ᠦᠨᠡᠨ ᠰᠡᠳᠬᠢᠯ ᠠᠴᠠ ᠪᠠᠨ ᠬᠠᠪᠰᠤᠷᠤᠨ ᠲᠡᠳᠬᠦᠵᠦ ᠪᠣᠳᠠᠲᠠᠢ ᠠᠵᠢᠯ ᠬᠢᠵᠦ ᠠᠷᠠᠳ ᠤᠯᠠᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/11/1
      —ᠰᠢ ᠾᠧ ᠰᠢᠶᠠᠩ ᠤᠨ ᠴᠠᠩ ᠬᠠᠨ ᠲᠣᠰᠬᠤᠨ ᠤ ᠠᠷᠠᠳ ᠤᠨ ᠵᠥᠪᠯᠡᠯ ᠠᠴᠠ ᠯᠦᠩ ᠱᠧᠩ ᠠᠭᠤᠷᠬᠠᠢ ᠶᠢᠨ ᠦᠢᠯᠡᠰ ᠲᠤ ᠬᠡᠮᠡᠷᠯᠢᠭ ᠲᠤᠭ ᠪᠡᠯᠡᠭᠯᠡᠪᠡ      ᠦᠨᠡᠨ ᠰᠡᠳᠬᠢᠯ ᠠᠴᠠ ᠪᠠᠨ ᠬᠠᠪᠰᠤᠷᠤᠨ ᠲᠡᠳᠬᠦᠵᠦ ᠪᠣᠳᠠᠲᠠᠢ ᠠᠵᠢᠯ ᠬᠢᠵᠦ᠂ ᠠᠷᠠᠳ ᠤᠯᠠᠨ ᠲᠠᠢ ᠰᠡᠳᠬᠢᠯ ᠵᠢᠷᠦᠬᠡ ᠪᠠᠨ ᠬᠤᠯᠪᠣᠨ᠎ᠠ᠃ ᠣᠶᠢᠷ᠎ᠠ ᠳᠤ᠂ ᠰᠢ ᠾᠧ ᠰᠢᠶᠠᠩ ᠤᠨ ᠴᠠᠩ ᠬᠠᠨ ᠲᠣᠰᠬᠤᠨ ᠤ ᠠᠷᠠᠳ ᠤᠨ ᠵᠥᠪᠯᠡᠯ ᠨᠢᠭᠡᠨ ᠬᠡᠮᠡᠷᠯᠢᠭ ᠲᠤᠭ ᠢ ᠯᠦᠩ ᠱᠧᠩ ᠠᠭᠤᠷᠬᠠᠶ ᠶᠢᠨ ᠦᠢᠯᠡᠰ ᠲᠤ ᠪᠡᠯᠡᠭᠯᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠮᠲᠤ ᠶᠢᠨ ᠰᠡᠭᠦᠳᠡᠷ ᠳᠠᠳᠠᠵᠤ᠂ ᠣᠯᠠᠨ ᠵᠢᠯ ᠤᠨ ᠲᠤᠷᠰᠢ ᠠᠵᠤ ᠠᠬᠤᠶᠢᠯᠠᠯ ᠤᠨ ᠴᠠᠩ ᠬᠠᠨ ᠲᠣᠰᠬᠤᠨ ᠤ ᠬᠥᠭᠵᠢᠯᠲᠡ ᠪᠥᠲᠥᠭᠡᠨ ᠪᠠᠶᠢᠭᠤᠯᠤᠯᠲᠠ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃      ᠨᠢᠭᠡ ᠳᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠬᠦᠴᠦᠨ ᠨᠡᠮᠡᠷᠢᠯᠡᠪᠡ᠃ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠬᠦ ᠶᠢᠨ ᠲᠥᠯᠥᠭᠡ᠂ ᠡᠨᠡ ᠵᠢᠯ ᠤᠨ 6 ᠰᠠᠷ᠎ᠠ ᠶᠢᠨ 25 ᠤ ᠡᠳᠦᠷ᠂ ᠴᠠᠩ ᠬᠠᠨ ᠲᠣᠰᠬᠤᠨ ᠤ ᠨᠠᠮ ᠤᠨ ᠡᠭᠦᠷ ᠶᠠᠨ ᠠᠨ ᠳᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠯᠪᠠᠰᠤᠷᠠᠯ ᠥᠷᠨᠢᠭᠦᠯᠵᠦ᠂  ᠤᠶᠤᠨ ᠰᠠᠨᠠᠭᠠᠨ ᠤ ᠰᠢᠨ᠎ᠡ ᠳᠦᠷᠰᠦ ᠪᠠᠶᠢᠳᠠᠯ ᠢᠶᠠᠷ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠯᠦᠩ ᠱᠧᠩ ᠠᠭᠤᠷᠬᠠᠶ ᠶᠢᠨ ᠦᠢᠯᠡᠰ ᠤᠨ 2 ᠲᠦᠮᠡᠨ ᠲᠥᠭᠦᠷᠢᠭ ᠤᠨ ᠬᠦᠴᠦᠲᠡᠶ ᠳᠡᠮᠵᠢᠯᠭᠡ ᠶᠢ ᠣᠯᠵᠤ᠂ ᠠᠵᠢᠯᠯᠠᠭ᠎ᠠ ᠶᠢᠨ ᠲᠡᠭᠦᠰ ᠠᠮᠵᠢᠯᠲᠠ ᠲᠠᠢ ᠶᠠᠪᠤᠭᠳᠠᠬᠤ ᠶᠢ ᠳᠥᠯᠭᠢᠨ ᠠᠬᠢᠭᠤᠯᠵᠤ᠂ ᠯᠦᠩ ᠱᠧᠩ ᠠᠭᠤᠷᠬᠠᠶ ᠶᠢᠨ ᠦᠢᠯᠡᠰ ᠤᠨ ᠨᠡᠶᠢᠭᠡᠮ ᠤᠨ ᠡᠭᠦᠷᠭᠡᠯᠡᠯ᠂ ᠬᠠᠶᠢᠷ᠎ᠠ ᠬᠠᠯᠠᠮᠵᠢ ᠬᠠᠨᠳᠢᠪᠯᠠᠬᠤ ᠵᠢᠴᠢ ᠴᠠᠩ ᠬᠠᠨ ᠲᠣᠰᠬᠤᠨ ᠤ ᠨᠠᠮ ᠤᠨ ᠡᠭᠦᠷ ᠤᠨ ᠬᠥᠭᠵᠢᠯᠲᠡ ᠪᠥᠲᠥᠭᠡᠨ ᠪᠠᠶᠢᠭᠤᠯᠤᠯᠲᠠ ᠳᠤ ᠦᠵᠡᠭᠦᠯᠥᠭᠰᠡᠨ ᠬᠦᠴᠦᠲᠡᠶ ᠳᠡᠮᠵᠢᠯᠭᠡ ᠶᠢ ᠬᠠᠷᠠᠭᠤᠯᠪᠠ᠃ ᠬᠤᠶᠠᠷ ᠲᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠦᠴᠦᠨ ᠨᠡᠮᠡᠷᠢᠯᠡᠪᠡ᠃ 2023 ᠣᠨ᠂ ᠴᠠᠩ ᠬᠠᠨ ᠲᠣᠰᠬᠤᠨ ᠰᠠᠭᠤᠷᠢ ᠲᠥᠬᠦᠭᠡᠷᠦᠮᠵᠢ ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠠᠷᠳᠠᠴᠠ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠣᠰᠬᠤᠨ ᠤ ᠠᠷᠠᠳ ᠲᠤ ᠪᠣᠳᠠᠲᠠᠢ ᠠᠵᠢᠯ ᠬᠢᠵᠦ᠂ ᠴᠠᠩ ᠬᠠᠨ ᠲᠣᠰᠬᠤᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃ ᠯᠦᠩ ᠱᠧᠩ ᠠᠭᠤᠷᠬᠠᠶ ᠶᠢᠨ ᠦᠢᠯᠡᠰ ᠨᠢ ᠴᠠᠩ ᠬᠠᠨ ᠲᠣᠰᠬᠤᠨ ᠤ ᠵᠠᠮ ᠢ ᠬᠠᠲᠠᠭᠤᠷᠠᠭᠤᠯᠬᠤ ᠢᠨᠵᠧᠨᠧᠷᠢᠩ ᠢ ᠮᠠᠰᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠲᠥᠷᠥᠯ ᠵᠦᠢᠯ ᠤᠨ ᠪᠥᠬᠦ ᠪᠠᠯᠠ ᠮᠥᠩᠭᠦ ᠶᠢᠨ ᠬᠡᠷᠡᠭᠴᠡᠭᠡ ᠶᠢ ᠬᠠᠷᠢᠭᠤᠴᠠᠵᠤ᠂ ᠲᠥᠷᠥᠯ ᠵᠦᠢᠯ ᠤᠨ ᠡᠴᠦᠰ ᠲᠤ ᠪᠠᠨ ᠬᠥᠷᠳᠡᠯ᠎ᠡ ᠤᠷᠤᠭᠰᠢᠲᠠᠶ ᠪᠡᠶᠡᠯᠡᠭᠳᠡᠭᠦ ᠶᠢ ᠪᠠᠳᠣᠯᠠᠨ᠎ᠠ ᠭᠡᠵᠥ ᠢᠯᠡᠳᠭᠡᠵᠥ᠂ ᠠᠵᠤ ᠠᠬᠤᠶᠢᠯᠠᠯ ᠠᠴᠠ ᠪᠠᠷᠤᠭ 4 ᠲᠦᠮᠡᠨ ᠲᠥᠭᠦᠷᠢᠭ ᠣᠷᠴᠢᠮ ᠳᠣᠰᠠᠯᠠᠵᠠᠢ᠃ ᠡᠩᠬᠦᠯ ᠳᠤᠩᠬᠤᠯ ᠰᠢᠷᠣᠶ ᠶᠢᠨ ᠵᠠᠮ ᠨᠢ ᠴᠡᠪᠡᠷ ᠲᠡᠭᠰᠢ ᠱᠦᠢᠨᠢ ᠵᠠᠮ ᠪᠣᠯᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨᠬᠦ ᠰᠢᠢᠳᠪᠤᠷᠢᠯᠡᠪᠠ᠃      ᠴᠠᠩ ᠬᠠᠨ ᠲᠣᠰᠬᠤᠨ ᠤ ᠨᠠᠮ ᠤᠨ ᠡᠭᠦᠷ ᠤᠨ ᠱᠦᠵᠢ ᠹᠠᠨ ᠪᠢᠶᠣᠤ ᠯᠦᠩ ᠱᠧᠩ ᠠᠭᠤᠷᠬᠠᠢ ᠶᠢᠨ ᠦᠢᠯᠡᠰ ᠤᠨ ᠴᠠᠩ ᠬᠠᠨ ᠲᠣᠰᠬᠤᠨ ᠤ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠠᠷᠠᠳ ᠲᠤ ᠪᠣᠳᠠᠲᠠᠢ ᠶᠠᠪᠤᠳᠠᠯ ᠬᠢᠭᠦ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠼᠤᠤ ᠮᠢᠩ ᠢᠯᠡᠷᠭᠡᠶᠢᠯᠡᠭᠰᠡᠨ ᠨᠢ᠂ ᠪᠢᠳᠡ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠥᠭᠰᠡᠨ ᠢᠶᠠᠷ ᠪᠠᠷᠠᠬᠤ ᠦᠭᠡᠢ᠂ ᠨᠢᠭᠡ ᠲᠠᠯ᠎ᠠ ᠶᠢᠨ ᠠᠵᠤ ᠠᠬᠤᠶ ᠶᠢ ᠳᠠᠶᠢᠴᠢᠯᠠᠬᠤ ᠶᠢ ᠪᠡᠶᠡᠯᠡᠭᠦᠯᠵᠥ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠪᠠᠨ ᠢᠮᠠᠭᠲᠠ ᠴᠡᠭᠡᠵᠢᠯᠡᠵᠥ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠥ᠂ ᠠᠵᠤ ᠠᠬᠤᠶᠢᠯᠠᠯ ᠤᠨ ᠡᠭᠦᠷᠭᠡᠯᠡᠯ ᠢᠶᠠᠨ ᠢᠯᠡᠷᠡᠭᠦᠯᠪᠡ᠃ ᠬᠤᠶᠢᠰᠢᠳᠠ ᠥᠩᠭᠡᠷᠡᠭᠰᠡᠨ ᠲᠠᠢ ᠪᠠᠨ ᠠᠳᠠᠯᠢ ᠪᠠᠷ᠂ ᠴᠠᠩ ᠬᠠᠨ ᠲᠣᠰᠬᠤᠨ ᠤ ᠨᠠᠮ ᠤᠨ ᠡᠭᠦᠷ ᠲᠠᠢ ᠨᠢᠭᠲᠠ ᠬᠠᠷᠢᠯᠴᠠᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号