ᠮᠠᠨᠳᠤᠯ ᠬᠢᠯᠢ ᠶᠢᠨ ᠪᠤᠭᠤᠮᠲᠡ ᠶᠢᠨ ᠤᠯᠤᠰ ᠤᠨ ᠬᠠᠷᠠᠭᠠᠯᠵᠠᠯᠲᠦ ᠬᠦᠮᠦᠷᠭᠡᠯᠡᠨ ᠬᠠᠳᠠᠭᠠᠯᠠᠬᠤ ᠪᠤᠭᠤᠮᠲᠠ ᠶᠢᠨ ᠬᠢᠨᠠᠨ ᠬᠠᠮᠢᠶᠠᠷᠤᠯᠲᠠ ᠶᠢᠨ ᠬᠦᠮᠦᠷᠭᠡ ᠶᠢ ᠵᠢᠩᠬᠢᠨᠢ ᠪᠠᠷ ᠡᠬᠢᠯᠡᠵᠦ ᠭᠡᠷᠡᠭᠯᠡᠪᠡ
ᠨᠡᠶᠢᠲᠡᠯᠡᠭᠰᠡᠨ ᠴᠠᠭ᠄
2024/10/31
      10 ᠰᠠᠷ᠎ᠠ ᠶᠢᠨ 29 ᠤ ᠡᠳᠦᠷ᠂ ᠮᠠᠨᠳᠤᠯ ᠪᠣᠭᠤᠮᠲᠠ ᠵᠢᠨ‌ᠤᠯᠤᠰ ᠤᠨ ᠬᠠᠷᠠᠭᠠᠯᠵᠠᠯᠲᠦ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠶᠢ ᠵᠢᠩᠬᠢᠨᠢ ᠪᠠᠷ ᠡᠬᠢᠯᠡᠨ ᠬᠡᠷᠡᠭᠯᠡᠪᠡ᠂ ᠡᠨᠡ ᠪᠣᠯ ᠮᠠᠨᠳᠤᠯ ᠪᠣᠭᠤᠮᠲᠠ ᠶᠢᠨ ᠬᠥᠮᠥᠷᠭᠡᠯᠡᠨ ᠬᠠᠳᠠᠭᠠᠯᠠᠬᠤ ︽ᠬᠠᠲᠠᠭᠤ ᠪᠣᠳᠠᠲᠤ ᠬᠦᠴᠦᠨ︾ ᠢ ᠳᠡᠭᠡᠭᠰᠢᠯᠡᠭᠦᠯᠬᠦ ᠴᠢᠬᠤᠯᠠ ᠶᠡᠭᠡ ᠱᠠᠲᠤ ᠦᠶᠡᠴᠢ ᠴᠢᠨᠠᠷᠲᠠᠶ ᠦᠷ᠎ᠡ ᠪᠦᠲᠦᠭᠡᠯ ᠮᠥᠨ᠂ ᠪᠠᠰᠠ ᠴᠤ ᠮᠠᠨᠳᠤᠯ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠰᠠ ᠨᠢᠭᠡᠨ ᠰᠢᠨ᠎ᠡ ᠡᠬᠢᠯᠡᠯᠲᠡ ᠮᠥᠨ᠃      ᠤᠯᠤᠰ ᠤᠨ ᠬᠠᠷᠠᠭᠠᠯᠵᠠᠯᠲᠦ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠳᠤ ᠬᠦᠷᠴᠦ ᠢᠷᠡᠭᠦ ᠳᠤ᠂ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠬᠡᠳᠦᠨ ᠰᠠᠷ᠎ᠠ ᠶᠢᠨ ᠡᠮᠦᠨ᠎ᠡ ᠬᠤᠭᠤᠰᠣᠨ ᠲᠦᠷᠢ ᠪᠠᠶᠢᠳᠠᠯ ᠢᠯᠡᠷᠡᠵᠦ ᠪᠠᠶᠢᠭᠰᠠᠨ ᠪᠤᠯ᠂  ᠥᠨᠥᠳᠥᠷ ᠪᠤᠯᠬᠤ ᠳᠤ᠂ ᠥᠨᠳᠥᠷ ᠠᠭᠤᠳᠠᠮ ᠲᠠᠯᠠᠪᠠᠢ ᠶᠢ ᠨᠢᠭᠡᠨᠲᠡ ᠠᠳᠠᠯᠢ ᠪᠤᠰᠤ ᠴᠢᠳᠠᠮᠵᠢ ᠶᠢᠨ ᠣᠷᠣᠨ ᠪᠣᠯᠭᠠᠨ ᠬᠤᠪᠢᠶᠠᠵᠠᠢ᠄ ᠰᠢᠯᠭᠠᠨ ᠪᠠᠶᠢᠴᠠᠭᠠᠬᠤ ᠣᠷᠣᠨ᠂ ᠲᠣᠷᠭᠠᠵᠤ ᠬᠤᠷᠢᠶᠠᠨ ᠠᠪᠬᠤ ᠬᠥᠮᠥᠷᠭᠡ᠂ ᠴᠢᠩᠭᠡᠯᠢᠭ ᠣᠪᠣᠭᠠᠯᠠᠬᠤ ᠲᠠᠯᠠᠪᠠᠢ ᠁ ᠥᠪᠥᠷ ᠮᠣᠩᠭᠤᠯ ᠤᠨ ᠮᠠᠨᠳᠤᠯ ᠤᠯᠤᠰ ᠤᠨ ᠬᠠᠷᠠᠭᠠᠯᠵᠠᠯᠲᠦ ᠬᠥᠮᠥᠷᠭᠡᠯᠡᠨ ᠬᠠᠳᠠᠭᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠶᠢᠨ ᠲᠥᠷᠥᠯ ᠵᠦᠢᠯ ᠤᠨ ᠶᠡᠷᠦᠩᠬᠡᠶ ᠲᠠᠯᠠᠪᠠᠶ ᠨᠢ 317 ᠮᠥ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 1.1 ᠳ᠋ᠦᠩᠰᠢᠭᠤᠷ ᠲᠥᠭᠦᠷᠢᠭ ᠪᠠᠶᠢᠵᠤ᠂ 10 ᠣᠶᠤᠨᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠶᠢᠨ ᠠᠮᠠᠰᠠᠷ᠂ ᠬᠤᠶᠠᠷ ᠣᠷᠣᠵᠤ ᠬᠤᠶᠠᠷ ᠭᠠᠷᠬᠤ ᠣᠯᠠᠨ ᠤᠯᠤᠰ ᠤᠨ ᠲᠡᠷᠭᠡᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠪᠲᠡᠷᠡᠯ ᠵᠠᠮ᠂ ᠭᠤᠷᠪᠠ ᠣᠷᠣᠵᠤ ᠭᠤᠷᠪᠠ ᠭᠠᠷᠬᠤ ᠤᠯᠤᠰ ᠤᠨ ᠳᠣᠳᠣᠭᠠᠳᠥ ᠶᠢᠨ ᠳᠡᠷᠬᠡᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠪᠲᠡᠷᠡᠯ ᠵᠠᠮ᠂ ᠰᠤᠯᠠ ᠨᠡᠭᠦᠷᠡᠰᠦ ᠬᠥᠮᠥᠷᠭᠡᠯᠡᠨ ᠬᠠᠳᠠᠭᠠᠯᠠᠬᠤ ᠫᠧᠩ ᠵᠡᠷᠭᠡ ᠴᠢᠳᠠᠮᠵᠢᠳᠤ ᠣᠷᠣᠨ ᠢ ᠳᠣᠬᠢᠷᠠᠭᠤᠯᠪᠠ᠃ ᠥᠪᠥᠷ ᠮᠣᠩᠭᠤᠯ ᠤᠨ ᠮᠠᠨᠳᠤᠯ ᠤᠯᠤᠰ ᠤᠨ ᠬᠠᠷᠠᠭᠠᠯᠵᠠᠯᠲᠦ ᠬᠥᠮᠥᠷᠭᠡᠯᠡᠨ ᠬᠠᠳᠠᠭᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠭᠦᠸᠧ ᠹᠧᠨ ᠮᠢᠩ ᠲᠠᠨᠢᠯᠴᠠᠭᠤᠯᠬᠤ ᠳᠠᠭᠠᠨ᠄ ︽ᠬᠢᠨᠠᠨ ᠬᠠᠮᠢᠶᠠᠷᠬᠤ ᠬᠥᠮᠥᠷᠭᠡ ᠶᠢᠨ ᠪᠡᠯᠡᠳᠭᠡᠯ ᠳᠥᠬᠦᠭᠡᠷᠥᠮᠵᠢ ᠪᠥᠷᠢᠨ ᠳᠡᠭᠦᠯᠳᠡᠷ᠂ ᠭᠠᠳᠠᠭᠠᠳᠤ ᠠᠴᠠ ᠣᠷᠣᠭᠤᠯᠬᠤ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠶᠢᠨ ᠪᠡᠯᠡᠳᠬᠡᠮᠵᠢ᠂ ᠭᠠᠳᠠᠭᠠᠳᠤ ᠳᠤ ᠭᠠᠷᠭᠠᠬᠤ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠶᠢᠨ ᠪᠡᠯᠡᠳᠬᠡᠮᠵᠢ᠂ ᠮᠡᠳᠡᠭᠡ ᠵᠠᠩᠭᠢᠵᠢᠯᠲᠠ ᠶᠢᠨ ᠣᠶᠤᠨᠴᠢ ᠪᠣᠭᠤᠮᠲᠠ ᠶᠢᠨ ᠬᠦᠷᠢᠶᠡᠨ ᠳᠠᠬᠢ ᠰᠦᠯᠵᠢᠶᠡᠨ ᠤ ᠬᠠᠷᠠᠭᠠᠨ ᠳᠠᠪᠲᠠᠮᠵᠢ ᠪᠠᠷ ᠲᠦᠭᠰᠢᠭᠦᠷᠢ ᠮᠡᠳᠡᠭᠦᠯᠬᠦ ᠵᠡᠷᠭᠡ ᠰᠢᠰᠲ᠋ᠧᠮ ᠲᠠᠢ᠂ ᠲᠥᠷᠥᠯ ᠵᠦᠢᠯ ᠢ ᠶᠡᠷᠦᠩᠬᠡᠶ ᠳᠤᠨᠢ ᠣᠷᠣᠭᠤᠯᠬᠤ᠂ ᠭᠠᠳᠠᠭᠠᠳᠤ ᠳᠤ ᠭᠠᠷᠭᠠᠬᠤ ᠪᠠᠷᠠᠭ᠎ᠠ ᠶᠢ ᠣᠷᠣᠭᠤᠯᠵᠤ ᠭᠠᠷᠭᠠᠬᠤ ᠬᠡᠮᠵᠢᠶ᠎ᠡ ᠶᠢ 400 ᠲᠦᠮᠡᠨ ᠲᠣᠨ ᠳᠤ ᠬᠦᠷᠦᠭᠦᠯᠬᠦ ᠶᠢᠨ ᠬᠠᠮᠲᠤ ᠪᠠᠰᠠ ᠨᠡᠭᠦᠷᠡᠰᠦ ᠵᠢᠴᠢ ᠲᠡᠮᠦᠷ ᠤᠨ ᠬᠦᠳᠡᠷ᠂ ᠵᠡᠰ ᠤᠨ ᠨᠠᠷᠢᠯᠢᠭ ᠨᠤᠨᠲᠠᠭ ᠵᠡᠷᠭᠡ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠨ᠎ᠠ︾ ᠭᠡᠵᠡᠶ᠃      ᠣᠶᠢᠯᠠᠭᠠᠭᠰᠠᠨ ᠢᠶᠠᠷ᠂ ᠤᠯᠤᠰ ᠤᠨ ᠬᠠᠷᠠᠭᠠᠯᠵᠠᠯᠲᠦ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠶᠢ 2023 ᠣᠨ ᠤ 4 ᠰᠠᠷ᠎ᠠ ᠳᠤ ᠡᠬᠢᠯᠡᠨ ᠪᠠᠶᠢᠭᠤᠯᠵᠤ᠂ ᠲᠥᠷᠥᠯ ᠵᠦᠢᠯ ᠨᠢ ᠨᠢᠭᠡ ᠵᠢᠯ ᠬᠠᠭᠠᠰ ᠤᠨ ᠴᠠᠭ ᠬᠤᠭᠤᠴᠠᠭ᠎ᠠ ᠶᠢ ᠵᠠᠷᠤᠴᠠᠭᠤᠯᠵᠤ ᠪᠣᠭᠤᠮᠲᠠ ᠶᠢ ᠪᠢᠲᠡᠭᠦᠮᠵᠢᠯᠡᠨ ᠡᠵᠡᠩᠨᠡᠬᠦ ᠶᠢ ᠪᠡᠶᠡᠯᠡᠭᠦᠯᠵᠦ᠂ ᠮᠠᠨᠳᠤᠯ ᠪᠣᠭᠤᠮᠲᠠ ᠪᠧᠢ ᠹᠠᠩ ᠭᠥᠸᠧ ᠵᠢᠢ᠂ ᠢ ᠳ᠋ᠠ ᠽᠥᠩ᠂  ᠴᠦ ᠭᠥᠸᠧ ᠵᠡᠷᠭᠡ ᠬᠢᠨᠠᠯᠲᠠ ᠬᠠᠮᠢᠶᠠᠷᠤᠯᠲᠠ ᠶᠢᠨ ᠬᠥᠮᠥᠷᠭᠡ  ᠶᠢᠨ ᠳᠠᠷᠠᠭ᠎ᠠ ᠪᠠᠰᠠ ᠨᠢᠭᠡ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠪᠤᠯᠤᠭᠰᠠᠨ ᠪᠠᠶᠢᠨ᠎ᠠ᠂ ᠤᠯᠤᠰ ᠤᠨ ᠬᠠᠷᠠᠭᠠᠯᠵᠠᠯᠲᠦ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠶᠢ ᠡᠬᠢᠯᠡᠨ ᠡᠵᠡᠩᠨᠡᠬᠦ ᠨᠢ ᠮᠠᠨᠳᠤᠯ ᠪᠣᠭᠤᠮᠲᠠ ᠶᠢᠨ ᠬᠥᠮᠥᠷᠭᠡᠯᠡᠨ ᠬᠠᠳᠠᠭᠠᠯᠠᠬᠤ ᠲᠠᠯᠠᠪᠤᠷ ᠬᠦᠷᠦᠯᠴᠡᠬᠦ ᠥᠬᠡᠶ ᠪᠠᠶᠢᠳᠠᠯ ᠢ ᠪᠦᠲᠦᠮᠵᠢᠲᠡᠶ ᠨᠠᠮᠳᠠᠭᠤᠯᠤᠭᠰᠠᠨ ᠪᠠᠶᠢᠨ᠎ᠠ᠃ 10 ᠰᠠᠷ᠎ᠠ ᠶᠢᠨ 25 ᠤ ᠡᠳᠦᠷ᠂ ᠮᠠᠨᠳᠤᠯ ᠪᠣᠭᠤᠮᠲᠠ ᠶᠢᠨ ᠤᠯᠤᠰ ᠤᠨ ᠬᠠᠷᠠᠭᠠᠯᠵᠠᠯᠲᠦ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠬᠥᠮᠥᠷᠭᠡ ᠬᠥᠬᠡᠬᠤᠲᠠ ᠪᠣᠭᠤᠮᠲᠠ ᠶᠢᠨ ᠰᠢᠯᠭᠠᠨ ᠪᠠᠶᠢᠴᠠᠭᠠᠯᠲᠠ ᠶᠢ ᠠᠮᠵᠢᠯᠲᠠ ᠲᠠᠢ ᠥᠩᠭᠡᠷᠡᠭᠦᠯᠦᠭᠰᠡᠨ ᠪᠥᠭᠡᠳ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠡᠳ᠋ ᠪᠠᠷᠠᠭ᠎ᠠ ᠶᠢ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠦᠨᠡᠮᠯᠡᠯ ᠢ ᠣᠯᠵᠤ᠂ ᠬᠢᠨᠠᠨ ᠬᠠᠮᠢᠶᠠᠷᠬᠤ ᠬᠥᠮᠥᠷᠭᠡ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠮᠠᠨᠳᠤᠯ ᠪᠣᠭᠤᠮᠲᠠ ᠶᠢᠨ ᠲᠣᠭᠲᠠᠩᠭᠤᠢ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 30 ᠲᠦᠮᠡᠨ ᠲᠣᠨ ᠳᠡᠭᠡᠭᠰᠢᠯᠡᠭᠦᠯᠥᠨ᠂ ᠪᠥᠬᠦ ᠵᠢᠯ ᠤᠨ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 300 ᠲᠦᠮᠡᠨ ᠲᠣᠨ ᠳᠡᠭᠡᠭᠰᠢᠯᠡᠭᠦᠯᠵᠦ᠂ ᠮᠠᠨᠳᠤᠯ ᠪᠣᠭᠤᠮᠲᠠ ᠶᠢᠨ ᠮᠢᠩᠭᠠᠨ ᠲᠦᠮᠡᠨ ᠲᠣᠨ ᠤ ᠲᠠᠰ ᠤᠨ ᠪᠣᠭᠤᠮᠲᠠ ᠶᠢ ᠰᠢᠪᠲᠤᠯᠬᠤ ᠳᠤ ᠰᠠᠭᠤᠷᠢ ᠲᠠᠯᠪᠢᠪᠠ᠃ ᠡᠭᠦᠨ ᠤ ᠬᠠᠮᠲᠤ ᠪᠠᠰᠠ ᠡᠷᠬᠢᠨ ᠲᠣᠭᠤᠷᠢᠨ ᠤ ᠭᠠᠵᠠᠷ ᠣᠷᠣᠨ ᠢ ᠳᠠᠶᠢᠴᠢᠯᠠᠨ ᠠᠵᠢᠯ ᠣᠯᠭᠤᠵᠤ᠂ 100 ᠭᠠᠷᠤᠶ ᠮᠠᠯᠴᠢᠨ ᠲᠠᠷᠢᠶᠠᠴᠢᠨ ᠳᠤ ᠠᠵᠢᠯ ᠤᠨ ᠪᠠᠶᠢᠷᠢ ᠬᠠᠩᠭᠠᠪᠠ᠃ᠤᠯᠤᠰ ᠤᠨ ᠬᠠᠷᠠᠭᠠᠯᠵᠠᠯᠲᠦ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠳᠠᠭᠠᠯᠳᠤᠨ᠂ ᠮᠠᠨᠳᠤᠯ ᠪᠣᠭᠤᠮᠲᠠ ᠶᠢᠨ ᠬᠥᠮᠥᠷᠭᠡᠯᠡᠨ ᠬᠠᠳᠠᠭᠠᠯᠠᠬᠤ ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠪᠠ ᠭᠠᠳᠠᠭᠠᠳᠤ ᠨᠡᠭᠡᠭᠡᠯᠲᠡ ᠶᠢᠨ ᠴᠢᠳᠠᠪᠤᠷᠢ ᠶᠢ ᠴᠦ ᠭᠦᠢᠴᠡᠳ ᠪᠠᠳᠠᠷᠠᠭᠤᠯᠤᠭᠰᠠᠨ ᠪᠠᠶᠢᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠳᠡᠳ᠋ ᠡᠷᠬᠢᠯᠡᠭᠴᠢ ᠪᠦᠦ ᠱᠠᠨ ᠬᠡᠯᠡᠬᠦ ᠳᠡᠭᠡᠨ ᠄ ︽ᠵᠠᠯᠭᠠᠭᠠᠳ᠂ ᠢ ᠲᠠᠢ᠂ ᠭᠦᠸᠧ ᠱᠧᠩ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠢ ᠴᠤ ᠤᠳᠠᠯ ᠥᠬᠡᠶ ᠠᠰᠢᠭᠯᠠᠯᠲᠠ ᠳᠤ ᠣᠷᠣᠭᠤᠯᠬᠤ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠮᠠᠨᠳᠤᠯ ᠪᠣᠭᠤᠮᠲᠠ ᠪᠣᠭᠤᠮᠲᠠ ᠶᠢᠨ ᠨᠡᠪᠲᠡᠷᠡᠬᠦ ᠵᠠᠮ᠂ ᠬᠦᠢᠰᠦ᠂ ᠲᠠᠪᠴᠠᠩ᠂ ᠴᠣᠩᠬᠤ ᠵᠡᠷᠭᠡ ᠳᠥᠷᠪᠡᠨ ᠶᠡᠭᠡ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠣᠭᠤᠮᠲᠠ ᠪᠠᠷ ᠥᠩᠭᠡᠷᠡᠬᠦ ᠴᠢᠳᠠᠪᠤᠷᠢ᠂ ᠲᠡᠭᠡᠭᠡᠪᠦᠷᠢ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠠᠷᠠᠯᠵᠢᠶ᠎ᠠ ᠶᠢ ᠳᠥᠭᠦᠮ ᠪᠣᠯᠭᠠᠬᠤ᠂ ᠥᠨᠳᠥᠷ ᠦᠷ᠎ᠡ ᠠᠰᠢᠭᠵᠢᠭᠤᠯᠬᠤ᠂ ᠤᠶᠤᠨᠴᠢᠯᠠᠬᠤ ᠶᠢ ᠠᠬᠢᠭᠤᠯᠵᠤ᠂ ᠪᠣᠭᠤᠮᠲᠠ ᠶᠢᠨ ᠠᠵᠤ ᠠᠬᠤᠢ ᠶᠢᠨ ᠤᠶᠠᠨ ᠬᠠᠳᠠᠨ ᠴᠢᠨᠠᠷ ᠪᠣᠯᠤᠨ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠮᠠᠨᠳᠤᠯ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号