ᠬᠤᠰᠢᠭᠤᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/31
      10 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠰᠢᠭᠤᠨ ᠤ ᠵᠠᠰᠠᠭ ᠤᠨ ᠣᠷᠳᠣᠨ ᠤ 2024 ᠣᠨ ᠤ 14 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠠᠨᠰᠦ᠂ ᠱᠠᠨᠰᠢ᠂ ᠠᠨᠾᠦ᠋ᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠪᠦᠳᠦᠭᠡᠨ ᠪᠠᠶᠢᠭᠤᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠦᠵᠡᠰᠬᠦᠯᠡᠩᠲᠦ ᠰᠠᠶᠢᠬᠠᠨ ᠲᠠᠷᠬᠠᠨ ᠮᠤᠤᠮᠢᠩᠭᠠᠨ ᠤ ᠪᠦᠳᠦᠭᠡᠨ ᠪᠠᠶᠢᠭᠤᠯᠤᠯᠲᠠ ᠪᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠠᠳᠬᠤᠵᠤ᠂ ᠪᠣᠳᠠᠲᠠᠢ ᠠᠵᠢᠯᠯᠠᠵᠤ ᠪᠥᠳᠥᠮᠵᠢ ᠭᠠᠷᠭᠠᠨ᠂ ᠪᠦᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠬᠤ ᠲᠥᠰᠦᠯ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠨ ᠵᠥᠪᠯᠡᠵᠦ ᠪᠠᠲᠤᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠦᠨᠡᠨᠬᠦ ᠥᠭᠡᠷᠡᠴᠢᠯᠡᠨ ᠪᠤᠳᠠᠳᠠᠶᠢᠵᠢᠭᠤᠯᠵᠤ᠂ ᠴᠢᠩᠭ᠎ᠠ ᠰᠢᠮᠳᠠᠭᠤᠯᠤᠨ ᠪᠠᠶᠢᠴᠠᠭᠠᠵᠤ᠂ ᠪᠥᠬᠦ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠪᠦᠬᠦᠨ ᠢ ᠬᠠᠯᠠᠨ ᠵᠠᠰᠠᠭᠰᠠᠨ ᠢ ᠪᠠᠳᠣᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠮᠠᠨᠳᠤᠯ ᠪᠣᠭᠤᠮᠲᠠ ᠶᠢᠨ ᠭᠤᠣᠯᠳᠠᠯᠭ᠎ᠠ ᠲᠠᠢ ᠠᠵᠢᠯ ᠢ ᠰᠤᠳᠤᠯᠵᠤ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠤᠨ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠬᠦ ᠂ ᠣᠶᠤᠨᠴᠢ ᠲᠣᠬᠢᠷᠠᠭᠤᠯᠤᠯᠲᠠ ᠶᠢᠨ ᠲᠠᠪᠴᠠᠩ ᠵᠡᠷᠭᠡ ᠲᠦᠷᠦᠯ ᠵᠦᠢᠯ ᠢ ᠲᠦᠷᠭᠡᠨ ᠬᠡᠷᠡᠭᠵᠢᠭᠦᠯᠵᠦ᠂ ᠬᠢᠨᠠᠨ ᠬᠠᠮᠢᠶᠠᠷᠬᠤ ᠬᠥᠮᠥᠷᠭᠡ ᠶᠢᠨ ᠲᠦᠷᠦᠯ ᠵᠦᠢᠯ ᠢ ᠰᠢᠯᠭᠠᠨ ᠠᠪᠴᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠣᠭᠤᠮᠲᠠ ᠶᠢᠨ ᠬᠥᠭᠵᠢᠯᠲᠡ ᠶᠢᠨ ᠳᠠᠭᠠᠭᠠᠴᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠵᠠᠬᠢᠷᠭᠠᠨ ᠤ ᠬᠡᠷᠡᠭ ᠤᠨ ᠵᠠᠷᠭᠤ ᠢᠯᠠᠭᠳᠠᠭᠰᠠᠨ ᠠᠯᠳᠠᠭ᠎ᠠ ᠪᠤᠷᠤᠭᠤ ᠠᠴᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠵᠠᠬᠢᠷᠭᠠᠨ ᠤ ᠵᠠᠷᠭᠤ ᠶᠢᠨ ᠲᠥᠷᠥᠯ ᠤᠨ ᠬᠡᠷᠡᠭ ᠢ ᠤᠷᠢᠳᠴᠢᠯᠠᠨ ᠰᠡᠷᠡᠮᠵᠢᠯᠡᠭᠦᠯᠵᠦ ᠮᠡᠳᠡᠭᠡᠯᠡᠬᠦ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号