﹇ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠤᠭ ᠵᠢᠪᠬᠤᠭ᠎ᠠ﹈  ᠲᠣᠳᠤᠪᠢᠯᠢᠭ᠌᠄ ︽ᠰᠢᠨ᠎ᠡ ᠰᠡᠳᠬᠢᠴᠡ︾ ᠶᠢ ᠬᠤᠪᠢᠷᠠᠭᠤᠯᠵᠤ ︽ᠣᠷᠣᠯᠭ᠎ᠠ ᠪᠠᠨ ᠨᠡᠮᠡᠭᠳᠡᠭᠦᠯᠬᠦ ᠵᠠᠮ︾ ᠢ ᠥᠷᠭᠡᠳᠬᠡᠪᠡ
ᠨᠡᠶᠢᠲᠡᠯᠡᠭᠰᠡᠨ ᠴᠠᠭ᠄
2024/10/8
      ᠪᠠᠲᠤᠬᠠᠭᠠᠯᠭ᠎ᠠ ᠪᠠᠯᠭᠠᠰᠤᠨ ᠤ ᠬᠦᠭᠵᠢᠶᠡᠨ ᠨᠠᠷᠭᠢᠶᠠᠨ ᠲᠠᠢ ᠵᠡᠭᠡᠯᠢ ᠲᠤᠭᠤᠷᠢᠭ ᠲᠤ᠂ ᠨᠢᠭᠡᠨ ᠮᠣᠩᠭᠤᠯ ᠬᠤᠭᠤᠯᠠᠨ ᠭᠡᠷ ᠤᠨ ᠠᠵᠢᠯᠲᠠᠳ ᠬᠦᠷ ᠨᠠᠷᠭᠢᠶᠠᠨ ᠢᠶᠠᠷ ᠶᠠᠭᠠᠷᠠᠯᠳᠤᠵᠤ᠂ ᠤᠳᠠᠯ ᠦᠭᠡᠢ ᠬᠤᠲᠠ ᠶᠢᠨ ᠲᠣᠭᠤᠷᠢᠭ ᠲᠤ ᠬᠦᠷᠭᠡᠬᠦ 40 ᠰᠢᠷᠡᠭᠡᠨ ᠤ ᠶᠠᠰᠤ ᠲᠠᠢ ᠮᠢᠬ᠎ᠠ ᠪᠠᠨ ᠪᠣᠭᠤᠳᠠᠯᠯᠠᠨ᠎ᠠ᠂ ᠡᠨᠡ ᠳᠡᠯᠭᠡᠭᠦᠷ ᠤᠨ ᠡᠵᠡᠨ ᠶᠠᠭ ᠪᠠᠶ᠋ᠬᠠᠤᠪᠤᠭ᠎ᠠ ᠰᠤᠮᠤᠨ ᠤ ᠪᠠᠶᠠᠨᠪᠤᠯᠠᠭ ᠭᠠᠴᠠᠭᠠᠨ ᠤ ᠮᠠᠯᠴᠢᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠣᠳᠤᠪᠢᠯᠢᠭ᠌ ᠤᠨ ᠨᠢᠭᠡ ᠭᠡᠷ ᠪᠣᠯᠤᠨ᠎ᠠ᠃      ᠲᠣᠳᠤᠪᠢᠯᠢᠭ᠌᠂ ᠡᠷᠡᠭᠲᠡᠢ᠂ ᠪᠠᠶᠠᠨᠪᠤᠯᠠᠭ ᠭᠠᠴᠠᠭᠠᠨ ᠤ ᠮᠠᠯᠴᠢᠨ᠂ ᠲᠡᠷᠡ ᠪᠠᠶ᠋ᠬᠠᠤᠪᠤᠭ᠎ᠠ ᠰᠤᠮᠤ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ᠎ᠠ᠃ ᠣᠶᠢᠷ᠎ᠠ ᠶᠢᠨ ᠵᠢᠯ ᠳᠤ᠂ ᠬᠤᠨᠢᠨ ᠮᠢᠬᠠᠨ ᠤ ᠦᠨ᠎ᠡ ᠦᠷᠭᠦᠯᠵᠢᠯᠡᠨ ᠪᠠᠭᠤᠷᠠᠵᠤ᠂ ᠮᠠᠯᠵᠢᠬᠤ ᠣᠷᠣᠨ ᠤ ᠬᠤᠷ᠎ᠠ ᠲᠤᠨᠳᠠᠰᠤ ᠪᠠᠭᠠᠰᠴᠤ᠂ ᠭᠠᠩ ᠬᠠᠭᠰᠠᠷᠭᠠᠨ ᠬᠦᠨᠳᠦ ᠨᠣᠴᠢᠲᠠᠶ᠂ ᠨᠤᠲᠤᠭ ᠪᠡᠯᠴᠢᠭᠡᠷ ᠲᠤ ᠮᠠᠯ ᠮᠠᠯᠵᠢᠬᠤ ᠶᠢᠨ ᠬᠦᠨᠳᠦ ᠨᠣᠴᠢᠲᠠᠶ ᠪᠠᠶᠢᠳᠠᠯ ᠲᠤᠯᠭᠠᠷᠠᠪᠠ᠂ ᠁ ᠵᠦᠢᠯ ᠵᠦᠢᠯ ᠤᠨ ᠰᠢᠯᠲᠠᠭᠠᠨ ᠨᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠬᠦᠴᠢᠷᠳᠡᠯ ᠠᠪᠴᠢᠷᠠᠪᠠ᠃ ᠲᠣᠳᠤᠪᠢᠯᠢᠭ᠌ ᠬᠤᠷᠴᠠ ᠰᠡᠷᠭᠡᠭ ᠢᠶᠠᠷ ᠠᠮᠢᠳᠦ ᠬᠤᠨᠢ ᠶᠢ ᠬᠤᠳᠠᠯᠳᠤᠨ ᠠᠪᠬᠤ ᠦᠨ᠎ᠡ ᠪᠠᠭᠤᠷᠠᠭᠰᠠᠨ ᠪᠤᠯᠪᠠᠴᠦ ᠵᠠᠬ᠎ᠠ ᠳᠡᠯᠭᠡᠭᠦᠷ ᠳᠡᠭᠡᠷ᠎ᠡ ᠬᠤᠨᠢᠨ ᠮᠢᠬᠠᠨ ᠤ ᠪᠦᠲᠦᠭᠡᠭᠳᠡᠬᠦᠨ᠂ ᠮᠣᠩᠭᠤᠯ ᠬᠤᠭᠤᠯᠠᠨ ᠤ ᠦᠨ᠎ᠡ ᠳᠡᠮᠡᠢ ᠪᠠᠭᠤᠷᠠᠭᠰᠠᠨ ᠦᠭᠡᠢ ᠭᠡᠳᠡᠭ ᠢ ᠮᠡᠳᠡᠵᠦ ᠣᠯᠪᠠ᠃ ᠬᠡᠷ ᠪᠦᠯᠢ ᠳᠤ ᠪᠠᠨ ᠪᠠᠶᠠᠵᠢᠯ ᠤᠨ ᠰᠢᠨ᠎ᠠ ᠵᠠᠮ ᠬᠠᠶᠢᠬᠤ ᠶᠢᠨ ᠲᠦᠯᠦᠬᠡ᠂ ᠳᠤᠳᠤᠪᠢᠯᠢᠭ᠌ ᠬᠡᠷ ᠤᠨ ᠬᠥᠮᠦᠰ ᠲᠠᠢ ᠪᠠᠨ ᠮᠣᠩᠭᠤᠯ ᠬᠤᠭᠤᠯᠠᠨ ᠬᠡᠷ ᠡᠵᠡᠩᠨᠡᠬᠦ ᠪᠠᠷ ᠳᠠᠮᠵᠢᠭᠤᠯᠤᠨ ᠥᠪᠡᠷ ᠤᠨ ᠮᠠᠯ ᠢᠶᠠᠨ ᠪᠣᠷᠣᠯᠠᠭᠤᠯᠬᠤ ᠠᠷᠭ᠎ᠠ ᠮᠠᠶ᠋ᠢᠭ ᠢᠶᠠᠨ ᠪᠠᠶᠠᠯᠢᠭᠵᠢᠭᠤᠯᠬᠤ ᠪᠠᠷ ᠲᠣᠭᠲᠠᠪᠠ᠃      ᠳᠤᠳᠤᠪᠢᠯᠢᠭ᠌ ᠨᠢᠭᠡ ᠡᠷᠴᠢᠮ ᠵᠤᠷᠢᠭ ᠪᠠ ᠵᠢᠩᠭᠢᠨᠢ ᠮᠤᠩᠭᠤᠯ ᠬᠤᠭᠤᠯᠠᠨ ᠤ ᠦᠨᠦᠷ ᠠᠮᠳᠠ ᠪᠠᠷ ᠢᠶᠠᠨ ᠮᠤᠩᠭᠤᠯ ᠬᠤᠭᠤᠯᠠᠨ ᠤ ᠡᠵᠡᠭᠨᠡᠯᠳᠡ ᠶᠢ ᠮᠠᠰᠢ ᠲᠦᠷᠭᠡᠨ ᠢᠶᠠᠷ ᠵᠦᠪ ᠵᠠᠮ ᠳᠤ ᠤᠷᠤᠭᠤᠯᠵᠤ᠂ ᠦᠪᠡᠷ ᠤᠨ ᠢᠶᠠᠨ 150 ᠭᠠᠷᠤᠢ ᠬᠤᠨᠢ᠂ ᠠᠷᠪᠠᠨ ᠬᠡᠳᠦᠨ ᠦᠭᠡᠷ ᠢᠶᠠᠨ ᠪᠤᠷᠤᠯᠠᠭᠤᠯᠬᠤ ᠠᠰᠠᠭᠤᠳᠠᠯ ᠢ ᠰᠢᠢᠳᠪᠦᠷᠢᠯᠡᠨ᠂ ᠮᠠᠯ ᠤᠨ ᠪᠤᠷᠤᠯᠠᠭᠤᠯᠭ᠎ᠠ ᠶᠢᠨ ᠨᠤᠷᠮ᠎ᠠ ᠶᠢ ᠨᠡᠮᠡᠭᠳᠡᠭᠦᠯᠵᠦ᠂ ᠪᠤᠷᠤᠯᠠᠭᠤᠯᠬᠤ ᠴᠠᠭ ᠢ ᠲᠡᠩᠴᠡᠭᠦᠷᠢᠰᠢᠭᠦᠯᠦᠭᠰᠡᠨ ᠢᠶᠠᠷ ᠪᠠᠷᠠᠬᠤ ᠦᠭᠡᠢ᠂ ᠲᠤᠰ ᠭᠠᠴᠠᠭᠠᠨ ᠤ ᠪᠤᠰᠤᠳ ᠮᠠᠯᠴᠢᠳ ᠢ ᠬᠦᠯᠦᠰᠦᠯᠡᠨ ᠭᠠᠴᠠᠭᠠᠨ ᠤ ᠪᠠᠨ ᠠᠵᠢᠯ ᠤᠯᠭᠤᠬᠤ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠨᠠᠮ ᠤᠨ ᠬᠡᠰᠢᠬᠦᠨ ᠤ ᠵᠢᠱᠢᠶᠡᠴᠢ ᠬᠤᠰᠢᠭᠤᠴᠢ᠂ ᠲᠤᠯᠤᠭᠠᠶᠢᠯᠠᠨ ᠵᠢᠱᠢᠶ᠎ᠡ ᠦᠵᠡᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠪᠠ᠃      ᠡᠭᠦᠨ ᠤ ᠬᠠᠮᠲᠤ᠂ ᠳᠤᠳᠤᠪᠢᠯᠢᠭ᠌ ᠤᠨ ᠦᠬᠡᠷ ᠬᠤᠨᠢᠨ ᠮᠢᠬ᠎ᠠ ᠲᠤᠰ ᠭᠠᠵᠠᠷ ᠲᠤ ᠪᠣᠷᠣᠯᠠᠭᠤᠯᠬᠤ ᠪᠠᠷ ᠪᠠᠷᠠᠬᠤ ᠥᠬᠡᠶ᠂ ᠪᠠᠰᠠ ᠬᠥᠬᠡᠬᠤᠲᠠ ᠳᠤ ᠬᠤᠪᠢᠶᠠᠷᠢ ᠳᠡᠯᠭᠡᠭᠦᠷ ᠨᠡᠭᠡᠭᠡᠵᠦ᠂ ᠪᠤᠭᠤᠲᠤ᠂ ᠬᠥᠬᠡᠬᠤᠲᠠ ᠵᠡᠷᠭᠡ ᠭᠠᠵᠠᠷ ᠤᠨ ᠮᠣᠩᠭᠤᠯ ᠬᠤᠭᠤᠯᠠᠨ ᠬᠡᠷ᠂ ᠬᠤᠭᠤᠯᠠᠨ ᠬᠡᠷ ᠲᠠᠢ ᠬᠠᠮᠲᠤᠷᠠᠨ ᠠᠵᠢᠯᠯᠠᠬᠤ ᠪᠠᠷ ᠳᠠᠮᠵᠢᠨ᠂ ᠲᠡᠳᠡᠨ ᠳᠤ ᠮᠢᠬ᠎ᠠ᠂ ᠬᠠᠲᠠᠭᠠᠭᠰᠠᠨ ᠮᠢᠬ᠎ᠠ᠂ ᠴᠠᠭᠠᠨ ᠢᠳᠡᠭᠡ ᠵᠡᠷᠭᠡ ᠶᠢ ᠬᠠᠩᠭᠠᠵᠤ᠂ ᠥᠪᠡᠷ ᠤᠨ ᠪᠣᠷᠣᠯᠠᠭᠤᠯᠭ᠎ᠠ ᠶᠢᠨ ᠵᠠᠮ ᠢᠶᠠᠨ ᠥᠷᠭᠡᠳᠬᠡᠵᠦ᠂ ᠮᠠᠯ ᠤᠨ ᠭᠠᠷᠭᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠳᠠᠷᠬᠠᠨ ᠮᠣᠣᠮᠢᠩᠭᠠᠨ ᠤ ᠲᠠᠯ᠎ᠠ ᠨᠤᠲᠤᠭ ᠤᠨ ᠦᠬᠡᠷ ᠬᠤᠨᠢᠨ ᠤ ᠨᠠᠷᠠᠲᠤ ᠲᠡᠮᠳᠡᠭᠲᠦ ᠶᠢ ᠠᠯᠳᠠᠷᠰᠢᠭᠤᠯᠵᠤ᠂ ᠳᠡᠯᠭᠡᠨ ᠦᠵᠡᠭᠦᠯᠵᠦ ᠪᠣᠷᠤᠯᠠᠭᠤᠯᠬᠤ᠂ ᠠᠮᠲᠠᠯᠠᠵᠤ ᠪᠤᠷᠤᠯᠠᠭᠤᠯᠬᠤ᠂ ᠳᠠᠷᠬᠠᠨ ᠮᠣᠣᠮᠢᠩᠭᠠᠨ ᠤ ᠲᠠᠯ᠎ᠠ ᠨᠤᠲᠤᠭ ᠤᠨ ᠦᠬᠡᠷ ᠬᠤᠨᠢ ᠶᠢ ᠪᠣᠷᠣᠯᠠᠭᠤᠯᠬᠤ ︽ᠳᠦᠷᠢ ᠲᠥᠷᠬᠦ ᠶᠢᠨ ᠳᠡᠯᠭᠡᠭᠦᠷ︾ ᠪᠣᠯᠵᠤ᠂ ᠨᠠᠩ ᠣᠯᠠᠨ ᠵᠣᠴᠢᠳ ᠲᠤ ᠦᠨᠡᠨ ᠬᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠠᠴᠠ ᠠᠪᠴᠢᠷᠠᠭᠰᠠᠨ ᠴᠢᠨᠠᠷ ᠰᠠᠶᠢᠲᠠᠶ ᠦᠬᠡᠷ ᠬᠤᠨᠢᠨ ᠮᠢᠬ᠎ᠠ ᠶᠢ ᠠᠮᠲᠠᠯᠠᠭᠤᠯᠵᠤ᠂ ᠬᠤᠤᠰ ᠠᠮᠵᠢᠯᠲᠠ ᠤᠯᠪᠠ᠃ ︽ᠪᠣᠷᠣᠯᠠᠭᠤᠯᠵᠤ ᠭᠠᠷᠬᠤ ᠪᠣᠯ ᠮᠠᠨ ᠤ ᠠᠯᠬᠤᠭᠰᠠᠨ ᠨᠢᠭᠡᠳᠦᠭᠡᠷ ᠴᠢᠬᠤᠯᠠ ᠠᠯᠬᠤᠮ ᠪᠣᠯᠤᠨ᠎ᠠ᠂ ᠵᠠᠯᠭᠠᠭᠠᠳ ᠬᠢᠬᠦ ᠴᠢᠬᠤᠯᠠᠲᠠᠢ ᠵᠦᠢᠯ ᠪᠣᠯ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢᠨ ᠬᠠᠮᠲᠤ ᠪᠣᠷᠣᠯᠠᠭᠤᠯᠭ᠎ᠠ ᠶᠢᠨ ᠵᠠᠮ ᠢᠶᠠᠨ ᠦᠷᠭᠦᠯᠵᠢᠯᠡᠨ ᠥᠷᠭᠡᠳᠬᠡᠵᠦ᠂ ᠮᠠᠨ ᠤ ᠭᠠᠴᠠᠭᠠᠨ ᠤ ᠮᠠᠯᠴᠢᠳ ᠲᠤ ᠬᠠᠮᠲᠤ ᠪᠠᠷ ᠴᠢᠨᠡᠭᠡᠯᠢᠭᠵᠢᠬᠦ ᠵᠠᠮ ᠨᠡᠬᠡᠭᠡᠵᠦ ᠦᠭᠭᠦᠨ᠎ᠡ︕︾ ᠭᠡᠵᠦ ᠳᠤᠳᠤᠪᠢᠯᠢᠭ᠌ ᠢᠲᠡᠭᠡᠯ ᠲᠡᠭᠦᠯᠳᠡᠷ ᠢᠶᠠᠷ ᠬᠡᠯᠡᠪᠡ᠃      ᠲᠡᠭᠦᠨ ᠤ ᠡᠬᠡᠨᠡᠷ ᠡᠷᠳᠡᠨᠢᠴᠢᠮᠡᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠮᠣᠩᠭᠤᠯ ᠵᠢᠷᠤᠭ ᠤᠨ ᠪᠣᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠶᠤᠮ᠃ ᠡᠴᠢᠭᠡ ᠶᠢᠨ ᠦᠶ᠎ᠡ ᠶᠢᠨ ᠬᠢᠨᠢ ᠨᠥᠯᠥᠭᠡ ᠪᠠᠷ᠂ ᠡᠴᠢᠭᠡ ᠶᠢᠨ ᠢᠶᠠᠨ ᠠᠵᠢᠯ ᠲᠥᠷᠥᠯ ᠢ ᠤᠯᠠᠮᠵᠢᠯᠠᠨ ᠵᠠᠯᠭᠠᠮᠵᠢᠯᠠᠵᠤ᠂ ᠶᠡᠭᠡ ᠬᠡᠮᠵᠢᠶᠡᠨ ᠤ ᠤᠯᠠᠮᠵᠢᠯᠠᠯᠲᠤ ᠵᠢᠷᠤᠭ ᠵᠢᠷᠤᠬᠤ ᠠᠷᠭ᠎ᠠ ᠶᠢ ᠰᠤᠷᠴᠤ᠂ ᠦᠨᠳᠦᠰᠦᠲᠡᠨ ᠤ ᠤᠷᠠᠨ ᠵᠢᠷᠤᠭ ᠤᠨ ᠤᠷᠠᠯᠢᠭ ᠤᠨ ᠵᠠᠮ ᠢᠶᠠᠷ ᠵᠠᠮᠨᠠᠭᠰᠠᠨ ᠪᠠᠶᠢᠨ᠎ᠠ᠃ 2013 ᠣᠨ ᠳᠤ᠂ ᠮᠣᠳᠣᠨ ᠳᠠᠭᠤᠤ ᠦᠨᠳᠦᠰᠦᠲᠡᠨ ᠤ ᠤᠷᠠᠨ ᠵᠢᠷᠤᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠢᠭᠤᠯᠵᠤ᠂ ᠲᠤᠰᠬᠠᠶ ᠮᠡᠷᠭᠡᠵᠢᠯ ᠤᠨ ᠮᠣᠩᠭᠤᠯ ᠵᠢᠷᠤᠭ ᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ ᠤᠯᠠᠮᠵᠢᠯᠠᠨ ᠵᠠᠯᠭᠠᠮᠵᠢᠯᠠᠬᠤ ᠤᠷ᠎ᠠ ᠮᠡᠷᠭᠡᠵᠢᠯ ᠤᠨ ᠰᠠᠭᠤᠷᠢᠨ ᠳᠡᠭᠡᠷ᠎ᠡ ᠮᠣᠩᠭᠤᠯ ᠵᠢᠷᠤᠭ᠂ ᠳᠤᠮᠳᠠᠳᠤ ᠤᠯᠤᠰ ᠤᠨ ᠵᠢᠷᠤᠭ᠂ ᠠᠷᠠᠰᠤᠨ ᠰᠡᠢᠯᠦᠮᠡᠯ᠂ ᠬᠠᠭᠠᠷᠢᠮᠠᠯ ᠵᠢᠷᠤᠭ᠂ ᠮᠥᠩᠭᠦᠨ ᠬᠡᠷᠡᠭᠰᠡᠯ ᠵᠡᠷᠭᠡ ᠰᠣᠶᠣᠯ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠦᠭᠵᠢᠭᠦᠯᠪᠡ᠃ 2019 ᠣᠨ ᠤ 5 ᠳ᠋ᠤᠭᠠᠷ ᠰᠠᠷ᠎ᠠ ᠳᠤ᠂12 ᠮᠧᠲᠷ ᠤᠷᠲᠤ ᠮᠣᠩᠭᠤᠯ ᠵᠢᠷᠤᠭ ︽ᠴᠠᠬᠠᠷ ᠬᠤᠷᠢᠮ ᠤᠨ ᠶᠣᠰᠣᠯᠠᠯ︾ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠦᠵᠡᠰᠬᠦᠯᠡᠩ ᠳᠤ ᠣᠷᠣᠯᠴᠠᠪᠠ᠃      ᠮᠣᠩᠭᠤᠯ ᠵᠢᠷᠤᠭ ᠲᠤ ᠴᠥᠭᠡᠨ ᠲᠣᠭᠠᠲᠤ ᠦᠨᠳᠦᠰᠦᠲᠡᠨ ᠤ ᠰᠣᠶᠣᠯ ᠪᠣᠯᠤᠨ ᠲᠡᠦᠬᠡ ᠶᠢ ᠲᠡᠮᠳᠡᠭᠯᠡᠵᠦ᠂ ᠴᠥᠭᠡᠨ ᠲᠣᠭᠠᠲᠤ ᠦᠨᠳᠦᠰᠦᠲᠡᠨ ᠤ ᠤᠷᠠᠯᠢᠭ ᠤᠨ ᠭᠤᠤᠯ ᠴᠢᠮᠥᠭᠡ ᠪᠣᠯᠤᠨ ᠰᠣᠶᠣᠯ ᠤᠨ ᠠᠭᠤᠯᠤᠭᠳᠠᠬᠤᠨ ᠢ ᠭᠦᠢᠴᠡᠳ ᠬᠠᠷᠠᠭᠤᠯᠵᠤ᠂ ᠮᠠᠰᠢ ᠥᠨᠳᠥᠷ ᠤᠷᠠᠯᠢᠭ ᠤᠨ ᠰᠣᠨᠢᠷᠬᠠᠬᠤ ᠪᠠ ᠬᠠᠳᠠᠭᠠᠯᠠᠬᠤ ᠦᠨ᠎ᠡ ᠥᠷᠲᠡᠭ ᠲᠠᠢ ᠶᠤᠮ ᠃ ᠣᠨᠴᠠᠭᠠᠶᠢᠯᠠᠨ ᠠᠷᠠᠰᠤᠨ ᠵᠢᠷᠤᠭ ᠤᠨ ᠥᠩᠭᠡᠨ ᠲᠠᠯ᠎ᠠ ᠶᠢᠨ ᠭᠦᠳᠦᠭᠦᠷ ᠪᠠᠶᠢᠳᠠᠯ ᠪᠠ ᠬᠦᠢᠲᠡᠨ ᠮᠦᠷᠲᠡᠭᠡᠨ ᠶᠡᠬᠡᠮᠰᠦᠭ ᠬᠡᠪ ᠨᠠᠮᠪᠠ ᠪᠠᠷ ᠪᠦᠷᠢᠯᠳᠦᠭᠰᠡᠨ ᠬᠠᠷᠠᠭᠠᠨ ᠤ ᠳᠠᠭᠠᠷᠢᠯᠲᠠ ᠶᠢᠨ ᠬᠦᠴᠦᠨ ᠨᠢ ᠰᠣᠨᠢᠷᠬᠠᠭᠴᠢᠳ ᠢ ᠭᠠᠶᠢᠬᠠᠰᠢ ᠠᠯᠳᠠᠭᠤᠯᠵᠤ᠂ ᠬᠦᠮᠦᠰ ᠲᠤ ᠰᠢᠨ᠎ᠡ ᠤᠷᠠᠯᠢᠭ ᠤᠨ ᠬᠦᠷᠲᠡᠭᠡᠯ ᠦᠭᠭᠦᠨ᠎ᠡ᠃ ᠮᠣᠩᠭᠤᠯ ᠵᠢᠷᠤᠭ ᠲᠠᠬᠢ ᠠᠷᠠᠰᠤᠨ ᠵᠢᠷᠤᠭ ᠪᠣᠯ ᠠᠷᠠᠳ ᠤᠨ ᠭᠠᠷ ᠤᠷᠠᠯᠢᠭᠴᠢᠨ ᠥᠪᠡᠷ ᠤᠨ ᠤᠷᠠᠨ ᠰᠡᠳᠬᠢᠮᠵᠢ ᠪᠠᠨ ᠦᠨᠳᠦᠰᠦᠯᠡᠨ᠂ ᠣᠨᠴᠠᠭᠠᠶ ᠲᠦᠷᠰᠦᠯᠡᠨ ᠵᠢᠷᠤᠬᠤ᠂ ᠰᠡᠶᠢᠯᠬᠦ᠂ ᠬᠠᠭᠠᠷᠢᠬᠤ᠂ ᠥᠩᠭᠡᠯᠡᠬᠦ᠂ ᠳᠠᠪᠬᠤᠷᠯᠠᠨ ᠪᠤᠳᠤᠭᠯᠠᠬᠤ᠂ ᠭᠢᠯᠠᠶᠢᠯᠭᠠᠬᠤ ᠵᠡᠷᠭᠡ ᠠᠯᠢ ᠣᠯᠠᠨ ᠤᠷᠠᠯᠠᠯ ᠢᠶᠠᠷ ᠳᠠᠮᠵᠢᠭᠤᠯᠤᠨ᠂ ᠠᠷᠪᠠᠨ ᠬᠡᠳᠦᠨ ᠠᠵᠢᠯ ᠤᠨ ᠲᠠᠷᠠᠭᠠᠯᠠᠯ ᠢᠶᠠᠷ ᠳᠠᠮᠵᠢᠨ ᠴᠡᠪᠡᠷ ᠭᠠᠷ ᠢᠶᠠᠷ ᠬᠢᠭᠰᠡᠨ ᠵᠦᠢᠯ ᠪᠣᠯᠤᠨ᠎ᠠ᠃      ᠴᠦᠭᠡᠨ ᠲᠤᠭᠠᠲᠦ ᠦᠨᠲᠦᠰᠦᠲᠡᠨ ᠤ ᠠᠷᠠᠰᠦᠨ ᠰᠡᠶᠢᠯᠦᠮᠡᠯ ᠨᠢ ᠠᠷᠠᠰᠦ ᠪᠠᠷ ᠰᠡᠶᠢᠯᠦᠮᠡᠯ ᠤᠨ ᠮᠠᠲ᠋ᠧᠷᠢᠶᠠᠯ ᠪᠤᠯᠭᠠᠵᠦ᠂ ᠡᠷᠭᠢᠯᠲᠦᠭᠡᠨ ᠤ ᠬᠢᠳᠤᠭ᠎ᠠ᠂ ᠬᠤᠸᠠᠷ ᠳᠠᠷᠤᠮᠠᠯᠯᠠᠬᠤ ᠪᠠᠭᠠᠵᠢ᠂ ᠬᠡᠩᠬᠡᠷᠬᠡ ᠶᠢᠨ ᠪᠠᠭᠠᠵᠢ᠂ ᠰᠢᠬᠠᠭᠤᠷ ᠪᠠᠭᠠᠵᠢ ᠪᠠᠷ ᠠᠷᠠᠰᠦ ᠰᠢᠷᠢ ᠳᠡᠭᠡᠷ᠎ᠡ ᠵᠢᠷᠤᠵᠤ ᠰᠡᠶᠢᠯᠵᠦ᠂ ᠲᠤᠭᠰᠢᠵᠦ᠂ ᠰᠢᠬᠠᠨ ᠳᠠᠷᠤᠵᠦ ᠭᠦᠳᠦᠭᠦᠷ ᠪᠤᠯᠭᠠᠪᠠ᠃ ᠤᠷᠠᠯᠢᠭ ᠤᠨ ᠡᠭᠦᠳᠦᠨ ᠪᠦᠲᠦᠭᠡᠯᠲᠡ ᠶᠢ ᠬᠢᠵᠦ᠂ ᠡᠯ᠎ᠡ ᠵᠦᠢᠯ ᠤᠨ ᠰᠡᠶᠢᠷᠡᠭ᠂ ᠭᠦᠨ ᠭᠦᠶᠦᠬᠡᠨ᠂ ᠬᠤᠯᠠ ᠣᠶᠢᠷ᠎ᠠ ᠵᠡᠷᠭᠡ ᠦᠷ᠎ᠡ ᠪᠦᠲᠦᠮᠵᠢ ᠶᠢ ᠡᠭᠦᠳᠬᠦ᠂ ᠡᠰᠡᠬᠦᠯ᠎ᠡ ᠠᠭᠤᠯᠠ ᠤᠰᠤ᠂ ᠠᠮᠢᠲᠠᠨ ᠤᠷᠭᠤᠮᠠᠯ ᠪᠤᠶᠤ ᠵᠢᠷᠤᠭ ᠳᠦᠷᠰᠦ  ᠲᠠᠢ ᠪᠣᠳᠠᠠᠰ ᠢᠶᠠᠷ ᠬᠤᠲᠣᠭᠤᠷ ᠭᠦᠳᠦᠭᠦᠷ ᠳᠠᠪᠬᠤᠷᠭ᠎ᠠ ᠵᠢᠴᠢ ᠬᠡ ᠤᠭᠠᠯᠵᠠ ᠶᠢ ᠰᠡᠶᠢᠯᠵᠦ ᠭᠠᠷᠭᠠᠭᠰᠠᠨ ᠪᠠᠶᠢᠨ᠎ᠠ᠃ ᠪᠠᠰᠠ ᠳᠠᠩ ᠭᠠᠭᠴᠠ ᠪᠦᠲᠦᠭᠡᠯ ᠢ ᠣᠶᠣᠵᠤ ᠨᠠᠭᠠᠵᠤ ᠡᠯ᠎ᠡ ᠵᠦᠢᠯ ᠤᠨ ᠠᠷᠠᠰᠤᠨ ᠡᠳ᠋ᠯᠡᠯ ᠪᠣᠯᠭᠠᠵᠤ ᠪᠣᠯᠤᠨ᠎ᠠ᠃ ᠠᠷᠠᠰᠤᠨ ᠰᠡᠶᠢᠯᠦᠮᠡᠯ ᠨᠢ ︽ᠠᠷᠠᠰᠤ ᠰᠢᠷᠢ ᠶᠢᠨ ᠠᠯᠲᠠ︾ ᠭᠡᠳᠡᠭ ᠨᠡᠶᠢᠳᠦᠯ ᠲᠠᠢ᠃ ᠦᠶ᠎ᠡ ᠦᠶ᠎ᠡ ᠶᠢᠨ ᠤᠯᠠᠮᠵᠢᠯᠠᠯ ᠢᠶᠠᠷ ᠳᠠᠮᠵᠢᠨ᠂ ᠵᠠᠯᠠᠭᠤ ᠨᠢᠭᠡ ᠦᠶ᠎ᠡ ᠶᠢᠨ ᠴᠥᠭᠡᠨ ᠲᠣᠭᠠᠲᠤ ᠦᠨᠳᠦᠰᠦᠲᠡᠨ ᠤ ᠠᠷᠠᠰᠤᠨ ᠰᠡᠶᠢᠯᠦᠮᠡᠯ ᠤᠨ ᠤᠷᠠᠨ ᠰᠡᠶᠢᠯᠦᠭᠴᠢᠳ ᠤᠨ ᠰᠢᠨ᠎ᠡ ᠶᠢ ᠡᠭᠦᠳᠬᠦ ᠠᠷᠭ᠎ᠠ ᠨᠢ ᠣᠳᠣ ᠦᠶ᠎ᠡ ᠶᠢᠨ ᠨᠡᠶᠢᠭᠡᠮ ᠤᠨ ᠡᠯᠧᠮᠧᠨ᠋ᠲ ᠢ ᠠᠭᠤᠰᠤᠯᠴᠠᠭᠤᠯᠵᠤ᠂ ᠰᠢᠨ᠎ᠡ ᠨᠢᠭᠡ ᠦᠶ᠎ᠡ ᠶᠢᠨ ᠬᠥᠮᠦᠰ ᠲᠤ ᠬᠦᠯᠢᠶᠡᠨ ᠠᠪᠤᠭᠳᠠᠵᠤ ᠲᠣᠭᠤᠭᠳᠠᠪᠠ᠃      ᠨᠢᠭᠡ ᠵᠦᠢᠯ ᠤᠨ ᠤᠷᠠᠯᠢᠭ ᠪᠣᠯᠤᠭᠰᠠᠨ ᠤ ᠬᠤᠪᠢ ᠳᠤ᠂ ᠠᠷᠠᠰᠤᠨ ᠰᠡᠢᠯᠦᠮᠡᠯ ᠤᠨ ᠤᠷᠠᠯᠢᠭ ᠨᠢ ᠲᠠᠯ᠎ᠠ ᠨᠤᠲᠤᠭ ᠠᠴᠠ ᠢᠷᠡᠵᠦ᠂ ᠦᠨᠳᠦᠰᠦᠲᠡᠨ ᠤ ᠭᠠᠷ ᠤᠷᠠᠯᠠᠯ ᠤᠨ ᠤᠷᠠᠨ ᠳᠠᠷᠬᠠᠨ ᠤ ᠰᠣᠶᠣᠯ ᠤᠨ ᠢᠲᠡᠭᠡᠯ ᠢ ᠱᠣᠭᠤᠵᠤ᠂ ᠲᠠᠰᠤᠷᠠᠯᠲᠠ ᠦᠭᠡᠢ ᠱᠤᠭᠤᠬᠤ ᠪᠣᠯᠤᠨ ᠲᠣᠭᠰᠢᠬᠤ ᠪᠠᠷ ᠥᠪᠡᠷ ᠤᠨ ᠤᠷᠠᠯᠢᠭ ᠤᠨ ᠰᠦᠭ ᠰᠦᠨᠡᠰᠦ ᠪᠠᠨ ᠱᠤᠭᠤᠵᠤ᠂ ᠪᠠᠰᠠ ᠨᠢᠭᠡᠨ ᠡᠶᠡᠯᠳᠡᠭ ᠵᠦᠭᠡᠯᠡᠨ ᠤᠷᠠᠨ ᠳᠠᠷᠬᠠᠨ ᠤᠶᠠᠨ ᠬᠠᠳᠠᠨ ᠰᠡᠳᠭᠢᠯ ᠢ ᠱᠤᠭᠤᠪᠠ᠃ ᠪᠠᠲᠤ ᠰᠠᠬᠢᠬᠤ ᠪᠠ ᠤᠯᠠᠮᠵᠢᠯᠠᠨ ᠵᠠᠯᠭᠠᠮᠵᠢᠯᠠᠬᠤ ᠳᠤᠮᠳᠠ ᠠᠷᠠᠰᠤᠨ ᠰᠡᠶᠢᠯᠦᠮᠡᠯ ᠤᠷᠠᠨ ᠵᠢᠷᠤᠭ ᠤᠨ ᠤᠷ᠎ᠠ ᠮᠡᠷᠭᠡᠵᠢᠯ ᠢ ᠨᠢᠭᠡᠨ ᠵᠦᠢᠯ ᠤᠨ ᠰᠣᠶᠣᠯ ᠤᠨ ᠨᠡᠷ᠎ᠡ ᠶᠢᠨ ᠬᠠᠭᠤᠳᠠᠰᠤ ᠪᠣᠯᠭᠠᠶ᠎ᠠ ᠁      ᠲᠡᠳᠡᠨ ᠤ ᠨᠢᠭᠡ ᠭᠡᠷ ᠤᠨ ᠬᠢᠨ ᠭᠠᠴᠠᠭᠠᠨ ᠤ ᠮᠠᠯᠴᠢᠳ ᠲᠤ ᠦᠯᠢᠭᠡᠷ ᠳᠠᠭᠤᠷᠢᠶᠠᠯ ᠦᠵᠡᠭᠦᠯᠵᠡᠢ᠂ ᠲᠡᠷᠡ ᠦᠷᠭᠦᠯᠵᠢ ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠤᠩᠭᠤᠭᠰᠠᠨ ᠳᠤ᠂ ᠪᠢ ᠵᠠᠪᠠᠯ ᠠᠷᠠᠳ ᠲᠦᠮᠡᠨ ᠤ ᠲᠥᠯᠥᠭᠡ ᠠᠵᠢᠯ ᠬᠢᠬᠦ ᠬᠡᠷᠡᠭᠲᠡᠢ ᠭᠡᠳᠡᠭ᠂ ᠲᠡᠷᠡ ᠥᠪᠡᠷ ᠤᠨ ᠦᠢᠯᠡᠰ ᠪᠤᠰᠬᠠᠬᠤ ᠪᠠᠷ ᠳᠠᠮᠵᠢᠨ ᠭᠠᠴᠠᠭᠠᠨ ᠤ ᠮᠠᠯᠴᠢᠳ ᠢ ᠳᠠᠭᠠᠭᠤᠯᠤᠨ ᠪᠠᠶᠠᠵᠢᠭᠰᠠᠨ ᠨᠢ ᠮᠠᠯᠴᠢᠨ ᠲᠦᠮᠡᠨ ᠤ ᠳᠡᠮᠵᠢᠯᠭᠡ ᠶᠢ ᠣᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号