ᠡᠨᠡ ᠵᠢᠯ ᠤᠨ 3 ᠳ᠋ᠤᠭᠠᠷ ᠰᠠᠷ᠎ᠠ ᠶᠢᠨ 15 ᠤ ᠡᠳᠦᠷ᠂ ᠹᠦᠵᠧᠦ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠨᠢ ᠵᠠᠭᠤᠴᠢᠯᠠᠭᠤᠷ ᠲᠠᠢ ᠨᠢᠭᠲᠠ ᠬᠠᠮᠲᠤᠷᠠᠨ᠂ ᠨᠢᠭᠡᠨ ᠲᠣᠭᠤᠷᠢᠭ ᠤᠨ ᠠᠷᠠᠳ ᠠᠴᠠ | ᠡᠵᠡᠩᠨᠡᠭᠰᠡᠨ ᠪᠠᠶᠢᠭᠤᠯᠤᠮᠵᠢ ᠳᠤ ᠭᠦᠨᠵᠡᠭᠡᠶᠢᠷᠡᠨ᠂ ᠲᠤᠰ ᠡᠮᠨᠡᠯᠭᠡ ᠶᠢᠨ ᠬᠤᠷᠢᠶ᠎ᠠ ᠨᠢ ︽ᠰᠦᠢᠳᠭᠡᠯ ᠬᠤᠷᠢᠶᠠᠬᠤ | ᠦᠭᠡᠢ ᠪᠠᠷ ᠡᠮᠨᠡᠯᠭᠡ ᠳᠤ ᠰᠠᠭᠤᠬᠤ︾ ᠨᠡᠷ᠎ᠡ ᠪᠠᠷ ᠡᠪᠡᠳᠴᠢᠲᠡᠨ ᠢ ᠲᠠᠲᠠᠵᠤ᠄ ︽ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠢᠶᠠᠨ ᠲᠤᠰᠢᠶᠠᠭᠰᠠᠨ ᠣᠯᠠᠨ ᠲᠦᠮᠡᠨ᠂ ᠮᠥᠷᠥ ᠳᠠᠯᠤ ᠰᠢᠷᠬᠢᠷᠡᠨ ᠡᠪᠡᠳᠬᠦ᠂ ᠪᠦᠰᠡᠯᠡᠭᠦᠷ | ᠨᠢᠷᠤᠭᠤᠨ ᠤ ᠰᠡᠭᠡᠷ ᠤᠨ ᠲᠠᠪᠠᠭ ᠳᠣᠪᠤᠶᠢᠭᠰᠠᠨ ᠵᠡᠷᠭᠡ ᠡᠪᠡᠳᠴᠢᠨ ᠲᠠᠢ ᠯᠡ ᠶᠤᠮ ᠪᠣᠯ᠂ ᠲᠤᠰ ᠡᠮᠨᠡᠯᠭᠡ ᠳᠤ | ᠰᠠᠭᠤᠵᠤ᠂ ᠡᠪᠡᠳᠴᠢᠨ ᠲᠠᠢ ᠪᠣᠯ ᠡᠪᠡᠳᠴᠢᠨ ᠢᠶᠠᠨ ᠵᠠᠰᠠᠵᠤ ᠪᠣᠯᠤᠨ᠎ᠠ᠂ ᠡᠪᠡᠳᠴᠢᠨ ᠦᠭᠡᠢ ᠪᠣᠯ ᠰᠤᠪᠢᠯᠠᠭᠤᠯᠵᠤ | ᠪᠣᠯᠤᠨ᠎ᠠ᠂ ᠶᠠᠮᠠᠷᠪᠠ ᠬᠤᠪᠢ ᠶᠢᠨ ᠵᠠᠷᠤᠳᠠᠯ ᠭᠠᠷᠭᠠᠬᠤ ᠴᠢᠬᠤᠯᠠ ᠦᠭᠡᠢ︾ ᠭᠡᠵᠦ ᠲᠡᠳᠡᠨ ᠳᠤ ᠬᠡᠯᠡᠭᠰᠡᠨ ᠪᠠᠶᠢᠨ᠎ᠠ᠃ | | ᠶᠢᠷᠲᠢᠨᠴᠦ ᠳᠡᠭᠡᠷ᠎ᠡ ᠦᠨᠡᠬᠡᠷ ᠰᠦᠢᠳᠬᠡᠯ ᠬᠤᠷᠢᠶᠠᠬᠤ ᠦᠭᠡᠢ ᠦᠳᠡ ᠶᠢᠨ ᠬᠤᠭᠤᠯᠠ ᠪᠠᠶᠢᠨ᠎ᠠ ᠭᠡᠵᠦ ᠦᠦ︖ | | ᠪᠠᠶᠢᠴᠠᠭᠠᠯᠲᠠ ᠶᠢᠨ ᠶᠠᠪᠤᠴᠠ ᠳᠤ᠂ ᠣᠯᠠᠩᠬᠢ ᠨᠠᠰᠤᠲᠠᠨ᠄ ︽ᠪᠢᠳᠡ ᠪᠠᠭ᠎ᠠ ᠰᠠᠭ᠎ᠠ ᠬᠤᠭᠤᠯᠠᠨ ᠤ ᠵᠠᠷᠤᠳᠠᠯ | ᠲᠤᠰᠢᠶᠠᠵᠤ᠂ ᠪᠤᠰᠤᠳ ᠡᠪᠡᠳᠴᠢᠨ ᠦᠵᠡᠭᠦᠯᠬᠦ ᠪᠠᠶᠢᠴᠠᠭᠠᠯᠲᠠ ᠶᠢᠨ ᠵᠠᠷᠤᠳᠠᠯ ᠢ ᠡᠮᠴᠢᠯᠡᠭᠡᠨ ᠤ ᠳᠠᠭᠠᠳᠬᠠᠯ ᠢᠶᠠᠷ | ᠲᠠᠩᠰᠠ ᠴᠠᠶᠢᠷᠠᠭᠤᠯᠬᠤ ᠪᠤᠶᠤ ᠡᠮᠨᠡᠯᠭᠡ ᠶᠢᠨ ᠬᠤᠷᠢᠶ᠎ᠠ ᠣᠷᠣᠯᠠᠨ ᠥᠭᠳᠡᠭ᠂ ᠡᠮᠴᠢᠯᠡᠭᠡᠨ ᠤ ᠳᠠᠭᠠᠳᠬᠠᠯ ᠤᠨ | ᠺᠠᠷᠲ ᠪᠠᠨ ᠠᠪᠤᠭᠠᠳ ᠣᠴᠢᠪᠠᠯ ᠪᠣᠯᠴᠢᠬᠠᠨ᠎ᠠ︾ ᠭᠡᠵᠦ ᠲᠤᠰᠬᠠᠪᠠ᠃ | ᠭᠡᠪᠡᠴᠦ ᠪᠣᠳᠠᠲᠠᠶ ᠡᠮᠨᠡᠭᠦᠯᠵᠦ ᠪᠠᠶᠢᠭ᠎ᠠ ᠪᠠᠶᠢᠳᠠᠯ ᠢ ᠨᠢ ᠠᠰᠠᠭᠤᠬᠤ ᠳᠤ᠂ ᠨᠠᠰᠤᠲᠠᠶᠢᠴᠤᠳ ᠪᠦᠷᠢᠮᠦᠰᠦᠨ | ᠲᠣᠳᠣᠷᠬᠠᠢ ᠦᠭᠡᠢ ᠪᠠᠶᠢᠵᠤ᠂ ᠡᠮᠨᠡᠨ ᠵᠠᠰᠠᠬᠤ ᠪᠣᠳᠠᠲᠠᠶ ᠲᠥᠷᠥᠯ ᠵᠦᠢᠯ ᠢ ᠨᠢ ᠮᠡᠳᠡᠬᠦ ᠦᠭᠡᠶ ᠮᠥᠷᠲᠡᠭᠡᠨ | ᠰᠦᠢᠳᠬᠡᠯ ᠬᠤᠷᠢᠶᠠᠬᠤ ᠨᠠᠷᠢᠨ ᠤᠴᠢᠷ ᠢ ᠴᠤ ᠣᠶᠢᠯᠠᠭᠠᠬᠤ ᠦᠭᠡᠶ ᠪᠠᠶᠢᠪᠠ᠃ ᠵᠠᠷᠢᠮ ᠨᠠᠰᠤᠲᠠᠨ ᠪᠠᠰᠠ | ᠥᠪᠡᠷ ᠢᠶᠠᠨ ᠵᠥᠪᠬᠡᠨ ᠪᠦᠰᠡᠯᠡᠭᠦᠷ ᠨᠢᠷᠤᠭᠤᠨ ᠤ ᠰᠡᠭᠡᠷ ᠤᠨ ᠲᠠᠪᠠᠭ ᠳᠣᠪᠤᠶᠢᠭᠰᠠᠨ ᠡᠪᠡᠳᠴᠢᠨ ᠲᠠᠢ᠂ ᠣᠴᠢᠬᠤ | ᠦᠶ᠎ᠡ ᠳᠤ ᠵᠥᠪ ᠵᠦᠭᠡᠷ ᠠᠯᠬᠤᠵᠤ ᠪᠠᠶᠢᠭᠰᠠᠨ᠂ ᠡᠮᠨᠡᠯᠭᠡ ᠳᠤ ᠰᠠᠭᠤᠭᠠᠳ ᠬᠠᠷᠢᠵᠤ ᠢᠷᠡᠭᠰᠡᠨ ᠤ ᠳᠠᠷᠠᠭ᠎ᠠ ᠬᠠᠷᠢᠨ | ᠡᠪᠡᠳᠦᠭᠡᠳ ᠵᠣᠭᠰᠣᠬᠤ ᠦᠭᠡᠢ ᠪᠣᠯᠪᠠ ᠭᠡᠵᠦ ᠢᠯᠡᠳᠭᠡᠪᠡ᠃ ᠵᠠᠷᠢᠮ ᠨᠠᠰᠤᠲᠠᠨ ᠶᠠᠷᠢᠯᠴᠠᠭᠰᠠᠨ ᠤ ᠳᠠᠷᠠᠭ᠎ᠠ᠂ | ᠬᠥᠮᠦᠨ ᠪᠦᠬᠦᠨ ᠶᠠᠮᠠᠷ ᠡᠪᠡᠳᠴᠢᠨ ᠲᠠᠢ ᠴᠤ ᠭᠡᠰᠡᠨ ᠴᠥᠮ ᠵᠡᠭᠦᠦ ᠲᠥᠭᠡᠨᠡᠯᠭᠡ ᠶᠢᠨ ᠲᠥᠷᠥᠯ ᠵᠦᠢᠯ ᠢ | ᠥᠩᠭᠡᠷᠡᠭᠡᠵᠦ᠂ ᠡᠮᠨᠡᠯᠭᠡ ᠶᠢᠨ ᠬᠤᠷᠢᠶ᠎ᠠ ᠨᠢ ᠦᠨᠡᠨ ᠰᠡᠳᠬᠢᠯ ᠠᠴᠠ ᠪᠠᠨ ᠡᠪᠡᠳᠴᠢᠨ ᠵᠠᠰᠠᠬᠤ ᠰᠠᠨᠠᠭ᠎ᠠ ᠦᠭᠡᠢ | ᠪᠠᠶᠢᠵᠤ ᠮᠡᠳᠡᠨ᠎ᠡ ᠭᠡᠰᠡᠨ ᠢ ᠤᠬᠠᠵᠤ ᠮᠡᠳᠡᠭᠰᠡᠨ ᠪᠠᠶᠢᠨ᠎ᠠ᠃ | ︽ᠰᠦᠢᠳᠬᠡᠯ ᠦᠯᠦ ᠬᠤᠷᠢᠶᠠᠬᠤ︾ ᠶᠢᠨ ᠠᠷᠤ ᠳᠠᠬᠢ ᠦᠨᠡᠨ ᠪᠠᠶᠢᠳᠠᠯ ᠡᠲᠡᠭᠡᠷ ᠠᠰᠠᠭᠤᠳᠠᠯ ᠢ | ᠢᠯᠡᠷᠡᠭᠦᠯᠦᠭᠰᠡᠨ ᠤ ᠳᠠᠷᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠳᠲᠡᠷ ᠲᠦᠷᠭᠡᠨ ᠬᠥᠳᠡᠯᠦᠯᠴᠡᠵᠦ᠂ ᠮᠤᠵᠢ ᠬᠤᠲᠠ ᠣᠷᠣᠨ ᠭᠤᠷᠪᠠᠨ ᠱᠠᠲᠤ ᠬᠤᠯᠪᠣᠭᠠᠯᠠᠨ | ᠬᠥᠳᠡᠯᠦᠯᠴᠡᠵᠦ᠂ ᠡᠮᠴᠢᠯᠡᠭᠡᠨ ᠤ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠳᠠᠷᠦ᠋ᠢᠬᠠᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠲᠣᠰ ᠡᠮᠨᠡᠯᠭᠡ ᠶᠢᠨ ᠬᠤᠷᠢᠶᠠᠨ ᠳᠤ | ᠬᠦᠷᠴᠦ ᠪᠠᠶᠢᠴᠠᠭᠠᠯᠲᠠ ᠬᠢᠪᠠ᠃ | ᠪᠠᠶᠢᠴᠠᠭᠠᠯᠲᠠ ᠶᠢᠨ ᠭᠦᠨᠵᠡᠭᠡᠶᠢᠷᠡᠬᠦ ᠶᠢ ᠳᠠᠭᠠᠯᠳᠤᠨ᠂ ᠲᠣᠰ ᠡᠮᠨᠡᠯᠭᠡ ᠶᠢᠨ ᠬᠤᠷᠢᠶᠠᠨ ᠤ ︽ᠰᠦᠢᠳᠬᠡᠯ | ᠬᠤᠷᠢᠶᠠᠬᠤ ᠦᠭᠡᠢ ᠪᠠᠷ ᠡᠮᠨᠡᠯᠭᠡ ᠳᠤ ᠰᠠᠭᠤᠬᠤ︾ ᠤᠨ ᠠᠷᠤ ᠳᠤ᠄ ᠤᠭᠰᠠᠷᠠᠭᠰᠠᠨ ᠰᠦᠢᠳᠬᠡᠯ ᠬᠤᠷᠢᠶᠠᠬᠤ᠂ | ᠭᠤᠷᠪᠠᠨ ᠬᠠᠭᠤᠳᠠᠰᠤ ᠨᠢ ᠨᠢᠭᠡᠳᠦᠯ ᠥᠬᠡᠶ᠂ ᠬᠢᠷᠢ ᠬᠡᠮ ᠦᠭᠡᠢ ᠪᠠᠷ ᠣᠨᠣᠰᠢᠯᠠᠨ ᠡᠮᠨᠡᠬᠦ ᠲᠥᠷᠥᠯ ᠵᠦᠢᠯ | ᠥᠷᠨᠢᠭᠦᠯᠬᠦ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠣᠳᠣᠯᠲᠠ ᠳᠤ ᠣᠷᠣᠭᠤᠯᠬᠤ ᠵᠡᠷᠭᠡ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠨᠢᠭᠤᠭᠳᠠᠵᠤ᠂ ᠨᠡᠶᠢᠲᠡ 160 ᠭᠠᠷᠤᠶ ᠲᠦᠮᠡᠨ ᠲᠥᠭᠦᠷᠢᠭ ᠤᠨ | ᠵᠣᠭᠤᠰ ᠳᠤ ᠬᠤᠯᠪᠣᠭᠳᠠᠵᠠᠶ᠃ | ᠵᠢᠱᠢᠶᠡᠯᠡᠪᠡᠯ᠂ ᠸᠠᠩ ᠠᠪᠠᠭ᠎ᠠ ᠪᠦᠰᠡᠯᠡᠭᠦᠷ ᠨᠢᠷᠤᠭᠤᠨ ᠤ ᠰᠡᠭᠡᠷ ᠤᠨ ᠲᠠᠪᠠᠭ ᠳᠣᠪᠤᠶᠢᠭᠰᠠᠨ ᠡᠪᠡᠳᠴᠢᠨ ᠢᠶᠠᠷ | ᠲᠤᠰ ᠡᠮᠨᠡᠯᠭᠡ ᠳᠤ ᠮᠡᠰᠡ ᠵᠠᠰᠠᠯ ᠬᠢᠵᠦ᠂ ᠡᠮᠨᠡᠯᠭᠡ ᠳᠤ ᠰᠠᠭᠤᠭᠰᠠᠨ ᠬᠤᠭᠤᠴᠠᠭᠠᠨ ᠳᠤ 400 ᠲᠥᠭᠦᠷᠢᠭ ᠤᠨ | ᠬᠤᠭᠤᠯᠠᠨ ᠰᠦᠢᠳᠭᠡᠯ ᠲᠤᠰᠢᠶᠠᠵᠤ᠂ ᠬᠤᠪᠢ ᠶᠢᠨ ᠵᠠᠷᠤᠳᠠᠯ ᠤᠨ 2306.86 ᠲᠥᠭᠦᠷᠢᠭ ᠢ ᠨᠢ ᠡᠮᠨᠡᠯᠭᠡ ᠶᠢᠨ | ᠬᠤᠷᠢᠶ᠎ᠠ ᠠᠴᠠ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠦᠯᠡᠳᠡᠭᠰᠡᠨ 9560.81 ᠲᠥᠭᠦᠷᠢᠭ ᠢ ᠨᠢ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠪᠠ᠃ ︽ᠪᠢᠳᠡ ᠡᠪᠡᠳᠴᠢᠲᠡᠨ ᠤ ᠳ᠋ᠦᠩᠨᠡᠨ | ᠪᠤᠳᠤᠭᠰᠠᠨ ᠪᠠᠷᠢᠮᠲᠠ ᠠᠴᠠ ᠦᠵᠡᠪᠡᠯ᠂ ᠭᠠᠭᠴᠠ ᠮᠠᠲ᠋ᠧᠷᠢᠶᠠᠯ ᠤᠨ ᠵᠠᠷᠤᠳᠠᠯ ᠨᠢ 8008.59 ᠲᠥᠭᠦᠷᠢᠭ ᠲᠤ | ᠬᠦᠷᠴᠦ᠂ ᠰᠡᠵᠢᠭ ᠲᠠᠢ ᠵᠦᠢᠯ ᠣᠯᠠᠨ ᠪᠠᠶᠢᠨ᠎ᠠ︾ ᠭᠡᠵᠦ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠳᠤ | ᠣᠷᠣᠯᠴᠠᠭᠰᠠᠨ ᠠᠵᠢᠯᠲᠠᠨ ᠬᠡᠯᠡᠪᠡ᠃ ᠪᠠᠶᠢᠴᠠᠭᠠᠬᠤ ᠠᠵᠢᠯᠲᠠᠨ ᠮᠥᠷ ᠢᠶᠠᠷ ᠨᠢ ᠰᠦᠪᠡᠯᠡᠵᠦ᠂ ᠬᠤᠷᠣᠭᠳᠠᠯ | ᠮᠠᠲ᠋ᠧᠷᠢᠶᠠᠯ ᠵᠢᠴᠢ ᠡᠳ᠋ ᠤᠨ ᠶᠠᠪᠤᠳᠠᠯ ᠤᠨ ᠲᠠᠩᠰᠠᠨ ᠤ ᠲᠠᠯ᠎ᠠ ᠠᠴᠠ ᠭᠠᠷᠳᠠᠵᠤ᠂ ᠲᠣᠰ ᠡᠮᠨᠡᠯᠭᠡ ᠶᠢᠨ ᠬᠤᠷᠢᠶᠠᠨ ᠳᠤ | ︽ᠰᠡᠭᠡᠷ ᠤᠨ ᠲᠠᠪᠠᠭ ᠤᠨ ᠪᠢᠴᠢᠯ ᠭᠡᠮᠲᠦᠯᠲᠦ ᠬᠠᠶᠢᠯᠠᠭᠤᠯᠬᠤ ᠵᠠᠰᠠᠯ︾ ᠬᠢᠭᠰᠡᠨ ᠡᠪᠡᠳᠴᠢᠲᠡᠨ ᠤ ᠬᠡᠷᠡᠭᠯᠡᠭᠰᠡᠨ | ᠬᠤᠶᠠᠷ ᠵᠦᠢᠯ ᠤᠨ ᠬᠤᠷᠣᠭᠳᠠᠯ ᠮᠠᠲ᠋ᠧᠷᠢᠶᠠᠯ ᠳᠤ ᠪᠣᠳᠠᠲᠠᠶ ᠬᠤᠳᠠᠯᠳᠤᠨ ᠠᠪᠬᠤ ᠦᠨ᠎ᠡ ᠨᠢ ᠪᠠᠷᠢᠮᠲᠠ ᠥᠭᠬᠦ | ᠦᠨ᠎ᠡ ᠲᠠᠢ ᠨᠢᠭᠡᠳᠦᠯ ᠥᠬᠡᠶ ᠪᠠᠶᠢᠬᠤ ᠪᠠᠶᠢᠳᠠᠯ ᠣᠷᠣᠰᠢᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ | ᠮᠡᠬᠡᠯᠡᠨ ᠠᠪᠤᠭᠰᠠᠨ ᠰᠡᠵᠢᠭᠲᠡᠶ᠃ | ᠡᠨᠡ ᠬᠦ ︽ᠰᠦᠢᠳᠭᠡᠯ ᠬᠤᠷᠢᠶᠠᠬᠤ ᠦᠭᠡᠢ ᠪᠠᠷ ᠡᠮᠨᠡᠯᠭᠡ ᠳᠤ ᠰᠠᠭᠤᠬᠤ︾ ᠪᠣᠷᠣᠯᠠᠭᠤᠯᠭ᠎ᠠ ᠨᠢ᠂ | ᠡᠮᠴᠢᠯᠡᠭᠡᠨ ᠤ ᠡᠬᠢ ᠪᠠᠶᠠᠯᠢᠭ ᠤᠨ ᠪᠦᠷᠢᠯᠭᠡᠯ ᠪᠣᠯᠬᠤ ᠮᠥᠷᠲᠡᠭᠡᠨ ᠪᠠᠰᠠ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦᠨ ᠤ ᠬᠤᠬᠢᠷᠠᠯ ᠪᠣᠯᠤᠨ᠎ᠠ᠃ ᠦᠵᠡᠬᠦ ᠳᠤ ᠪᠠᠭ᠎ᠠ ᠬᠤᠨᠵᠢᠪᠤᠷᠢ ᠣᠯᠣᠭᠰᠠᠨ ᠲᠡᠳᠡᠭᠡᠷ ᠨᠠᠰᠤᠲᠠᠨ ᠡᠮᠴᠢᠯᠡᠭᠡᠨ ᠤ | ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠪᠠᠭᠠᠵᠢ ᠪᠣᠯᠣᠭᠰᠠᠨ ᠢᠶᠠᠷ | ᠪᠠᠷᠠᠬᠤ ᠥᠬᠡᠶ᠂ ᠴᠢᠨᠠᠭᠰᠢᠯᠠᠪᠠᠯ ᠡᠨᠡ ᠤᠳᠠᠭᠠᠨ ᠤ ᠰᠦᠢᠳᠬᠡᠯ ᠬᠤᠷᠢᠶᠠᠬᠤ ᠥᠬᠡᠶ ︽ᠦᠪᠡᠳᠡᠭᠰᠢ ᠳᠠᠶᠢᠯᠠᠯᠭ᠎ᠠ︾ | ᠳᠤ ᠲᠣᠰ ᠪᠡᠶ᠎ᠡ ᠶᠢᠨ ᠠᠮᠢ ᠨᠠᠰᠤ ᠡᠷᠡᠭᠦᠯ ᠮᠡᠨᠳᠦ ᠨᠢ ᠴᠦ ᠪᠠᠲᠤᠯᠠᠭ᠎ᠠ ᠥᠬᠡᠶ ᠪᠠᠶᠢᠪᠠ᠃ ᠪᠠᠶᠢᠴᠠᠭᠠᠯᠲᠠ ᠶᠢᠨ | ᠳᠤᠮᠳᠠ᠂ ᠡᠳᠡᠭᠡᠷ ᠦᠵᠡᠬᠦ ᠳᠤ ᠰᠦᠢᠳᠬᠡᠯ ᠬᠤᠷᠢᠶᠠᠬᠤ ᠦᠭᠡᠢ ᠪᠠᠷ ᠡᠮᠨᠡᠨ ᠵᠠᠰᠠᠬᠤ ᠡᠮᠨᠡᠯᠭᠡ ᠳᠤ ᠳᠥᠭᠦᠮ | ᠪᠦᠳᠦᠭᠦᠯᠢᠭ ᠮᠡᠰᠡ ᠵᠠᠰᠠᠯ ᠤᠨ ᠲᠠᠰᠤᠭ᠂ ᠬᠠᠭᠤᠴᠢᠷᠠᠭᠰᠠᠨ ᠡᠮᠴᠢᠯᠡᠭᠡᠨ ᠤ ᠲᠥᠬᠦᠭᠡᠷᠦᠮᠵᠢ᠂ ᠪᠤᠵᠠᠷ ᠪᠤᠷᠲᠠᠭ | ᠡᠮᠴᠢᠯᠡᠭᠡᠨ ᠤ ᠡᠷᠡᠭᠦᠯ ᠬᠠᠮᠠᠭᠠᠯᠠᠯ ᠤᠨ ᠨᠥᠬᠦᠴᠡᠯ ᠨᠢᠭᠤᠭᠳᠠᠵᠤ ᠪᠠᠶᠢᠪᠠ᠃ ᠬᠢᠮᠳᠠ ᠳᠤ ᠨᠢ ᠰᠢᠨᠤᠭᠰᠠᠨ ᠬᠡᠰᠡᠭ | ᠣᠯᠠᠨ ᠲᠦᠮᠡᠨ ᠡᠨᠡᠬᠦ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ ᠰᠣᠩᠭᠤᠨ ᠣᠨᠣᠰᠢᠯᠠᠨ ᠡᠮᠨᠡᠬᠦ᠂ | ᠴᠢᠨᠠᠭᠰᠢᠯᠠᠪᠠᠯ ᠮᠡᠰᠡ ᠵᠠᠰᠠᠯ ᠬᠢᠪᠡᠯ᠂ ᠡᠮᠴᠢᠯᠡᠭᠡᠨ ᠤ ᠠᠮᠤᠷ ᠲᠦᠪᠰᠢᠨ ᠤ ᠬᠦᠨᠳᠦ ᠨᠣᠴᠢᠲᠠᠶ ᠳᠠᠯᠳᠠ ᠭᠡᠮ | ᠣᠷᠣᠰᠢᠵᠤ᠂ ᠡᠮᠴᠢᠯᠡᠭᠡᠨ ᠤ ᠠᠳᠡᠯ ᠭᠠᠷᠬᠤ ᠳᠤ ᠬᠦᠷᠪᠡᠯ ᠭᠡᠮᠰᠢᠭᠰᠡᠨ ᠴᠤ ᠣᠷᠦ᠋ᠢᠳᠠᠵᠤ᠂ ᠣᠯᠣᠭᠰᠠᠨ ᠴᠤ | ᠭᠠᠷᠤᠵᠠ ᠳᠤ ᠪᠠᠨ ᠬᠦᠷᠬᠦ ᠦᠭᠡᠢ ᠪᠣᠯᠣᠨ᠎ᠠ᠃ | ᠣᠳᠣᠬᠠᠨ ᠳᠤ᠂ ᠬᠠᠷᠢᠶ᠎ᠠ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠡᠮᠴᠢᠯᠡᠭᠡᠨ ᠤ | ᠳᠠᠭᠠᠳᠬᠠᠯ ᠤᠨ ᠬᠡᠯᠡᠯᠴᠡᠭᠡᠷ ᠶᠣᠰᠣᠭᠠᠷ ᠲᠣᠭᠲᠠᠭᠠᠯ ᠠᠴᠠ ᠵᠥᠷᠢᠴᠡᠭᠰᠡᠨ ᠵᠣᠭᠤᠰ ᠤᠨ ᠲᠤᠭ᠎ᠠ ᠶᠢ ᠨᠡᠬᠡᠮᠵᠢᠯᠡᠨ | ᠠᠪᠴᠢᠷᠠᠭᠰᠠᠨ ᠪᠥᠭᠡᠳ ᠳᠠᠭᠠᠳᠬᠠᠯ ᠢ ᠮᠡᠬᠡᠯᠡᠨ ᠠᠪᠤᠭᠰᠠᠨ ᠬᠡᠷᠡᠭ ᠤᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ᠂ ᠬᠡᠷᠡᠭ ᠢ ᠶᠠᠭ ᠲᠠᠩᠨᠠᠨ ᠰᠢᠢᠳᠪᠦᠷᠢᠯᠡᠵᠦ ᠪᠠᠶᠢᠨ᠎ᠠ᠃ | ︽ᠰᠦᠢᠳᠭᠡᠯ ᠬᠤᠷᠢᠶᠠᠬᠤ ᠦᠭᠡᠢ ᠪᠠᠷ ᠡᠮᠨᠡᠯᠭᠡ ᠳᠤ ᠰᠠᠭᠤᠬᠤ︾ ᠨᠢ ᠪᠠᠭ᠎ᠠ ᠳᠤ ᠳᠤᠷᠠᠯᠠᠵᠤ ᠶᠡᠭᠡ ᠪᠠᠨ | ᠠᠯᠳᠠᠭᠰᠠᠨ ᠶᠠᠪᠤᠳᠠᠯ ᠮᠥᠨ ︽ᠰᠠᠨᠠᠭ᠎ᠠ ᠨᠢ ᠲᠥᠪ ᠪᠤᠰᠤ ᠪᠣᠯ ᠦᠢᠯᠡ ᠶᠠᠪᠤᠳᠠᠯ ᠨᠢ ᠴᠤ ᠲᠥᠪ ᠪᠤᠰᠤ︾᠃ ︽ | ᠰᠦᠢᠳᠬᠡᠯ ᠬᠤᠷᠢᠶᠠᠬᠤ ᠦᠭᠡᠢ ᠪᠠᠷ ᠡᠮᠨᠡᠯᠭᠡ ᠳᠤ ᠰᠠᠭᠤᠬᠤ︾ ᠨᠢ ᠣᠨᠴᠠ ᠵᠠᠷᠢᠮ ᠡᠮᠴᠢᠯᠡᠭᠡᠨ ᠤ ᠪᠠᠶᠢᠭᠤᠯᠤᠮᠵᠢ ᠶᠢᠨ | ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠪᠣᠯᠤᠭᠰᠠᠨ ᠤ ᠬᠤᠪᠢ ᠳᠤ᠂ ᠠᠷᠠᠳ ᠢᠷᠭᠡᠳ ᠠᠷᠭᠠᠨ ᠳᠤ ᠣᠷᠣᠪᠠᠯ | ᠳᠠᠷᠤᠢ ᠲᠡᠳᠡᠨ ᠤ ᠠᠰᠢᠭ ᠣᠯᠵᠠᠪᠤᠷᠢ ᠣᠯᠬᠤ ᠶᠢᠨ ᠪᠠᠭᠠᠵᠢ ᠪᠣᠯᠵᠤ᠂ ᠬᠠᠷᠢᠨ ᠰᠡᠳᠬᠢᠯ ᠲᠠᠯᠪᠢᠨ ᠡᠮᠨᠡᠨ ᠵᠠᠰᠠᠬᠤ | ᠪᠠ ᠦᠢᠯᠡᠴᠢᠯᠡᠬᠦ ᠡᠲᠡᠭᠡᠳ ᠨᠢ ᠪᠢᠰᠢ ᠪᠣᠯᠣᠨ᠎ᠠ᠃ ᠡᠶᠢᠮᠦ ᠠᠴᠠ ᠰᠠᠶ᠋ᠢ ᠡᠮᠦᠨ᠎ᠡ ᠬᠡᠳᠦᠨ ᠨᠠᠰᠤᠳᠠᠨ ᠤ ᠲᠤᠰᠬᠠᠭᠰᠠᠨ | ᠡᠮᠨᠡᠨ ᠵᠠᠰᠠᠬᠤ ᠠᠷᠭ᠎ᠠ ᠪᠠᠷᠢᠯ ᠨᠢ ᠨᠢᠭᠡᠳᠦᠯᠲᠡᠶ᠂ ᠡᠮᠨᠡᠨ ᠵᠠᠰᠠᠬᠤ ᠦᠷ᠎ᠡ ᠪᠦᠲᠦᠮᠵᠢ ᠨᠢ ︽ᠰᠠᠶᠢᠵᠢᠷᠠᠬᠤ ᠦᠭᠡᠢ | ᠳᠡᠭᠡᠷ᠎ᠡ ᠪᠠᠨ ᠮᠠᠭᠤᠳᠠᠬᠤ︾ ᠵᠡᠷᠭᠡ ᠪᠠᠶᠢᠳᠠᠯ ᠪᠠᠶᠢᠵᠤ᠂ ᠡᠴᠦᠰ ᠲᠡᠭᠡᠨ ᠡᠪᠡᠳᠴᠢᠨ ᠤ ᠪᠠᠶᠢᠳᠠᠯ ᠢ ᠰᠠᠭᠠᠲᠠᠭᠠᠵᠤ᠂ | ᠴᠢᠨᠠᠭᠰᠢᠯᠠᠪᠠᠯ ᠪᠤᠰᠤᠳ ᠵᠦᠢᠯ ᠤᠨ ᠭᠡᠮᠲᠦᠯ ᠠᠪᠴᠢᠷᠠᠵᠤ᠂ ᠥᠪᠡᠷ ᠤᠨ ᠪᠡᠶ᠎ᠡ ᠪᠠ ᠡᠷᠡᠭᠦᠯ ᠮᠡᠨᠳᠦ ᠪᠠᠨ ᠦᠨᠡᠨ ᠬᠦ | ᠬᠤᠬᠢᠷᠠᠭᠤᠯᠤᠭᠰᠠᠨ ᠶᠠᠪᠤᠳᠠᠯ ᠪᠣᠯᠣᠨ᠎ᠠ᠃ ᠬᠡᠷᠪᠡ ᠡᠮᠴᠢᠯᠡᠭᠡᠨ ᠤ ᠪᠠᠶᠢᠭᠤᠯᠤᠮᠵᠢ ᠶᠢᠨ ᠦᠢᠯᠡ ᠠᠵᠢᠯᠯᠠᠭ᠎ᠠ ᠨᠢ | ᠳᠠᠭᠠᠳᠬᠠᠯ ᠢ ᠮᠡᠬᠡᠯᠡᠭᠰᠡᠨ ᠶᠠᠪᠤᠳᠠᠯ ᠪᠣᠯᠬᠤ ᠳᠤ ᠬᠦᠷᠪᠡᠯ᠂ ᠳᠠᠭᠠᠳᠬᠠᠯ ᠳᠤ ᠣᠷᠣᠯᠴᠠᠭᠴᠢ ᠪᠠᠰᠠ ᠬᠠᠮᠲᠤ ᠪᠠᠷ ᠶᠠᠯ᠎ᠠ | ᠬᠢᠭᠰᠡᠨ ᠪᠣᠯᠵᠤ ᠮᠡᠳᠡᠬᠦ ᠪᠥᠭᠡᠳ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠬᠡᠭᠳᠡᠵᠦ᠂ ᠭᠡᠮᠰᠢᠭᠰᠡᠨ ᠴᠤ | ᠣᠷᠦ᠋ᠢᠳᠠᠨᠠ᠃ | ︽ᠰᠦᠢᠳᠭᠡᠯ ᠬᠤᠷᠢᠶᠠᠬᠤ ᠥᠬᠡᠢ ᠪᠠᠷ ᠡᠮᠨᠡᠯᠭᠡ ᠳᠤ ᠰᠠᠭᠤᠬᠤ︾ ᠨᠢ ᠣᠨᠴᠠ ᠵᠠᠷᠢᠮ ᠡᠮᠴᠢᠯᠡᠭᠡᠨ ᠤ | ᠪᠠᠶᠢᠭᠤᠯᠤᠮᠵᠢ ᠶᠢᠨ ᠣᠷᠣᠯᠭ᠎ᠠ ᠣᠯᠬᠤ ᠠᠷᠭ᠎ᠠ ᠪᠠᠷᠢᠯ ᠤᠨ ᠨᠢᠭᠡ ᠪᠣᠯᠣᠭᠰᠠᠨ ᠨᠢ ᠨᠢᠭᠡ ᠲᠠᠯ᠎ᠠ ᠪᠠᠷ ᠡᠮᠴᠢᠯᠡᠭᠡᠨ ᠤ | ᠪᠠᠶᠢᠭᠤᠯᠤᠮᠵᠢ ᠠᠰᠢᠭ ᠲᠤᠰᠠ ᠣᠯᠬᠤ ᠶᠢᠨ ᠲᠥᠯᠥᠭᠡ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠨᠢ | ᠠᠷᠠᠳ ᠢᠷᠭᠡᠳ ᠤᠨ ︽ᠠᠮᠢ ᠠᠪᠤᠷᠠᠬᠤ ᠵᠣᠭᠤᠰ︾ ᠪᠠ ᠦᠨᠳᠦᠰᠦᠨ ᠢ ᠪᠠᠲᠤᠯᠠᠬᠤ ᠬᠠᠷᠢᠶᠠᠲᠤ ᠴᠢᠨᠠᠷ ᠵᠢᠴᠢ | ᠡᠭᠦᠨ ᠠᠴᠠ ᠪᠣᠯᠵᠤ ᠲᠣᠭᠲᠠᠭᠠᠭᠳᠠᠭᠰᠠᠨ ᠰᠠᠭᠤᠷᠢ ᠮᠥᠩᠭᠦᠨ ᠤ ᠬᠡᠷᠡᠭᠯᠡᠯᠲᠡ ᠶᠢᠨ ᠵᠢᠷᠤᠮᠵᠢᠯ ᠢ ᠣᠶᠢᠰᠢᠶᠠᠬᠤ ᠥᠬᠡᠢ | ᠠᠴᠠ ᠪᠣᠯᠤᠭᠰᠠᠨ ᠶᠤᠮ᠃ ᠨᠥᠭᠦᠭᠡ ᠲᠠᠯ᠎ᠠ ᠪᠠᠷ ᠪᠠᠰᠠ ᠵᠠᠷᠢᠮ ᠳᠠᠭᠠᠳᠬᠠᠯ ᠳᠤ ᠣᠷᠣᠯᠴᠠᠭᠴᠢ ︽ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠪᠣᠯ ᠥᠪᠡᠷ ᠤᠨ ᠬᠢ ᠪᠢᠰᠢ᠂ ᠵᠠᠷᠤᠬᠤ ᠦᠭᠡᠢ ᠪᠣᠯ ᠲᠠᠯᠠᠭᠠᠷ ᠪᠣᠯᠴᠢᠬᠠᠨ᠎ᠠ︾ | ᠭᠡᠬᠦ ᠪᠤᠷᠤᠭᠤ ᠲᠠᠨᠢᠯᠲᠠ ᠲᠠᠢ ᠠᠴᠠ ᠪᠣᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠣᠯ ᠲᠦᠭ ᠲᠦᠮᠡᠨ | ᠣᠯᠠᠨ ᠲᠦᠮᠡᠨ ᠤ ᠬᠠᠷᠢᠯᠴᠠᠨ ᠲᠤᠰᠠᠯᠠᠵᠤ ᠬᠠᠮᠲᠤ ᠪᠠᠷ ᠡᠳ᠋ᠯᠡᠬᠦ ︽ᠠᠮᠢ ᠠᠪᠤᠷᠠᠬᠤ ᠵᠣᠭᠤᠰ︾ ᠭᠡᠳᠡᠭ ︽ᠶᠡᠭᠡ | ᠡᠮᠴᠢᠯᠡᠭᠡᠨ ᠤ ᠳᠠᠭᠠᠳᠬᠠᠯ︾ ᠤᠨ ᠦᠵᠡᠯᠲᠡ ᠬᠠᠷᠠᠬᠠᠨ ᠪᠤᠢ ᠪᠣᠯᠤᠭ᠎ᠠ ᠦᠭᠡᠢ ᠠᠴᠠ ᠪᠣᠯᠣᠭᠰᠠᠨ ᠶᠤᠮ᠃ | ᠭᠡᠲᠡᠯ᠎ᠡ ᠶᠠᠮᠠᠷᠪᠠ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠨᠢ ᠡᠴᠦᠰ ᠲᠡᠭᠡᠨ ᠬᠢᠨᠠᠨ ᠬᠠᠮᠢᠶᠠᠷᠬᠤ | ᠰᠠᠯᠠᠭ᠎ᠠ ᠮᠥᠴᠢᠷ ᠤᠨ ᠨᠠᠷᠢᠨ ᠨᠢᠭᠲᠠ ᠨᠡᠬᠡᠮᠵᠢᠯᠡᠨ ᠪᠠᠶᠢᠴᠠᠭᠠᠯᠲᠠ ᠳᠤ ᠦᠨᠡᠨ ᠪᠠᠶᠢᠳᠠᠯ ᠨᠢ ᠢᠯᠡᠷᠡᠭᠰᠡᠨ ᠤ ᠳᠠᠷᠠᠭ᠎ᠠ | ᠣᠯᠪᠠᠰᠤ ᠵᠣᠬᠢᠬᠤ ᠰᠢᠢᠳᠬᠡᠯ ᠢᠶᠠᠨ ᠣᠯᠬᠤ ᠶᠤᠮ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠡᠭᠦᠨ ᠢᠶᠠᠷ | ᠲᠣᠯᠢ ᠪᠣᠯᠭᠠᠵᠤ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠤᠨ᠂ ᠡᠵᠡᠩᠨᠡᠨ | ᠪᠣᠷᠣᠯᠠᠭᠤᠯᠬᠤ ᠶᠢᠨ ᠥᠳᠥᠭᠡᠯᠭᠡ ᠶᠢ ᠲᠠᠰᠤ ᠵᠣᠭᠰᠣᠭᠠᠵᠤ᠂ ᠲᠤᠰᠬᠠᠶ ᠮᠡᠷᠭᠡᠵᠢᠯ᠂ ᠴᠢᠨᠠᠷ ᠰᠠᠶᠢᠲᠠᠶ᠂ ᠦᠨᠡᠨᠴᠢ | ᠢᠲᠡᠭᠡᠮᠵᠢᠲᠡᠶ ᠡᠮᠴᠢᠯᠡᠭᠡᠨ ᠤ ᠦᠢᠯᠡᠴᠢᠯᠡᠭᠡ ᠪᠠᠷ ᠡᠪᠡᠳᠴᠢᠲᠡᠨ ᠤ ᠢᠲᠡᠭᠡᠯ ᠢ ᠣᠯᠵᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢ ᠠᠷᠠᠳ ᠣᠯᠠᠨ ᠤ ᠡᠪᠡᠳᠴᠢᠨ ᠦᠵᠡᠭᠦᠯᠵᠦ ᠡᠪᠡᠳᠴᠢᠨ ᠵᠠᠰᠠᠬᠤ ᠬᠢᠳᠤᠭᠠᠨ | ᠢᠷ ᠲᠤ ᠦᠨᠡᠨ ᠬᠦ ᠵᠠᠷᠤᠴᠠᠭᠤᠯᠪᠠᠯ ᠲᠠᠭᠠᠷᠠᠨ᠎ᠠ᠃ | ᠠᠳᠡ᠂ ᠳᠠᠭᠠᠳᠬᠠᠯ ᠳᠤ ᠣᠷᠣᠯᠴᠠᠭᠰᠠᠳ ᠨᠢᠭᠡᠪᠦᠷᠢ ᠴᠥᠮ ᠪᠤᠷᠤᠭᠤ ᠦᠵᠡᠯᠲᠡ ᠪᠠᠨ ᠲᠠᠶᠠᠭᠳᠠᠬᠤ ᠶᠢ | ᠰᠠᠨᠠᠭᠤᠯᠵᠤ᠂ ᠠᠰᠢᠭ ᠬᠤᠨᠵᠢᠪᠤᠷᠢ ᠳᠤ ᠰᠢᠨᠤᠬᠠᠶᠢᠷᠠᠭᠰᠠᠨ ᠠᠴᠠ ᠪᠣᠯᠵᠤ ᠠᠷᠭ᠎ᠠ ᠮᠡᠭᠡ ᠳᠤ ᠤᠨᠠᠬᠤ ᠪᠠ ᠤᠯᠠᠭᠠᠨ | ᠱᠤᠭᠤᠮ ᠳᠤ ᠬᠦᠷᠴᠦ ᠶᠠᠭᠠᠬᠢᠭᠰᠠᠨ ᠴᠤ ᠪᠣᠯᠬᠤ ᠦᠭᠡᠢ ᠭᠡᠵᠦ ᠰᠠᠨᠠᠭᠤᠯᠤᠶ᠎ᠠ᠃ ᠤᠯᠠᠨ ᠢᠶᠠᠷ ᠢᠶᠠᠨ ᠲᠤᠰ ᠪᠡᠶ᠎ᠡ ᠶᠢᠨ | ᠰᠡᠷᠭᠡᠶᠢᠯᠡᠬᠦ ᠤᠬᠠᠮᠰᠠᠷ ᠪᠣᠯᠤᠨ ᠬᠠᠤᠯᠢᠵᠢᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠳᠤ ᠢᠳᠡᠪᠬᠢᠲᠡᠢ ᠣᠷᠣᠯᠴᠠᠵᠤ᠂ ᠥᠪᠡᠷ ᠤᠨ ︽ᠡᠪᠡᠳᠴᠢᠨ ᠦᠵᠡᠭᠦᠯᠬᠦ ᠵᠣᠭᠤᠰ︾᠂ ︽ᠠᠮᠢ | ᠠᠪᠤᠷᠠᠬᠤ ᠮᠥᠩᠭᠦ︾ ᠶᠢ ᠬᠠᠮᠲᠤᠪᠠᠷ ᠰᠠᠶᠢᠲᠤᠷ ᠰᠠᠬᠢᠶ᠎ᠠ᠃ | |