ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠬᠦ ᠳᠤ | ᠬᠥᠷᠬᠦᠶᠢᠴᠡ ᠴᠢᠨᠠᠷ ᠪᠠ ᠴᠠᠭ ᠬᠤᠭᠤᠴᠠᠭᠠᠳᠤ ᠴᠢᠨᠠᠷ ᠢ ᠪᠠᠳᠣᠯᠠᠬᠤ ᠨᠢ ᠳᠤᠩ ᠴᠢᠬᠤᠯᠠ ᠶᠤᠮ᠃ ᠡᠭᠦᠨ ᠤ | ᠲᠤᠯᠠᠳᠠ᠂ ᠰᠢ ᠾᠧ ᠰᠢᠶᠠᠩ 9 ᠰᠠᠷ᠎ᠠ ᠶᠢᠨ 23 ᠤ ᠡᠳᠦᠷ ᠠᠴᠠ 9 ᠰᠠᠷ᠎ᠠ ᠶᠢᠨ 26 ᠤ ᠡᠳᠦᠷ ᠪᠣᠯᠲᠠᠯ᠎ᠠ | ᠳᠥᠷᠪᠡᠨ ᠡᠳᠦᠷ ᠤᠨ ᠬᠤᠭᠤᠴᠠᠭ᠎ᠠ ᠲᠠᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ | ᠠᠵᠢᠯ ᠢ ᠥᠷᠨᠢᠭᠦᠯᠪᠡ᠃ ᠲᠣᠰ ᠰᠠᠷ᠎ᠠ ᠳᠤ ᠬᠤᠭᠤᠴᠠᠭ᠎ᠠ ᠨᠢ ᠲᠤᠯᠵᠤ᠂ ᠳᠣᠭᠠᠴᠠᠭ᠎ᠠ ᠬᠢᠬᠦ ᠴᠢᠬᠤᠯᠠᠲᠠᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ 40 ᠡᠷᠦᠬᠡ ᠶᠢᠨ 64 ᠬᠥᠮᠦᠨ ᠪᠠ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭᠠᠲᠤ ᠡᠷᠦᠬᠡ ᠶᠢ ᠰᠢᠨ᠎ᠡ ᠪᠠᠷ ᠭᠤᠶᠤᠴᠢᠯᠠᠭᠰᠠᠨ 7 ᠡᠷᠦᠬᠡ ᠶᠢᠨ 14 ᠬᠥᠮᠦᠨ ᠳᠤ ᠲᠣᠭᠠᠴᠠᠭ᠎ᠠ | ᠬᠢᠪᠡ᠃ | ᠲᠣᠭᠠᠴᠠᠭ᠎ᠠ ᠬᠢᠬᠦ ᠶᠠᠪᠤᠴᠠ ᠳᠤ᠂ ᠠᠵᠢᠯᠲᠠᠳ ᠲᠣᠰᠬᠤᠨ ᠤ ᠠᠷᠠᠳ ᠤᠨ ᠵᠥᠪᠯᠡᠯ ᠤᠨ ᠬᠠᠷᠢᠭᠤᠴᠠᠯᠭᠠᠳᠠᠳ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠲᠠᠢ ᠨᠢᠭᠤᠷᠲᠠᠨ ᠶᠠᠷᠢᠯᠴᠠᠵᠤ᠂ ᠲᠡᠳᠡᠨ ᠤ | ᠣᠳᠣᠬᠠᠨ ᠤ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠪᠠ ᠬᠡᠷ ᠪᠦᠯᠢ ᠶᠢᠨ | ᠣᠷᠣᠯᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠡᠮᠨᠡᠯᠭᠡ ᠶᠢᠨ | ᠬᠤᠷᠢᠶᠠᠨ ᠤ ᠣᠨᠣᠰᠢᠯᠠᠭᠰᠠᠨ ᠭᠡᠷᠡᠴᠢ᠂ ᠵᠠᠷᠤᠳᠠᠯ ᠵᠠᠷᠤᠴᠠᠭᠤᠯᠤᠭᠰᠠᠨ ᠫᠢᠶᠣᠣ ᠪᠠᠷᠢᠮᠲᠠ ᠵᠢᠴᠢ ᠲᠤᠭ᠎ᠠ ᠪᠠᠷᠢᠮᠲᠠ | ᠵᠡᠷᠭᠡ ᠶᠢ ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠬᠡᠷ ᠪᠦᠯᠢ ᠶᠢᠨ ᠣᠷᠣᠯᠭ᠎ᠠ ᠪᠠ ᠵᠠᠷᠤᠯᠭ᠎ᠠ ᠶᠢᠨ | ᠪᠠᠶᠢᠳᠠᠯ ᠢ ᠲᠣᠭᠠᠴᠠᠭ᠎ᠠ ᠬᠢᠬᠦ ᠪᠠᠷ ᠳᠠᠮᠵᠢᠭᠤᠯᠤᠨ᠂ ᠲᠤᠬᠠᠶ ᠶᠢᠨ ᠲᠠᠯᠠᠪᠠᠶ ᠳᠤ ︽ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠤᠨ ᠬᠡᠷ ᠪᠦᠯᠢ ᠶᠢᠨ | ᠣᠷᠣᠯᠭ᠎ᠠ ᠶᠢᠨ ᠲᠣᠭᠠᠴᠠᠭ᠎ᠠ ᠬᠢᠬᠦ ᠬᠦᠰᠦᠨᠦᠭᠲᠦ︾ ᠶᠢ ᠳᠠᠭᠯᠠᠭᠤᠯᠪᠠ᠃ | ᠡᠨᠡ ᠤᠳᠠᠭᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠣᠭᠠᠴᠠᠭ᠎ᠠ ᠬᠢᠭᠰᠡᠨ ᠨᠢ ᠨᠡᠶᠢᠲᠡ | 47 ᠡᠷᠦᠬᠡ 78 ᠬᠥᠮᠦᠨ᠂ ᠡᠭᠦᠨ ᠳᠤ 1 ᠡᠷᠦᠬᠡ 2 ᠬᠥᠮᠦᠨ ᠤ ᠬᠤᠭᠤᠴᠠᠭ᠎ᠠ ᠨᠢ ᠲᠤᠯᠵᠦ ᠳᠠᠬᠢᠨ | ᠬᠠᠷᠭᠤᠭᠤᠯᠤᠭᠰᠠᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠴᠠ | ᠰᠢᠭᠤᠳ ᠪᠠᠳᠣᠯᠠᠭ᠎ᠠ ᠠᠴᠠ ᠭᠠᠷᠭᠠᠵᠤ᠂ 1 ᠡᠷᠦᠬᠡ 1 ᠬᠥᠮᠦᠨᠲ᠋ᠠᠬᠢᠨ ᠬᠠᠷᠭᠤᠭᠤᠯᠤᠭᠰᠠᠨ ᠳᠤ ᠬᠤᠭᠤᠴᠠᠭ᠎ᠠ | ᠲᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠠᠴᠠ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠪᠠᠷ 6 ᠰᠠᠷ᠎ᠠ ᠪᠠᠳᠣᠯᠠᠭ᠎ᠠ ᠬᠥᠷᠳᠡᠵᠥ᠂ ᠠᠭᠠᠵᠢᠮ ᠢᠶᠠᠷ ᠪᠠᠳᠣᠯᠠᠭ᠎ᠠ ᠠᠴᠠ ᠭᠠᠷᠬᠤ ᠪᠠᠷ | ᠪᠠᠶᠢᠨ᠎ᠠ᠂ ᠰᠢᠨ᠎ᠡ ᠪᠠᠷ ᠭᠤᠶᠤᠴᠢᠯᠠᠭᠰᠠᠨ 1 ᠡᠷᠦᠬᠡ 2 ᠬᠥᠮᠦᠨ ᠨᠡᠷ᠎ᠡ ᠳᠡᠭᠡᠷ᠎ᠡ ᠪᠠᠨ ᠬᠤᠷᠰᠢᠶᠠᠵᠢᠯ ᠲᠠᠢ ᠤᠴᠢᠷ | ᠠᠴᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠬᠤ ᠨᠥᠬᠦᠴᠡᠯ ᠳᠤ ᠨᠡᠶᠢᠴᠡᠬᠦ ᠥᠬᠡᠶ ᠲᠤᠯᠠ | ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠭᠰᠠᠨ ᠥᠬᠡᠶ᠃ ᠲᠣᠰ ᠤᠳᠠᠭᠠᠨ ᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠠᠵᠢᠯ ᠨᠢ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠪᠤᠴᠠᠭᠠᠬᠤ | ᠶᠣᠰᠣᠲᠠᠶ ᠶᠢ ᠨᠢ ᠴᠥᠮ ᠪᠤᠴᠠᠭᠠᠵᠤ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ︾ ᠶᠢ ᠪᠡᠶᠡᠯᠡᠭᠦᠯᠵᠦ᠂ | ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠴᠢᠷᠳᠡᠯᠲᠡᠶ ᠣᠯᠠᠨ ᠲᠦᠮᠡᠨ ᠳᠤ ᠦᠨᠡᠨᠬᠦ ᠳᠠᠮᠵᠢᠭᠤᠯᠪᠠ᠃ | ᠬᠤᠶᠢᠰᠢᠳᠠ ᠰᠢ ᠾᠧ ᠰᠢᠶᠠᠩ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ | ᠴᠢᠩᠭ᠎ᠠ ᠡᠵᠡᠮᠳᠡᠵᠦ᠂ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠪᠠᠶᠢᠬᠤ ᠵᠠᠷᠴᠢᠮ ᠶᠣᠰᠣᠭᠠᠷ᠂ ᠨᠠᠮ ᠪᠠ | ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠶᠠᠳᠠᠭᠤ ᠬᠦᠴᠢᠷᠳᠡᠯᠲᠡᠢ ᠭᠡᠷ | ᠪᠦᠯᠢ ᠨᠢᠭᠡᠪᠦᠷᠢ ᠳᠤ ᠬᠦᠷᠲᠡᠯ᠎ᠡ ᠨᠠᠶᠢᠳᠠᠪᠤᠷᠢᠵᠢᠭᠤᠯᠤᠨ᠎ᠠ᠃ | |