ᠲᠠᠷᠬᠠᠨ ᠰᠤᠮᠤᠨ ᠤ ᠬᠤᠷᠰᠢᠶᠠᠵᠢᠯ ᠬᠥᠴᠥᠨ ᠨᠡᠮᠡᠷᠢᠯᠡᠨ  ᠮᠠᠯᠴᠢᠳ ᠢ ᠪᠠᠶᠠᠵᠢᠭᠤᠯᠤᠨ᠎ᠠ
ᠨᠡᠶᠢᠲᠡᠯᠡᠭᠰᠡᠨ ᠴᠠᠭ᠄
2024/11/1
      ᠳᠠᠷᠬᠠᠨ ᠰᠤᠮᠤ ᠶᠢᠨ ᠬᠢᠨ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶᠠᠵᠢᠯ ᠢ ᠪᠦᠬᠦ ᠣᠷᠣᠨ ᠪᠦᠰᠡ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠣᠩᠭᠤᠯ ᠠᠳᠤᠭᠤᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠠᠵᠢᠯ ᠢ ᠬᠦᠴᠦᠯᠡᠨ ᠴᠢᠩᠭᠠᠳᠬᠠᠵᠤ᠂ ᠮᠣᠩᠭᠤᠯ ᠠᠳᠤᠭᠤ ᠶᠢ ᠬᠠᠮᠠᠭᠠᠯᠠᠨ ᠥᠷᠭᠡᠳᠬᠡᠬᠦ ᠰᠠᠭᠤᠷᠢᠨ ᠢ ᠢᠳᠡᠪᠬᠢᠲᠡᠢ ᠪᠠᠶᠢᠭᠤᠯᠵᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠳᠠᠷᠬᠠᠨ ᠮᠠᠯᠴᠢᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠪᠠᠶᠢᠭᠤᠯᠵᠤ᠂  ᠮᠤᠩᠭᠤᠯ ᠠᠳᠤᠭᠤᠨ ᠤ ᠴᠢᠨᠠᠷ ᠰᠠᠶᠢᠳᠠᠢ ᠡᠬᠦᠯᠳᠡᠷ ᠤᠨ ᠢᠷᠡᠯᠳᠡ ᠶᠢ ᠤᠯᠠᠮ ᠨᠢᠭᠡ ᠠᠯᠬᠤᠮ ᠬᠠᠮᠠᠭᠠᠯᠠᠨ᠂ ᠮᠣᠩᠭᠤᠯ ᠠᠳᠤᠭᠤᠨ ᠤ  ᠤᠳᠤᠮᠰᠢᠯ ᠤᠨ ᠡᠬᠢ ᠪᠠᠶᠠᠯᠢᠭ ᠢ ᠬᠠᠮᠠᠭᠠᠯᠠᠵᠤ᠂ ᠮᠣᠩᠭᠤᠯ ᠠᠳᠤᠭᠤᠨ ᠤ ᠡᠬᠦᠯᠳᠡᠷ ᠢ ᠬᠠᠮᠠᠭᠠᠯᠠᠨ ᠦᠷᠡᠵᠢᠬᠦᠯᠬᠦ ᠲᠦᠷᠦᠯ ᠵᠦᠢᠯ ᠢ ᠬᠥᠭᠵᠢᠭᠦᠯᠵᠦ ᠮᠠᠯᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ  ᠪᠠᠶᠠᠵᠢᠭᠤᠯᠵᠤ᠂ ᠮᠠᠯᠴᠢᠳ ᠢ ᠳᠠᠷᠬᠠᠨ ᠰᠤᠮᠤᠨ ᠤ ᠠᠳᠤᠭᠤᠨ ᠤ ᠠᠵᠤ ᠦᠢᠯᠡᠰ ᠤᠨ ᠬᠦᠭᠵᠢᠯᠳᠡ ᠳᠤ ᠦᠨᠡᠨ ᠪᠤᠳᠠᠳᠠᠢ ᠪᠠᠷ ᠤᠷᠤᠯᠴᠠᠭᠤᠯᠤᠨ᠎ᠠ᠃      10 ᠰᠠᠷ᠎ᠠ ᠶᠢᠨ 30 ᠤ ᠡᠳᠤᠷ᠂ ᠴᠠᠭᠠᠠᠤᠪᠤᠭ᠎ᠠ ᠭᠠᠴᠠᠭ᠎ᠠ ᠨᠢ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠠᠷᠬᠠᠨ ᠮᠠᠯᠴᠢᠨ ᠮᠠᠯ ᠠᠵᠤ ᠠᠬᠤᠢ ᠲᠠᠷᠢᠶᠠᠯᠠᠩ ᠤᠨ ᠬᠤᠷᠰᠢᠶᠠᠵᠢᠯ ᠤᠨ ᠭᠡᠰᠢᠬᠦᠳ ᠤᠨ ᠶᠡᠭᠡ ᠬᠤᠷᠠᠯ ᠢ ᠬᠤᠷᠠᠯᠳᠤᠭᠤᠯᠵᠦ᠂ ᠲᠠᠷᠬᠠᠨ ᠰᠤᠮᠤ ᠶᠢᠨ ᠲᠡᠳ᠋ ᠰᠤᠮᠤᠨ ᠤ ᠲᠠᠷᠤᠭ᠎ᠠ ᠪᠣᠣ ᠶᠢᠨ ᠼᠠᠢ᠂  ᠭᠡᠰᠡᠭ ᠲᠠᠭᠠᠭᠠᠴᠢᠯᠠᠭᠰᠠᠨ ᠤᠳᠤᠷᠢᠳᠤᠯᠭ᠎ᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠩᠭᠢ ᠶᠢᠨ ᠲᠠᠷᠤᠭ᠎ᠠ ᠪᠠᠳᠤᠪᠠᠶᠠᠷ ᠬᠤᠷᠠᠯ ᠳᠤ ᠤᠷᠤᠯᠴᠠᠵᠦ᠂ ᠴᠠᠭᠠᠠᠤᠪᠤᠭ᠎ᠠ  ᠭᠠᠴᠠᠭᠠᠨ ᠤ ᠨᠠᠮ ᠤᠨ ᠡᠭᠦᠷ ᠤᠨ ᠱᠦᠵᠢ ᠪᠦᠭᠡᠳ ᠡᠷᠬᠢᠯᠡᠭᠴᠢ᠂ ᠬᠤᠷᠰᠢᠶᠠᠵᠢᠯ ᠤᠨ ᠬᠠᠷᠢᠭᠤᠴᠠᠯᠭᠠᠳᠠᠨ ᠪᠠᠳᠮᠠᠽᠥᠸ᠎ᠠ ᠬᠤᠷᠠᠯ ᠢ ᠡᠷᠬᠢᠯᠡᠨ᠂ ᠭᠠᠴᠠᠭᠠᠨ ᠤ ︽ᠬᠤᠶᠠᠷ ᠵᠦᠪᠯᠡᠯ︾ ᠤᠨ ᠭᠡᠰᠢᠭᠦᠳ᠂ ᠬᠤᠷᠰᠢᠶᠠᠵᠢᠯ ᠤᠨ ᠭᠡᠰᠢᠭᠦᠳ ᠬᠤᠷᠠᠯ ᠳᠤ ᠤᠷᠤᠯᠴᠠᠪᠠ᠃      ᠬᠤᠷᠠᠯ ᠠᠴᠠ ᠮᠠᠯᠴᠢᠳ ᠤᠨ ᠬᠤᠪᠢ ᠣᠷᠣᠭᠤᠯᠤᠭᠰᠠᠨ ᠬᠡᠮᠵᠢᠶᠡᠵᠢᠯᠲᠡ᠂  ᠬᠤᠪᠢᠴᠠᠭᠠᠨ ᠤ ᠡᠷᠬᠡ ᠶᠢᠨ ᠪᠠᠶᠢᠭᠤᠯᠤᠯᠳᠠ ᠶᠢᠨ ᠬᠡᠷᠡᠭᠵᠢᠭᠦᠯᠬᠦ ᠲᠥᠰᠦᠯ ᠢ ᠲᠣᠰ ᠲᠣᠰ ᠪᠠᠲᠤᠯᠠᠪᠠ᠃ ᠡᠴᠦᠰ ᠲᠡᠭᠡᠨ 16 ᠡᠷᠦᠬᠡ ᠮᠠᠯᠴᠢᠨ ᠨᠠᠶᠢᠳᠠ 18 ᠲᠦᠮᠡᠨ ᠲᠦᠬᠦᠷᠢᠭ ᠤᠨ ᠪᠡᠯᠡ ᠣᠷᠣᠭᠤᠯᠬᠤ ᠪᠠᠷ ᠲᠣᠭᠳᠠᠵᠣ᠂ ᠮᠣᠷᠢ ᠲᠡᠵᠢᠬᠡᠬᠦ ᠲᠣᠮᠣ ᠡᠷᠦᠬᠡ 1000 ᠭᠠᠷᠣᠢ ᠮᠣᠩᠭᠤᠯ ᠮᠣᠷᠢ ᠬᠤᠪᠢ ᠣᠷᠣᠭᠤᠯᠵᠣ᠂ ᠴᠠᠭᠠᠠᠤᠪᠤᠭ᠎ᠠ  ᠭᠠᠴᠠᠭᠠᠨ ᠤ ᠬᠠᠮᠳᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠳᠠ 10 ᠲᠦᠮᠡᠨ ᠲᠦᠬᠦᠷᠢᠭ ᠤᠨ ᠬᠤᠪᠢ ᠣᠷᠣᠭᠤᠯᠵᠠᠢ᠃ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠤᠭᠰᠠᠨ︾ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠬᠠᠷᠠᠯᠲᠠ ᠶᠢ ᠦᠨᠡᠨᠬᠦ ᠪᠡᠶᠡᠯᠡᠭᠦᠯᠪᠡ᠃ ᠬᠤᠷᠠᠯ ᠠᠴᠠ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠬᠤᠷᠠᠯ᠂ ᠬᠢᠨᠠᠭᠴᠢᠳ ᠤᠨ ᠬᠤᠷᠠᠯ ᠵᠡᠷᠭᠡ ᠴᠢᠬᠤᠯᠠ ᠪᠠᠶᠢᠭᠤᠯᠤᠮᠵᠢ ᠵᠢᠴᠢ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠬᠢᠨᠠᠭᠴᠢᠳ ᠤᠨ ᠳᠠᠷᠤᠭ᠎ᠠ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠢ ᠠᠮᠵᠢᠯᠲᠠ ᠲᠠᠢ ᠰᠣᠩᠭᠤᠨ ᠭᠠᠷᠭᠠᠪᠠ᠃ ᠡᠭᠦᠨ ᠤ ᠬᠠᠮᠲᠤ᠂ ᠭᠦᠨᠵᠡᠭᠡᠶ ᠶᠠᠷᠢᠯᠴᠠᠬᠤ ᠪᠠᠷ ᠳᠠᠮᠵᠢᠨ᠂ ᠲᠣᠰ ᠬᠤᠷᠰᠢᠶ᠎ᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠠᠯᠢ ᠣᠯᠠᠨ ᠬᠠᠮᠢᠶ᠎ᠠ ᠪᠦᠬᠦᠢ ᠳᠦᠷᠢᠮ ᠲᠣᠭᠲᠠᠭᠠᠯ ᠢ ᠪᠠᠲᠤᠯᠠᠪᠠ ᠃ ᠡᠳᠡᠭᠡᠷ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠬᠤᠶᠢᠰᠢᠳᠠ ᠶᠢᠨ ᠮᠠᠯᠴᠢᠳ ᠤᠨ ᠠᠰᠢᠭ ᠬᠤᠪᠢᠶᠠᠬᠤ ᠶᠢ ᠪᠠᠲᠤᠯᠠᠬᠤ ᠳᠤ ᠲᠦᠢᠯ ᠤᠨ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃     ᠠᠵᠤ ᠦᠢᠯᠡᠰ ᠬᠥᠭᠵᠢᠪᠡᠯ ᠬᠥᠳᠡᠭᠡ ᠲᠣᠰᠬᠤᠨ ᠬᠥᠭᠵᠢᠨ᠎ᠡ᠂ ᠳᠠᠷᠬᠠᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢᠭᠡ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠵᠤ᠂ ᠨᠠᠩ ᠣᠯᠠᠨ ᠮᠠᠯᠴᠢᠳ ᠤᠨ ᠬᠤᠷᠰᠢᠶᠠᠵᠢᠯ ᠳᠤ ᠣᠷᠣᠯᠴᠠᠬᠤ ᠶᠢ ᠢᠳᠡᠪᠬᠢᠲᠡᠶ ᠵᠣᠷᠢᠭᠵᠢᠭᠤᠯᠵᠤ᠂ ᠡᠭᠦᠨ ᠢᠶᠠᠷ ᠭᠠᠴᠠᠭᠠᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠪᠥᠬᠦ ᠣᠷᠣᠨ ᠪᠦᠰᠡ ᠶᠢᠨ ᠨᠠᠮ ᠤᠨ ᠡᠭᠦᠷ ᠤᠨ ᠬᠤᠷᠰᠢᠶᠠᠵᠢᠯ ᠢ ᠳᠠᠭᠠᠭᠤᠯᠤᠨ ᠡᠷᠭᠢᠯᠡᠬᠦ ᠵᠠᠮ ᠢᠶᠠᠷ ᠲᠣᠭᠲᠠᠭᠤᠨ ᠢᠶᠠᠷ ᠬᠤᠯᠠ ᠵᠠᠮᠨᠠᠬᠤ ᠶᠢ ᠪᠥᠬᠦ ᠲᠠᠯ᠎ᠠ ᠪᠠᠷ ᠠᠬᠢᠭᠤᠯᠵᠤ᠂ ᠠᠯᠬᠤᠮ ᠠᠯᠬᠤᠮ ᠢᠶᠠᠷ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠬᠠᠮᠲᠤᠷᠠᠯᠴᠠᠭ᠎ᠠ ᠳᠤ ᠬᠦᠴᠦᠨ ᠨᠡᠮᠡᠷᠢᠯᠡᠵᠦ᠂ ᠮᠠᠯᠴᠢᠳ ᠤᠨ ᠪᠠᠶᠠᠵᠢᠨ ᠴᠢᠨᠡᠭᠡᠯᠢᠭᠵᠢᠬᠦ ᠵᠠᠮ ᠢ ᠬᠠᠶᠢᠨ ᠰᠥᠪᠡᠭᠴᠢᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号