ᠪᠠᠭ᠎ᠠ ᠣᠩᠭᠤᠨ ᠰᠢᠶᠠᠩ ᠬᠥᠬᠦᠷᠭᠡᠨ᠎ᠡ ᠶᠢᠨ ᠦᠨᠳᠦᠰᠦ ᠬᠤᠷᠢᠶᠠᠬᠤ ᠤᠯᠠᠷᠢᠯ ᠢᠶᠠᠨ ᠤᠭᠲᠤᠯ ᠠ᠃ | ᠲᠠᠷᠢᠮᠠᠯ ᠤᠨ ᠲᠠᠯᠠᠪᠠᠢ ᠶᠡᠭᠡ᠂ ᠤᠷᠭᠤᠴᠠ ᠶᠢᠨ ᠪᠠᠶᠢᠳᠠᠯ ᠰᠠᠶᠢᠨ ᠪᠣᠯᠬᠤᠷ ᠲᠠᠷᠢᠮᠠᠯ ᠤᠨ ᠡᠷᠦᠬᠡ ᠮᠠᠰᠢᠨᠴᠢᠯᠡᠯᠳᠡ ᠶᠢᠨ | ᠠᠷᠭ᠎ᠠ ᠪᠠᠷ ᠬᠤᠷᠢᠶᠠᠯᠲᠠ ᠠᠪᠴᠤ᠂ ᠡᠨᠡ ᠨᠢ ᠬᠥᠬᠦᠷᠭᠡᠨ᠎ᠡ ᠶᠢᠨ ᠦᠨᠳᠦᠰᠦ ᠶᠢ ᠪᠦᠷᠢᠨ ᠭᠦᠢᠴᠡᠳ ᠮᠠᠯᠳᠠᠵᠤ | ᠳᠡᠶᠢᠯᠤᠭᠰᠠᠨ ᠢᠶᠠᠷ ᠪᠠᠷᠠᠬᠤ ᠦᠭᠡᠢ᠂ ᠬᠥᠷᠥᠰᠥ ᠰᠢᠷᠣᠢ ᠶᠢᠨ ᠪᠦᠲᠦᠴᠡ ᠶᠢᠨ ᠡᠪᠳᠡᠭᠳᠡᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠠᠢ᠃ | ᠡᠨᠡ ᠵᠢᠯ ᠤᠨ ᠬᠥᠬᠦᠷᠭᠡᠨ᠎ᠡ ᠶᠢᠨ ᠦᠨᠳᠦᠰᠦ ᠶᠢᠨ ᠤᠷᠭᠤᠴᠠ ᠰᠠᠶᠢᠨ ᠨᠢ ᠵᠢᠯ ᠤᠨ ᠡᠬᠢᠨ ᠤ ᠡᠯᠪᠡᠭ ᠬᠤᠷ᠎ᠠ | ᠪᠣᠷᠣᠭᠠᠨ ᠪᠣᠯᠤᠨ ᠵᠤᠨ ᠤ ᠤᠯᠠᠷᠢᠯ ᠤᠨ ᠳᠤᠯᠠᠭᠠᠨ ᠤ ᠬᠡᠮᠵᠢᠶ᠎ᠡ᠂ ᠲᠠᠷᠢᠶᠠᠴᠢᠨ ᠡᠷᠦᠬᠡ ᠶᠢᠨ ᠨᠠᠷᠢᠨ ᠨᠢᠮᠪᠠᠢ | ᠠᠷᠠᠴᠢᠯᠠᠯ ᠠᠴᠠ ᠪᠤᠯᠵᠤ᠂ ᠬᠥᠬᠦᠷᠭᠡᠨ᠎ᠡ ᠶᠢᠨ ᠦᠨᠳᠦᠰᠦ ᠨᠢ ᠨᠡᠢᠳᠡᠮ ᠳᠡᠭᠡᠨ ᠴᠢᠭᠢᠷᠠᠭ ᠪᠦᠳᠦᠭᠦᠨ᠂ ᠨᠠᠪᠴᠢ ᠨᠢ | ᠥᠳᠭᠡᠨ᠂ ᠥᠨᠳᠥᠰᠥᠨ ᠤ ᠰᠢᠰᠲ᠋ᠧᠮ ᠨᠢ ᠬᠥᠭᠵᠢᠭᠰᠡᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ | ᠪᠠᠭ᠎ᠠ ᠣᠩᠭᠤᠨ ᠰᠢᠶᠠᠩ ᠨᠡᠶᠢᠲᠡ 6126 ᠮᠦ ᠬᠥᠬᠦᠷᠭᠡᠨ᠎ᠡ ᠶᠢᠨ ᠦᠨᠳᠦᠰᠦ ᠳᠠᠷᠢᠵᠤ᠂ ᠮᠦ ᠪᠦᠷᠢ ᠶᠢᠨ ᠳᠤᠮᠳᠠᠴᠢ | ᠭᠠᠷᠤᠯᠲᠠ ᠨᠢ 280 - 300 ᠺᠢᠯᠣᠭ᠍ᠷᠠᠮ ᠳᠤ ᠬᠥᠷᠴᠦ᠂ 2024 ᠣᠨ ᠤ ᠣᠳᠣᠬᠠᠨ ᠤ ᠦᠨ᠎ᠡ ᠬᠠᠩᠰ᠊ | ᠢᠺᠢᠯᠣᠭ᠍ᠷᠠᠮ ᠪᠥᠷᠢ ᠳᠤ ᠪᠠᠨ 10.5 ᠲᠥᠭᠦᠷᠢᠭ ᠪᠠᠶᠢᠵᠤ᠂ ᠮᠥ ᠪᠦᠷᠢ ᠶᠢᠨ ᠪᠣᠷᠣᠯᠠᠭᠤᠯᠤᠯᠲᠠ ᠶᠢᠨ ᠣᠷᠣᠯᠭ᠎ᠠ ᠨᠢ | ᠪᠠᠷᠤᠭ 2900 ᠠᠴᠠ 3200 ᠲᠥᠭᠦᠷᠢᠭ ᠲᠤ ᠬᠥᠷᠥᠭᠰᠡᠨ ᠪᠠᠶᠢᠨ᠎ᠠ᠃ ᠡᠨᠡ ᠨᠢ ᠪᠠᠭ᠎ᠠ ᠣᠩᠭᠤᠨ ᠰᠢᠶᠠᠩ ᠤᠨ | ᠲᠠᠷᠢᠮᠠᠯ ᠤᠨ ᠡᠷᠦᠬᠡ ᠤᠳ ᠥᠪᠡᠷ ᠤᠨ ᠥᠷᠲᠡᠭ ᠢᠶᠠᠨ ᠪᠤᠴᠠᠭᠠᠨ ᠠᠪᠴᠢᠷᠠᠵᠤ ᠳᠡᠶᠢᠯᠬᠦ ᠪᠠᠷ ᠪᠠᠷᠠᠬᠤ ᠦᠭᠡᠢ ᠪᠠᠰᠠ | ᠨᠡᠯᠢᠶᠡᠳ ᠰᠠᠶᠢᠨ ᠠᠰᠢᠭ ᠣᠷᠣᠯᠭ᠎ᠠ ᠲᠠᠢ ᠶᠢ ᠬᠠᠷᠠᠭᠤᠯᠵᠤ ᠪᠠᠶᠢᠨ᠎ᠠ᠃ | ᠬᠥᠬᠦᠷᠭᠡᠨ᠎ᠡ ᠶᠢᠨ ᠦᠨᠳᠦᠰᠦ ᠶᠢᠨ ᠡᠯᠪᠡᠭ ᠬᠤᠷᠢᠶᠠᠯᠲᠠ ᠣᠯᠤᠭᠰᠠᠨ ᠨᠢ ᠪᠠᠭ᠎ᠠ ᠣᠩᠭᠤᠨ ᠰᠢᠶᠠᠩ ᠤᠨ | ᠲᠠᠷᠢᠮᠠᠯ ᠤᠨ ᠡᠷᠦᠬᠡ ᠳᠤ ᠠᠵᠤ ᠠᠬᠤᠶ ᠶᠢᠨ ᠬᠠᠷᠢᠭᠤ ᠠᠰᠢᠭ ᠬᠦᠷᠲᠡᠭᠡᠵᠦ ᠥᠭᠭᠦᠭᠰᠡᠨ ᠢᠶᠠᠷ ᠪᠠᠷᠠᠬᠤ ᠦᠭᠡᠢ | ᠲᠤᠬᠠᠶ ᠶᠢᠨ ᠭᠠᠵᠠᠷ ᠤᠨ ᠬᠥᠳᠡᠯᠮᠦᠷᠢ ᠬᠦᠴᠦᠨ ᠳᠤ ᠴᠤ ᠠᠵᠢᠯ ᠬᠥᠳᠡᠯᠮᠦᠷᠢ ᠬᠦᠴᠦᠨ ᠤ ᠣᠷᠣᠯᠭ᠎ᠠ ᠬᠠᠩᠭᠠᠭᠰᠠᠨ | ᠪᠠᠶᠢᠨ᠎ᠠ᠃ ᠬᠥᠬᠦᠷᠭᠡᠨ᠎ᠡ ᠶᠢᠨ ᠦᠨᠳᠦᠰᠦ ᠶᠢᠨ ᠣᠨᠴᠠᠯᠢᠭᠲᠤ ᠲᠠᠷᠢᠮᠠᠯ ᠤᠨ ᠦᠢᠯᠡᠰ ᠨᠢ ᠰᠢᠯᠢᠳᠡᠭ ᠰᠠᠶᠢᠨ ᠬᠢᠲᠠᠳ | ᠡᠮ ᠤᠨ ᠮᠠᠲ᠋ᠧᠷᠢᠶᠠᠯ ᠪᠣᠯᠤᠭᠰᠠᠨ ᠤ ᠬᠤᠪᠢ ᠳᠤ᠂ ᠥᠷᠭᠡᠨ ᠳᠡᠯᠭᠡᠷ ᠬᠡᠷᠡᠭᠯᠡᠭᠡᠨ ᠤ ᠦᠨ᠎ᠡ ᠥᠷᠲᠡᠭ ᠲᠠᠢ᠂ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠬᠥᠭᠵᠢᠯᠲᠡ ᠶᠢᠨ ᠢᠷᠡᠭᠡᠳᠦᠢ ᠨᠢ ᠮᠠᠰᠢ ᠶᠡᠭᠡ ᠳᠠᠯᠳᠠ ᠬᠦᠴᠦᠨ ᠲᠠᠢ | ᠶᠤᠮ᠃ ᠬᠥᠮᠦᠰ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠬᠦ ᠪᠠ ᠰᠢᠨᠵᠢᠯᠡᠭᠦ | ᠤᠬᠠᠭᠠᠨ ᠲᠧᠭᠨᠢᠭ ᠮᠡᠷᠭᠡᠵᠢᠯ ᠤᠨ ᠬᠢᠷᠢ ᠳᠥᠪᠰᠢᠨ ᠤ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠬᠥᠬᠦᠷᠭᠡᠨ᠎ᠡ | ᠶᠢᠨ ᠦᠨᠳᠦᠰᠦ ᠨᠢ ᠪᠠᠰᠠ ᠡᠮ ᠡᠮᠨᠡᠯᠭᠡ᠂ ᠡᠷᠡᠭᠦᠯᠵᠢᠯ ᠭᠤᠶᠤᠯᠠᠯ ᠤᠨ ᠡᠳ᠋ ᠵᠡᠷᠭᠡ ᠠᠵᠢᠯ ᠲᠥᠷᠥᠯ ᠤᠨ ᠳᠣᠲᠣᠷᠠᠬᠢ | ᠴᠢᠬᠤᠯᠠ ᠮᠠᠲ᠋ᠧᠷᠢᠶᠠᠯ ᠤᠨ ᠨᠢᠭᠡ ᠪᠣᠯᠬᠤ ᠪᠣᠯᠤᠨ᠎ᠠ᠃ | ᠬᠥᠬᠦᠷᠭᠡᠨ᠎ᠡ ᠶᠢᠨ ᠦᠨᠳᠦᠰᠦ ᠶᠢᠨ ᠠᠵᠤ ᠦᠢᠯᠡᠰ ᠤᠨ ᠳᠠᠯᠳᠠ ᠬᠦᠴᠦᠨ ᠢ ᠤᠯᠠᠮ ᠨᠢᠭᠡ ᠠᠯᠬᠤᠮ | ᠪᠠᠳᠠᠷᠠᠭᠤᠯᠬᠤ ᠶᠢᠨ ᠲᠥᠯᠥᠭᠡ᠂ ᠪᠠᠭ᠎ᠠ ᠣᠩᠭᠤᠨ ᠰᠢᠶᠠᠩ ᠲᠣᠬᠢᠷᠠᠮᠵᠢᠲᠠᠶ ᠣᠷᠣᠨ ᠪᠦᠰᠡ ᠳᠤ ᠲᠠᠷᠢᠮᠠᠯ ᠤᠨ | ᠲᠠᠯᠠᠪᠠᠢ ᠶᠢ ᠲᠣᠭᠲᠠᠭᠤᠨ ᠢᠶᠠᠷ ᠥᠷᠭᠡᠳᠬᠡᠵᠦ᠂ ᠨᠠᠩ ᠣᠯᠠᠨ ᠲᠠᠷᠢᠮᠠᠯ ᠤᠨ ᠡᠷᠦᠬᠡ ᠶᠢᠨ ᠣᠷᠣᠯᠴᠠᠬᠤ ᠶᠢ | ᠵᠣᠷᠢᠭᠵᠢᠭᠤᠯᠤᠨ ᠳᠡᠮᠵᠢᠬᠦ ᠪᠠᠷ ᠲᠥᠯᠥᠪᠯᠡᠵᠦ ᠪᠠᠶᠢᠨ᠎ᠠ᠃ ᠪᠠᠭ᠎ᠠ ᠣᠩᠭᠤᠨ ᠰᠢᠶᠠᠩ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠪᠠᠷ ᠬᠦᠴᠦᠯᠡᠵᠦ᠂ ᠣᠨᠴᠠᠭᠠᠶᠢᠯᠠᠨ ᠨᠠᠷᠢᠯᠢᠭ ᠡᠳ᠋ᠰᠢᠭᠦᠯᠬᠦ ᠬᠦᠷᠢᠶ᠎ᠡ ᠶᠢ ᠴᠢᠬᠤᠯᠠᠴᠢᠯᠠᠵᠤ᠂ ᠰᠤᠳᠤᠯᠤᠨ | ᠨᠡᠭᠡᠭᠡᠬᠦ ᠪᠠ ᠵᠠᠬ᠎ᠠ ᠳᠡᠯᠭᠡᠭᠦᠷ ᠤᠨ ᠴᠢᠳᠠᠪᠤᠷᠢ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠤᠶᠤ | ᠬᠥᠮᠦᠵᠢᠭᠦᠯᠬᠦ ᠪᠠᠷ ᠲᠥᠯᠥᠪᠯᠡᠵᠦ᠂ ᠬᠥᠬᠦᠷᠭᠡᠨ᠎ᠡ ᠶᠢᠨ ᠦᠨᠳᠦᠰᠦ ᠶᠢᠨ ᠨᠡᠮᠡᠯᠲᠡ ᠦᠷᠳᠡᠭ ᠢ ᠳᠡᠭᠡᠭᠰᠢᠯᠡᠭᠦᠯᠵᠦ᠂ | ᠠᠵᠤ ᠦᠢᠯᠡᠰ ᠤᠨ ᠲᠡᠰ ᠳᠡᠪᠰᠢᠬᠦ ᠪᠠ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | |