠠᠵᠤ᠂ | ᠬᠦᠴᠢᠷ ᠢ ᠰᠥᠷᠦᠨ ᠤᠷᠤᠭᠰᠢᠯᠠᠵᠤ᠂ ᠢᠳᠡᠪᠬᠢᠲᠡᠢ ᠠᠵᠢᠯᠯᠠᠨ᠂ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠵᠦ᠂ ᠪᠦᠬᠦ | ᠣᠷᠣᠨ ᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠢᠶᠠᠷ ᠠᠬᠢᠭᠤᠯᠪᠠ᠃ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠤ ᠪᠠᠨ ᠲᠣᠭᠲᠠᠭᠤᠨ ᠪᠠᠶᠢᠨ᠎ᠠ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ | ᠠᠵᠤ ᠠᠬᠤᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠠᠮᠤ | ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠠᠮᠤᠷ ᠤᠨ ᠬᠤᠷᠢᠶᠠᠯᠲᠠ ᠶᠢᠨ ᠠᠵᠢᠯ ᠡᠮᠬᠢ | ᠵᠢᠷᠤᠮ ᠲᠠᠢ ᠠᠬᠢᠵᠤ ᠪᠤᠢ︔ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠮᠢᠳᠤ | ᠭᠠᠭ᠋ᠠᠢ ᠶᠢᠨ ᠲᠤᠭ᠎ᠠ 634.6 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0 ᠢᠶᠠᠷ ᠨᠡᠮᠡᠭᠳᠡᠪᠡ︔ | ᠦᠬᠡᠷ ᠤᠨ ᠲᠤᠭ᠎ᠠ 948.4 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠢᠶᠠᠷ | ᠨᠡᠮᠡᠭᠳᠡᠪᠡ︔ ᠬᠤᠨᠢ ᠢᠮᠠᠭᠠᠨ ᠤ ᠲᠤᠭ᠎ᠠ 6353.9 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 1.6% ᠪᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠢ᠂ ᠦᠬᠡᠷ᠂ ᠬᠤᠨᠢ | ᠢᠮᠠᠭ᠎ᠠ᠂ ᠵᠢᠭᠦᠷᠲᠡᠨ ᠤ ᠮᠢᠬᠠᠨ ᠤ ᠭᠠᠷᠤᠯᠲᠠ 199.4 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.0% ᠢᠶᠠᠷ ᠨᠡᠮᠡᠭᠳᠡᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠭᠤᠷᠪᠠᠨ | ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠭᠤᠷᠪᠠᠨ ᠶᠡᠭᠡ ᠲᠦᠷᠦᠯ ᠤᠨ ᠠᠵᠤ | ᠦᠢᠯᠡᠳᠪᠦᠷᠢ ᠪᠠᠷ ᠢᠯᠭᠠᠨ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 5.2 ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 9.0% ᠢᠶᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ | ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 9.9% ᠪᠠᠷ ᠨᠡᠮᠡᠭᠳᠡᠵᠡᠢ᠃ ᠦᠢᠯᠡᠳᠬᠦ ᠦᠢᠯᠡᠰ ᠤᠨ ᠳᠣᠲᠣᠷ᠎ᠠ᠂ ᠲᠣᠨᠤᠭ | ᠲᠦᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.8% ᠪᠠᠷ | ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 31.6 ᠪᠠᠷ ᠨᠡᠮᠡᠭᠳᠡᠵᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ | ᠪᠣᠯᠬᠤ ᠦᠢᠯᠡᠳᠬᠦᠨ ᠦᠢᠯᠡᠳᠪᠦᠷᠢᠯᠡᠭᠰᠡᠨ ᠬᠡᠮᠵᠢᠶ᠎ᠡ ᠠᠴᠠ ᠦᠵᠡᠪᠡᠯ᠂ ᠪᠦᠬᠦ ᠣᠷᠣᠨ ᠤ ᠨᠡᠭᠦᠷᠡᠰᠦᠨ ᠤ ᠭᠠᠷᠤᠯᠲᠠ | 9.5 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6 ᠪᠠᠷ ᠨᠡᠮᠡᠭᠳᠡᠪᠡ︔ ᠴᠠᠬᠢᠯᠭᠠᠨ | ᠭᠠᠷᠭᠠᠭᠰᠠᠨ ᠬᠡᠮᠵᠢᠶ᠎ᠡ 5990.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.6 ᠪᠠᠷ ᠨᠡᠮᠡᠭᠳᠡᠪᠡ︔ ᠪᠣᠯᠣᠳ ᠮᠠᠲ᠋ᠧᠷᠢᠶᠠᠯ ᠪᠣᠯᠪᠠᠰᠤᠷᠠᠭᠤᠯᠤᠭᠰᠠᠨ ᠬᠡᠮᠵᠢᠶ᠎ᠡ 2550. | 6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ︔ ᠬᠤᠪᠣᠷ | ᠰᠢᠷᠣᠢ ᠶᠢᠨ ᠨᠢᠭᠡᠳᠪᠦᠷᠢ ᠪᠠ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠭᠰᠡᠨ ᠬᠡᠮᠵᠢᠶ᠎ᠡ ᠲᠣᠰ ᠲᠣᠰ 2.4 ᠳᠠᠬᠢᠨ | ᠪᠠ 1.2 ᠳᠠᠬᠢᠨ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.9% ᠪᠠᠷ ᠨᠡᠮᠡᠭᠳᠡᠵᠡᠢ᠃ | ᠦᠢᠯᠡᠴᠢᠯᠡᠭᠡᠨ ᠤ ᠦᠢᠯᠡᠰ ᠦᠷᠭᠦᠯᠵᠢᠯᠡᠨ ᠦᠷᠨᠢᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ | ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.4% ᠪᠠᠷ | ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ | ᠬᠦᠮᠦᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2. | 5% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠡᠢ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢᠨ ᠳᠠᠭᠠᠤ ᠲᠦᠷᠭᠡᠳᠬᠡᠪᠡ | ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ | ᠲᠠᠷᠢᠶᠠᠴᠢᠨ ᠡᠷᠦᠬᠡ ᠪᠠᠭᠲᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 11.0 ᠢᠶᠠᠷ ᠨᠡᠮᠡᠭᠳᠡᠵᠦ᠂ 1 — | 8 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠴᠡᠭ ᠢᠶᠠᠷ ᠳᠡᠭᠡᠭᠰᠢᠯᠡᠵᠡᠢ᠃ ᠭᠤᠣᠯᠳᠠᠯᠭ᠎ᠠ ᠪᠣᠯᠬᠤ ᠪᠡᠯᠡ | ᠣᠷᠣᠭᠤᠯᠤᠯᠲᠠ ᠪᠠᠷ ᠢᠯᠭᠠᠨ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠵᠡᠢ᠃ ᠠᠵᠤ ᠦᠢᠯᠡᠰ ᠢᠶᠠᠷ ᠢᠯᠭᠠᠨ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 59.8% ᠪᠠᠷ | ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12. | 3% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 4.6 ᠪᠠᠷ ᠨᠡᠮᠡᠭᠳᠡᠵᠡᠢ᠃ ᠬᠤᠶᠠᠳᠤᠭᠠᠷ ᠠᠵᠤ ᠦᠢᠯᠡᠰ ᠤᠨ ᠳᠣᠲᠣᠷ᠎ᠠ᠂ ᠠᠵᠤ | ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠵᠦ᠂ ᠪᠥᠬᠦ | ᠪᠡᠯᠡ ᠣᠷᠣᠭᠤᠯᠤᠯᠲᠠ ᠶᠢᠨ ᠨᠡᠮᠡᠭᠳᠡᠯ ᠳᠤ ᠬᠤᠪᠢ ᠨᠡᠮᠡᠷᠢᠯᠡᠭᠰᠡᠨ ᠨᠣᠷᠮ᠎ᠠ ᠨᠢ 65.4% ᠳᠤ ᠬᠦᠷᠴᠡᠢ᠃ | ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠲᠣᠭᠲᠠᠭᠤᠨ ᠢᠶᠠᠷ ᠳᠡᠭᠡᠭᠰᠢᠯᠡᠪᠡ᠃ ᠲᠦᠷᠦᠭᠦᠤ ᠭᠤᠷᠪᠠᠨ ᠤᠯᠠᠷᠢᠯ ᠳᠤ | ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 3909. | 1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4 ᠪᠠᠷ ᠨᠡᠮᠡᠭᠳᠡᠨ᠂ 1 — | 8 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠴᠡᠭ ᠢᠶᠠᠷ ᠲᠦᠷᠭᠡᠳᠪᠡ᠃ ᠡᠵᠡᠩᠨᠡᠵᠦ ᠪᠦᠬᠦᠢ ᠨᠢᠭᠡᠴᠢ ᠶᠢᠨ | ᠪᠠᠶᠢᠭ᠎ᠠ ᠭᠠᠵᠠᠷ ᠢᠶᠠᠷ ᠢᠯᠭᠠᠨ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡ ᠶᠢᠨ ᠵᠦᠢᠯᠡᠰ ᠤᠨ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.3 ᠪᠠᠷ ᠨᠡᠮᠡᠭᠳᠡᠵᠦ᠂ ᠬᠥᠳᠡᠭᠡ | ᠲᠣᠰᠬᠤᠨ ᠤ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ | 4.3% ᠪᠠᠷ ᠨᠡᠮᠡᠭᠳᠡᠪᠡ᠃ ᠡᠭᠦᠨ ᠤ ᠬᠠᠮᠲᠤ᠂ ᠪᠥᠬᠦ ᠣᠷᠣᠨ ᠤ ᠬᠢᠵᠠᠭᠠᠷᠯᠠᠬᠤ ᠬᠡᠪᠴᠢᠶᠡᠨ ᠠᠴᠠ ᠳᠠᠪᠠᠭᠤᠯᠤᠭᠰᠠᠨ | ᠨᠢᠭᠡᠴᠢ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠯᠡᠭᠡ ᠶᠢᠨ ᠵᠦᠢᠯᠡᠰ ᠤᠨ ᠲᠥᠷᠥᠯ᠂ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠲᠥᠷᠥᠯ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 63.5%᠂ 79.3% ᠪᠠ 89. | 3 ᠪᠠᠷ ᠨᠡᠮᠡᠭᠳᠡᠪᠡ᠃ | ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ | ᠪᠥᠬᠦ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 29724 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠬᠠᠷᠢᠴᠠᠩᠭᠤᠢ ᠨᠡᠮᠡᠭᠳᠡᠵᠡᠢ᠃ | ᠪᠠᠶᠢᠩᠭᠤ ᠰᠠᠭᠤᠭ᠎ᠠ ᠭᠠᠵᠠᠷ ᠢᠶᠠᠷ ᠢᠯᠭᠠᠨ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 39070 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.3% ᠪᠠᠷ ᠬᠠᠷᠢᠴᠠᠩᠭᠤᠢ ᠨᠡᠮᠡᠭᠳᠡᠵᠡᠢ︔ ᠮᠠᠯᠵᠢᠬᠤ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 14753 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 6.4% ᠪᠠᠷ ᠬᠠᠷᠢᠴᠠᠩᠭᠤᠢ ᠨᠡᠮᠡᠭᠳᠡᠪᠡ᠃ |