ᠡᠨᠡ ᠵᠢᠯ ᠠᠴᠠ ᠨᠠᠭᠠᠰᠢ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠦᠵᠡᠯ | ᠰᠠᠨᠠᠭ᠎ᠠ᠂ ᠦᠶ᠋ᠯᠡ ᠠᠵᠢᠯᠯᠠᠭ᠎ᠠ᠂ ᠡᠷᠴᠢ ᠵᠣᠷᠢᠭ ᠢᠶᠠᠨ ᠲᠠᠰᠤᠷᠠᠯᠳᠠ ᠦᠬᠡᠢ ᠨᠢᠬᠡᠳᠬᠡᠵᠦ᠂ ︽ᠭᠤᠷᠪᠠ ᠶᠢ | ᠪᠠᠷᠢᠮᠲᠠᠯᠠᠬᠤ︾ ᠪᠠ ︽ᠦᠬᠡ ᠬᠡᠯᠡ︾ ᠪᠠᠷ ᠪᠠᠳᠤᠳᠬᠠᠬᠤ ᠶᠢ ᠳᠣᠪᠤᠶᠢᠯᠭᠠᠵᠤ᠂ ᠦᠭᠡ ᠬᠡᠯᠡ ᠥᠰᠥᠭ ᠪᠢᠴᠢᠭ ᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠲᠦᠯᠬᠢᠴᠡ ᠬᠦᠴᠦᠨ | ᠪᠣᠯᠭᠠᠪᠠ᠃ | ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠠᠷᠢᠮᠳᠠᠯᠠᠪᠠ᠃ ᠪᠦᠬᠦ ᠣᠷᠣᠨ ᠤ ᠦᠨᠳᠦᠰᠦᠲᠡᠨ ᠤ ᠵᠥᠪᠯᠡᠯ ᠤᠨ | ᠰᠢᠰᠲ᠋ᠧᠮ ᠤᠨ ᠬᠢᠨ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠦᠭᠡ ᠬᠡᠯᠡ ᠦᠰᠦᠭ ᠪᠢᠴᠢᠭ ᠤᠨ ᠠᠵᠢᠯ ᠤᠨ | ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠯ᠎ᠡ ᠱᠠᠲᠤᠨ ᠤ | ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠰᠤᠷᠤᠯᠴᠠᠯᠭ᠎ᠠ ᠪᠠ ᠣᠨ ᠤ ᠠᠵᠢᠯ ᠤᠨ ᠭᠤᠣᠯᠳᠠᠯᠭ᠎ᠠ ᠳᠤ ᠣᠷᠣᠭᠤᠯᠵᠤ᠂ ᠦᠨᠳᠦᠰᠦᠲᠡᠨ ᠤ | ᠠᠵᠢᠯ ᠤᠨ ᠭᠤᠣᠯ ᠡᠭᠦᠷᠭᠡ ᠲᠠᠢ ᠬᠠᠮᠲᠤ ᠰᠤᠳᠤᠯᠵᠤ᠂ ᠬᠠᠮᠲᠤ ᠪᠠᠶᠢᠷᠢᠯᠠᠭᠤᠯᠵᠤ᠂ ᠬᠠᠮᠲᠤ ᠨᠠᠶᠢᠳᠠᠪᠤᠷᠢᠵᠢᠭᠤᠯᠵᠤ᠂ | ᠬᠠᠮᠵᠢᠯᠴᠠᠨ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ ᠶᠢ ᠡᠯ᠎ᠡ ᠱᠠᠲᠤᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠨᠤᠯ ᠤᠨ ᠰᠤᠳᠤᠯᠭᠠᠨ᠂ | ᠬᠥᠮᠦᠵᠢᠯ ᠦᠢᠯᠡᠳᠦᠯᠭᠡ ᠪᠠ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠳᠤ ᠠᠭᠤᠰᠤᠯᠴᠠᠭᠤᠯᠵᠤ᠂ ᠦᠭᠡ | ᠬᠡᠯᠡ ᠪᠠᠷ ᠦᠨᠳᠦᠰᠦᠲᠡᠨ ᠨᠦᠭᠦᠳ ᠤᠨ ᠰᠣᠶᠣᠯ ᠬᠠᠷᠢᠯᠴᠠᠨ ᠨᠡᠪᠲᠡᠷᠡᠯᠴᠡᠬᠦ᠂ ᠠᠵᠤ ᠠᠬᠤᠢ ᠬᠠᠷᠢᠯᠴᠠᠨ | ᠲᠦᠰᠢᠯᠴᠡᠬᠦ᠂ ᠬᠠᠶᠢᠷ᠎ᠠ ᠰᠡᠳᠬᠢᠯᠭᠡ ᠬᠠᠷᠢᠯᠴᠠᠨ ᠳᠣᠲᠤᠨᠤᠴᠢᠯᠠᠬᠤ ᠶᠢ ᠠᠬᠢᠭᠤᠯᠪᠠ᠃ ᠦᠭᠡ ᠬᠡᠯᠡ ᠦᠰᠦᠭ | ᠪᠢᠴᠢᠭ ᠤᠨ ᠴᠠᠷᠠᠭ᠎ᠠ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ | ᠠᠰᠠᠭᠤᠳᠠᠯ ᠤᠨ ᠲᠣᠭᠤᠷᠢᠨ ᠳᠤ 3 ᠬᠤᠪᠢ ᠰᠤᠳᠤᠯᠭᠠᠨ ᠤ ᠮᠡᠳᠡᠭᠦᠯᠦᠯᠲᠡ ᠪᠢᠴᠢᠵᠦ᠂ ᠳᠡᠭᠡᠳᠦ ᠱᠠᠲᠤᠨ ᠤ ᠬᠠᠮᠢᠶ᠎ᠠ | ᠪᠦᠬᠦᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠦᠴᠦᠲᠡᠢ ᠯᠠᠪᠯᠠᠯᠲᠠ ᠬᠠᠩᠭᠠᠪᠠ᠃ | ᠦᠭᠡ ᠬᠡᠯᠡ ᠪᠠᠷ ᠠᠭᠤᠰᠤᠯᠴᠠᠭ᠎ᠠ ᠶᠢ ᠠᠬᠢᠭᠤᠯᠬᠤ ᠶᠢ ᠪᠠᠷᠢᠮᠳᠠᠯᠠᠪᠠ᠃ 27 ᠳ᠋ᠤᠭᠠᠷ ᠬᠤᠭᠤᠴᠠᠭᠠᠨ ᠤ ᠪᠦᠬᠦ | ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠨᠠᠷᠢᠨ ᠨᠢᠮᠪᠠᠶ | ᠵᠣᠬᠢᠶᠠᠨ ᠪᠠᠶᠢᠭᠤᠯᠤᠨ ᠥᠷᠨᠢᠭᠦᠯᠵᠦ᠂ ᠳᠡᠯᠭᠡᠷᠡᠭᠦᠯᠦᠨ ᠲᠦᠭᠡᠮᠡᠯᠵᠢᠭᠦᠯᠬᠦ ᠪᠠ ᠦᠭᠡ ᠬᠡᠯᠡ ᠰᠣᠶᠣᠯ ᠤᠨ | ᠠᠵᠢᠯᠯᠠᠭ᠎ᠠ ᠶᠢ ᠨᠡᠶᠢᠲᠡ 200 ᠰᠢᠬᠠᠮ ᠳᠠᠯᠠᠪᠠᠢ ᠡᠷᠬᠢᠯᠡᠵᠦ᠂ 1 ᠲᠦᠮᠡ ᠭᠠᠷᠤᠶ ᠬᠥᠮᠦᠨ ᠤᠷᠤᠯᠴᠠᠵᠤ᠂ ᠦᠭᠡ | ᠬᠡᠯᠡ ᠨᠡᠪᠲᠡᠷᠡᠯᠴᠡᠪᠡᠯ ᠣᠶᠤᠨ ᠰᠠᠨᠠᠭ᠎ᠠ ᠨᠡᠪᠲᠡᠷᠡᠯᠴᠡᠬᠦ᠂ ᠬᠤᠪᠢ ᠵᠠᠶᠠᠭ᠎ᠠ ᠨᠡᠪᠲᠡᠷᠡᠯᠴᠡᠬᠦ ᠶᠢ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ︽ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠤᠯᠠᠮ ᠴᠠᠭᠠᠰᠢᠲᠠ ᠰᠠᠶᠢᠲᠤᠷ | ᠬᠢᠬᠦ ᠲᠤᠬᠠᠢ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠠᠬᠢᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ | ᠪᠦᠬᠦᠢ ᠰᠤᠳᠤᠯᠭᠠᠨ ᠤ ᠰᠡᠳᠦᠪ 5 ᠶᠢ ᠵᠣᠬᠢᠶᠠᠨ ᠪᠠᠶᠢᠭᠤᠯᠤᠨ ᠪᠡᠶᠡᠯᠡᠬᠦᠯᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠬᠤ ᠪᠠ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠯᠭᠡᠷᠡᠭᠦᠯᠬᠦ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠳᠤ ᠬᠦᠴᠦᠨ ᠨᠡᠮᠡᠷᠢᠯᠡᠬᠦ ᠶᠢ ᠠᠬᠢᠭᠤᠯᠪᠠ᠃ ᠦᠭᠡ ᠬᠡᠯᠡ ᠦᠰᠦᠭ | ᠪᠢᠴᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠤᠬᠠᠭᠤᠯᠤᠨ ᠲᠤᠭᠤᠰᠢᠯᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠵᠢᠯᠯᠠᠭ᠎ᠠ ᠶᠢᠨ ᠰᠠᠷ᠎ᠠ︾ ᠪᠠ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠲᠤ | ᠲᠦᠰᠢᠭᠯᠡᠵᠦ᠂ ᠤᠬᠠᠭᠤᠯᠤᠨ ᠲᠠᠶᠢᠯᠪᠤᠷᠢᠯᠠᠵᠤ ᠬᠢᠴᠢᠶᠡᠯ ᠣᠷᠣᠬᠤ᠂ ᠶᠠᠷᠢᠶ᠎ᠠ ᠢᠯᠡᠳᠬᠡᠯ ᠬᠢᠵᠦ ᠳᠡᠯᠭᠡᠨ ᠦᠵᠡᠭᠦᠯᠬᠦ᠂ | ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ᠬᠢᠬᠦ᠂ ᠰᠦᠯᠵᠢᠶᠡᠨ ᠳᠡᠭᠡᠷ᠎ᠡ ᠥᠷᠢᠰᠦᠯᠳᠦᠨ ᠬᠠᠷᠢᠭᠤᠯᠬᠤ | ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ | ᠠᠭᠤᠰᠤᠯᠴᠠᠭ᠎ᠠ ᠶᠢ ᠢᠳᠡᠪᠬᠢᠲᠡᠶ ᠠᠬᠢᠭᠤᠯᠵᠤ᠂ ︽ᠲᠦᠷᠪᠡᠨ ᠬᠠᠮᠳᠤᠳᠬᠠᠬᠤ︾᠂ ︽ᠳᠠᠪᠤᠨ ᠮᠡᠳᠡᠷᠡᠬᠦᠢ︾ ᠶᠢ | ᠪᠠᠲᠤ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ | ᠬᠦᠴᠦᠯᠡᠨ ᠪᠠᠶᠢᠭᠤᠯᠪᠠ᠃ | ᠦᠬᠡ ᠬᠡᠯᠡ ᠪᠠᠷ ᠦᠢᠯᠡᠴᠢᠯᠡᠬᠦ ᠶᠢ ᠪᠠᠷᠢᠮᠳᠠᠯᠠᠪᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠡᠭᠯᠡᠯᠲᠡ ᠶᠢ ᠬᠦᠨᠳᠦᠳᠬᠡᠨ ᠪᠠᠲᠤᠯᠠᠵᠤ᠂ ︽ᠠᠨᠠᠷ ᠤᠨ ᠬᠡᠯᠬᠢᠶ᠎ᠡ︾ | ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠶᠢ 12 ᠤᠳᠠᠭ᠎ᠠ ᠡᠷᠬᠢᠯᠡᠵᠦ᠂ ᠳ᠋ᠢᠭᠢᠳ᠋ᠴᠢᠯᠡᠭᠰᠡᠨ ᠡᠬᠢ ᠪᠠᠶᠠᠯᠢᠭ᠂ | ᠤᠶᠤᠨᠴᠢᠯᠠᠬᠰᠠᠨ ᠦᠷ᠎ᠡ ᠪᠦᠲᠦᠭᠡᠯ᠂ ᠲᠣᠭᠠᠴᠢᠯᠠᠭᠰᠠᠨ ᠦᠢᠯᠡᠴᠢᠯᠡᠭᠡ ᠶᠢ ᠠᠭᠤᠰᠤᠯᠴᠠᠭᠤᠯᠤᠨ ᠬᠠᠮᠳᠤ ᠪᠠᠷ | ᠡᠳ᠋ᠯᠡᠵᠦ ᠂ ᠦᠨᠳᠦᠰᠦᠲᠡᠨ ᠤ ᠦᠭᠡ ᠬᠡᠯᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠭᠡ ᠬᠡᠯᠡᠨ ᠤ | ᠬᠠᠷᠰᠢ ᠰᠠᠭᠠᠳ ᠢ ᠢᠯᠠᠨ ᠳᠠᠪᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ | ᠪᠣᠯᠪᠠᠰᠤᠷᠠᠯ ᠢᠶᠠᠷ ᠬᠢᠯᠢ ᠬᠢᠵᠠᠭᠠᠷ ᠣᠷᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠤ ᠬᠦᠴᠦᠨ | ᠨᠡᠮᠡᠷᠢᠯᠡᠵᠦ᠂ ᠠᠷᠠᠳ ᠤᠯᠠᠨ ᠤ ᠬᠦᠷᠳᠡᠬᠡᠮᠵᠢᠳᠤ ᠲᠦᠷᠦᠭᠳᠡᠯ ᠪᠠ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠪᠠ᠃ ︽ | ᠰᠢ ᠶᠢᠨ ᠫᠢᠩ ᠲᠥᠷᠥ ᠶᠢ ᠵᠠᠰᠠᠬᠤ ᠲᠤᠬᠠᠢ︾ ᠭᠡᠬᠦ ᠨᠣᠮ ᠤᠨ ᠳᠥᠷᠪᠡᠳᠦᠭᠡᠷ ᠪᠣᠲᠢ ᠶᠢᠨ ᠮᠣᠩᠭᠤᠯ ᠬᠡᠯᠡᠨ ᠤ | ᠬᠡᠪᠯᠡᠯ ᠤᠨ ᠲᠠᠨᠢᠯᠴᠠᠭᠤᠯᠬᠤ ᠬᠤᠷᠠᠯ ᠪᠠ ᠨᠣᠮ ᠪᠡᠯᠡᠭᠯᠡᠬᠦ ᠠᠵᠢᠯᠯᠠᠭ᠎ᠠ ᠶᠢ ᠡᠷᠭᠢᠯᠡᠵᠦ᠂ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ ᠳᠤ 59850 ᠨᠤᠮ ᠳᠡᠪᠲᠡᠷ ᠪᠡᠯᠡᠭᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠨᠠᠮ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠰᠤᠷᠤᠯᠴᠠᠨ ᠡᠵᠡᠮᠰᠢᠬᠦ ᠶᠢ ᠭᠦᠨᠵᠡᠭᠡᠶᠢᠷᠡᠭᠦᠯᠪᠡ᠃ ᠮᠣᠩᠭᠤᠯ ᠦᠭᠡ | ᠬᠡᠯᠡ ᠥᠰᠥᠭ ᠪᠢᠴᠢᠭ ᠢ ᠳᠥᠷᠢᠮᠵᠢᠭᠦᠯᠬᠦ ᠪᠠᠷᠢᠮᠵᠢᠶᠠᠵᠢᠭᠤᠯᠬᠤ ᠮᠡᠳᠡᠭᠡ ᠵᠠᠩᠬᠢᠴᠢᠯᠠᠭᠤᠯᠬᠤ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠰᠤᠳᠤᠯᠤᠨ ᠦᠢᠯᠡᠳᠬᠦ ᠶᠢᠨ ᠪᠠᠷᠢᠮᠵᠢᠶ᠎ᠠ ᠪᠠ ᠳᠡᠯᠭᠡᠷᠡᠭᠦᠯᠦᠨ ᠬᠡᠷᠡᠭᠵᠢᠭᠦᠯᠬᠦ ᠶᠢ | ᠴᠢᠩᠭᠠᠳᠬᠠᠵᠤ᠂ ᠡᠯ᠎ᠡ ᠴᠠᠷᠠᠭ᠎ᠠ ᠬᠦᠷᠢᠶᠡᠨ ᠤ ᠰᠢᠨ᠎ᠡ ᠦᠭᠡ ᠨᠡᠷ᠎ᠡ ᠲᠣᠮᠢᠶ᠎ᠠ ᠶᠢ 182 ᠵᠤᠷᠪᠤᠰ ᠬᠢᠨᠠᠨ | ᠲᠣᠭᠲᠠᠭᠠᠵᠤ᠂ ᠪᠠᠷᠢᠮᠵᠢᠶ᠎ᠠ ᠠᠪᠢᠶᠠᠨ ᠤ ᠪᠣᠯᠪᠠᠰᠤᠷᠠᠯ ᠳᠤ 350 ᠬᠥᠮᠦᠨ ᠤᠳᠠᠭ᠎ᠠ ᠶᠢ ᠰᠢᠯᠭᠠᠷᠠᠭᠤᠯᠵᠤ᠂ | ᠣᠷᠴᠢᠭᠤᠯᠤᠭᠴᠢᠳ ᠲᠤ 600 ᠭᠠᠷᠤᠢ ᠬᠥᠮᠦᠨ ᠤᠳᠠᠭ᠎ᠠ ᠬᠦᠮᠦᠵᠢᠯ ᠪᠣᠯᠪᠠᠰᠤᠷᠠᠯ ᠬᠦᠷᠲᠡᠭᠡᠵᠦ᠂ ᠡᠷᠳᠡᠮ | ᠰᠢᠨᠵᠢᠯᠡᠭᠡᠨ ᠤ ᠰᠤᠳᠤᠯᠤᠯ ᠤᠨ ᠲᠥᠷᠥᠯ ᠵᠦᠢᠯ 8 ᠶᠢ ᠪᠡᠶᠡᠯᠡᠬᠦᠯᠵᠦ᠂ ᠮᠣᠩᠭᠤᠯ ᠬᠡᠯᠡᠨ ᠤ ᠣᠷᠴᠢᠭᠤᠯᠭ᠎ᠠ ᠶᠢᠨ | ᠲᠤᠰᠬᠠᠢ ᠮᠡᠷᠭᠡᠵᠢᠯ ᠤᠨ ᠬᠢᠷᠢ ᠬᠡᠮ ᠢ 89 ᠨᠡᠷᠡᠰ ᠬᠢᠨᠠᠨ ᠲᠣᠭᠲᠠᠭᠠᠵᠤ᠂ ᠪᠥᠬᠦ ᠣᠷᠣᠨ ᠤ ᠰᠤᠷᠭᠠᠨ ᠬᠥᠮᠦᠵᠢᠯ | ᠰᠣᠶᠣᠯ᠂ ᠰᠣᠨᠢᠨ ᠮᠡᠳᠡᠭᠡ ᠬᠡᠪᠯᠡᠯ᠂ ᠷᠠᠳᠢᠤ᠋ ᠲᠧᠯᠸᠢᠰ ᠵᠡᠷᠭᠡ ᠴᠠᠷᠠᠭ᠎ᠠ ᠬᠦᠷᠢᠶᠡᠨ ᠳᠤ ᠮᠣᠩᠭᠤᠯ ᠦᠭᠡ ᠬᠡᠯᠡ | ᠥᠰᠥᠭ ᠪᠢᠴᠢᠭ ᠢ ᠳᠥᠷᠢᠮᠵᠢᠭᠦᠯᠦᠨ ᠬᠡᠷᠡᠭᠯᠡᠬᠦ ᠳᠤ ᠴᠠᠭ ᠲᠤᠬᠠᠢ ᠳᠤ ᠨᠢ ᠪᠦᠲᠦᠮᠵᠢᠲᠡᠢ ᠦᠢᠯᠡᠴᠢᠯᠡᠭᠡ ᠬᠠᠩᠭᠠᠪᠠ᠃ | |