ᠰᠡᠳᠭᠢᠯ ᠳᠣᠯᠠᠭᠠᠴᠠᠭᠤᠯᠤᠭᠰᠠᠨ ᠲᠥᠷᠥᠭᠰᠡᠨ ᠡᠳᠦᠷ ᠤᠨ ᠨᠠᠶᠢᠷ ᠥᠳᠡᠯᠥᠭᠡ ᠨᠠᠰᠣᠨ ᠳᠤ ᠵᠢᠷᠭᠠᠯ ᠨᠡᠮᠡᠷᠢᠯᠡᠨ᠎ᠡ
ᠨᠡᠶᠢᠲᠡᠯᠡᠭᠰᠡᠨ ᠴᠠᠭ᠄
2024/11/1
      ︽ᠡᠪᠦᠭᠡ ᠡᠮᠡᠭᠡ ᠨᠡᠷ ᠲᠤ ᠲᠥᠷᠥᠭᠰᠡᠨ ᠡᠳᠦᠷ ᠤᠨ ᠪᠠᠶᠠᠷ ᠬᠦᠷᠭᠡᠶ᠎ᠡ᠂ ᠲᠦᠮᠡᠨ ᠬᠡᠷᠡᠭ ᠳᠡᠭᠦᠰ ᠪᠤᠯᠳᠤᠭᠠᠢ᠃︾ ︽ᠢᠨᠢᠶᠡᠵᠦ  ᠶᠠᠪᠤᠭᠠᠷᠠᠢ᠂ ᠶᠠᠪᠤᠳᠠᠯ ᠪᠣᠯᠭᠠᠨ ᠲᠠᠪᠠ ᠪᠠᠷ ᠪᠤᠯᠬᠤ ᠪᠣᠯᠲᠤᠭᠠᠢ︾ 10 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠴᠢᠯᠥᠭᠡᠯᠡᠭᠦ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠠᠴᠠ ᠬᠥᠭᠡᠷᠥᠯᠳᠥᠭᠦ ᠳᠠᠭᠤᠨ ᠪᠥᠯᠥᠭ ᠪᠥᠯᠥᠭ ᠰᠣᠨᠣᠰᠣᠭᠳᠠᠵᠤ᠂ ᠨᠢᠭᠡᠨ ᠥᠪᠡᠷᠮᠢᠴᠡ ᠣᠨᠴᠠᠯᠢᠭ ᠲᠠᠢ ᠠᠬᠠᠮᠠᠳ ᠬᠥᠮᠦᠰ ᠤᠨ ᠲᠥᠷᠥᠭᠰᠡᠨ ᠡᠳᠦᠷ ᠤᠨ ᠨᠡᠶᠢᠷ ᠨᠢ 20 ᠭᠠᠷᠤᠶ 75 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠨᠢᠭᠡ ᠲᠠᠩᠬᠢᠮ ᠳᠤ ᠴᠤᠭᠯᠠᠭᠤᠯᠵᠤ᠂ ᠬᠠᠨᠢ ᠢᠵᠢᠯᠢ ᠶᠢᠨ ᠪᠠᠷ᠎ᠠ ᠪᠤᠯᠤᠭ᠎ᠠ ᠪᠠ  ᠢᠷᠦᠭᠡᠯ ᠵᠥᠩᠨᠡᠯ ᠤᠨ ᠳᠠᠭᠤᠨ ᠳᠤᠮᠳᠠ ᠨᠢᠭᠡᠨ ᠬᠠᠯᠠᠭᠤᠨ ᠳᠤᠯᠠᠭᠠᠨ ᠪᠥᠭᠡᠳ ᠶᠡᠷᠦ ᠪᠤᠰᠤ ᠶᠢᠨ ᠲᠦᠷᠦᠭᠰᠡᠨ ᠡᠳᠦᠷ ᠢ ᠥᠩᠭᠡᠷᠡᠭᠦᠯᠵᠡᠶ᠃      ᠨᠡᠶᠢᠭᠡᠮ ᠲᠣᠭᠤᠷᠢᠭ ᠤᠨ ᠠᠵᠢᠯᠲᠠᠳ ᠠᠯᠢ ᠡᠷᠲᠡ ᠠᠴᠠ ᠨᠠᠰᠤᠲᠠᠶᠢᠴᠤᠳ ᠲᠤ ᠲᠦᠷᠦᠭᠰᠡᠨ ᠡᠳᠦᠷ ᠤᠨ ᠪᠠᠶᠠᠷ ᠤᠨ ᠬᠤᠷᠠᠯ ᠤᠨ ᠲᠠᠯᠠᠪᠠᠢ ᠶᠢ ᠪᠠᠶᠢᠷᠢᠯᠠᠭᠤᠯᠵᠤ᠂ ᠬᠠᠯᠠᠭᠤᠨ ᠳᠤᠯᠠᠭᠠᠨ ᠴᠢᠮᠡᠭᠯᠡᠯ᠂ ᠭᠤᠶᠤ ᠰᠠᠶᠢᠬᠠᠨ ᠲᠥᠷᠥᠭᠰᠡᠨ ᠡᠳᠦᠷ ᠤᠨ ᠪᠣᠭᠤᠷᠰᠤᠭ᠂ ᠰᠢᠷᠡᠭᠡᠨ ᠳᠡᠭᠡᠷ᠎ᠡ ᠲᠠᠯᠪᠢᠭᠰᠠᠨ ᠰᠢᠬᠢᠷ᠂ ᠭᠤᠸᠠ ᠵᠢᠮᠢᠰ ᠵᠡᠷᠭᠡ ᠨᠢ ᠲᠦᠷᠦᠭᠰᠡᠨ ᠡᠳᠦᠷ ᠤᠨ ᠪᠠᠶᠠᠷ ᠲᠤ ᠭᠦᠨ ᠵᠤᠵᠠᠭᠠᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ ᠨᠠᠰᠤᠲᠠᠶᠢᠴᠤᠳ ᠬᠤᠶᠢᠨ᠎ᠠ ᠬᠤᠶᠢᠨ᠎ᠠ ᠠᠴᠠ ᠪᠠᠨ ᠬᠦᠷᠴᠦ ᠢᠷᠡᠬᠦ ᠦᠶ᠎ᠡ ᠳᠤ᠂ ᠨᠡᠶᠢᠭᠡᠮ ᠲᠣᠭᠤᠷᠢᠭ ᠤᠨ ᠠᠵᠢᠯᠲᠠᠳ ᠲᠡᠳᠡᠨ ᠢ ᠬᠠᠯᠠᠭᠤᠨ ᠢᠶᠠᠷ ᠤᠭᠲᠤᠵᠤ᠂ ᠲᠡᠳᠡᠨ ᠳᠤ ᠬᠠᠯᠠᠭᠤᠨ ᠳᠣᠳᠣᠨᠤ ᠪᠠᠶᠠᠷ ᠪᠠᠭ᠋ᠠᠳᠤᠯ ᠢ ᠤᠯᠠᠮ ᠢᠶᠠᠷ ᠮᠡᠳᠡᠷᠡᠭᠦᠯᠪᠡ᠃ ᠠᠶ᠎ᠠ ᠳᠠᠭᠤᠤ ᠬᠥᠭᠵᠢᠮ ᠤᠨ ᠳᠤᠮᠳᠠ᠂ ᠲᠤᠬᠠᠶ ᠶᠢᠨ ᠲᠠᠯᠠᠪᠠᠢ ᠳᠤ ᠪᠠᠶᠢᠭ᠎ᠠ ᠬᠥᠮᠦᠰ ᠳᠠᠭᠤᠨ ᠨᠢᠭᠡᠲᠡᠢ ᠨᠠᠰᠤᠲᠠᠶᠢᠴᠤᠳ ᠲᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠤᠷᠳᠤ ᠨᠠᠰᠤᠯᠠᠵᠤ  ᠤᠳᠠᠭᠠᠨ ᠵᠢᠷᠭᠠᠬᠤ ᠵᠥᠩᠨᠡᠯ ᠳᠡᠪᠰᠢᠭᠦᠯᠵᠥ᠂ ᠨᠠᠰᠤᠨ ᠬᠤᠳᠤᠭ ᠥᠩᠭᠡᠷᠡᠵᠥ ᠪᠠᠶᠢᠭ᠎ᠠ ᠨᠠᠰᠤᠲᠠᠶᠢᠴᠤᠳ ᠵᠥᠩᠨᠡᠯ ᠤᠨ ᠳᠠᠭᠤᠨ ᠳᠤᠮᠳᠠ ᠰᠠᠶᠢᠨ ᠰᠠᠶᠢᠬᠠᠨ ᠠᠮᠠᠯᠠᠯᠳᠡ ᠬᠢᠪᠡ᠃      ᠨᠢᠭᠡᠨ ᠤᠳᠠᠭᠠᠨ ᠤ ᠳᠥᠬᠦᠮᠬᠡᠨ ᠲᠥᠷᠥᠭᠰᠡᠨ ᠡᠳᠦᠷ ᠤᠨ ᠨᠠᠶᠢᠷ᠂ ᠨᠢᠭᠡᠨ ᠢᠷᠦᠭᠡᠯ ᠤᠨ ᠯᠡ ᠨᠢᠭᠡᠨ ᠡᠭᠡᠯ ᠶᠡᠷᠥᠮᠳᠡᠭ ᠬᠠᠯᠠᠮᠵᠢ ᠶᠢᠨ ᠦᠭᠡ᠂ ᠨᠠᠰᠤᠲᠠᠢᠴᠤᠳ ᠤᠨ ᠰᠡᠳᠭᠢᠯ ᠵᠢᠷᠥᠭᠡ ᠶᠢ ᠳᠣᠯᠠᠭᠠᠴᠠᠭᠤᠯᠵᠤ᠂ ᠲᠡᠳᠡᠨ ᠳᠤ ᠪᠠᠶᠠᠷ ᠬᠥᠷ ᠠᠪᠴᠢᠷᠠᠵᠤ ᠥᠭᠪᠡ᠃ ᠴᠢᠯᠥᠭᠡᠯᠡᠭᠦ ᠵᠡᠭᠡᠯᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠷᠧᠨ ᠭᠦᠸᠧ ᠽᠧᠩ ᠥᠨᠥᠳᠦᠷ ᠤᠨ ᠨᠠᠰᠤᠨ ᠬᠤᠳᠤᠭ ᠥᠩᠭᠡᠷᠡᠵᠥ ᠪᠠᠶᠢᠭ᠎ᠠ ᠨᠠᠰᠤᠳᠠᠨ ᠪᠣᠯᠤᠭᠰᠠᠨ ᠤ ᠬᠤᠪᠢ ᠳᠤ ᠪᠠᠶᠠᠷᠲᠠᠶ ᠪᠠᠷ᠄ ︽ᠴᠢᠯᠥᠭᠡᠯᠡᠭᠦ ᠵᠡᠭᠡᠯᠢ ᠨᠡᠶᠢᠭᠡᠮ ᠲᠣᠭᠤᠷᠢᠭ ᠤᠨ ᠰᠠᠷ᠎ᠠ ᠪᠦᠷᠢ 75 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠦᠷᠦᠭᠰᠡᠨ ᠡᠳᠦᠷ ᠤᠨ ᠨᠡᠶᠢᠷ ᠬᠢᠵᠦ ᠥᠭᠭᠦᠭᠰᠡᠨ ᠳᠤ ᠲᠠᠯᠠᠷᠬᠠᠵᠤ ᠪᠠᠶᠢᠨ᠎ᠠ᠂ ᠥᠨᠥᠳᠦᠷ ᠤᠨ ᠲᠥᠷᠥᠭᠰᠡᠨ ᠡᠳᠦᠷ ᠤᠨ ᠨᠠᠶᠢᠷ ᠤᠨ ᠠᠭᠤᠷ ᠠᠮᠢᠰᠬᠤᠯ ᠮᠠᠰᠢ ᠰᠠᠶᠢᠨ᠂ ᠲᠤᠬᠠᠶ ᠶᠢᠨ ᠲᠠᠯᠠᠪᠤᠷ ᠲᠤ ᠭᠤᠶᠤ ᠰᠠᠶᠢᠬᠠᠨ ᠳᠣᠭᠯᠠᠯᠳᠡ ᠦᠵᠡᠭᠰᠡᠨ ᠪᠥᠭᠡᠳ ᠬᠠᠷᠢᠯᠴᠠᠨ ᠬᠥᠳᠡᠯᠦᠯᠴᠡᠬᠦ ᠲᠣᠭᠯᠠᠭᠠᠮ ᠳᠤ ᠣᠷᠣᠯᠴᠠᠵᠤ᠂ ᠤᠷᠲᠤ ᠨᠠᠰᠤᠯᠠᠬᠤ ᠭᠤᠯᠢᠷ᠂ ᠪᠣᠭᠤᠷᠰᠤᠭ ᠢᠳᠡᠵᠦ᠂ ᠨᠡᠶᠢᠭᠡᠮ ᠲᠣᠭᠤᠷᠢᠭ ᠤᠨ ᠪᠣᠶ ᠪᠥᠬᠦᠶ ᠠᠵᠢᠯᠲᠠᠳ ᠲᠤ ᠲᠠᠯᠠᠷᠬᠠᠵᠤ ᠪᠠᠶᠢᠨ᠎ᠠ︾ ᠭᠡᠵᠦ ᠬᠡᠯᠡᠪᠡ᠃      ᠣᠶᠢᠷ᠎ᠠ ᠶᠢᠨ ᠵᠢᠯ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠠᠷᠢᠶᠠᠲᠤ ᠣᠷᠣᠨ ᠤ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠲᠠᠰ ᠳᠠᠪᠬᠤᠷᠭ᠎ᠠ ᠶᠢᠨ ᠴᠢᠨᠠᠷ ᠰᠠᠶᠢᠲᠠᠶ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ︽ᠨᠠᠰᠤᠲᠠᠨ ᠢᠶᠠᠨ ᠬᠦᠨᠳᠦᠯᠡᠬᠦ︾ ᠦᠢᠯᠡᠴᠢᠯᠡᠭᠡᠨ ᠤ ᠨᠠᠷᠢᠯᠢᠬᠵᠢᠭᠤᠯᠤᠭᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠨᠠᠰᠤᠲᠠᠨ ᠢᠶᠠᠨ ᠳᠡᠭᠡᠳᠥᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠲᠤᠰᠠᠯᠠᠬᠤ᠂ ᠨᠠᠰᠤᠲᠠᠨ ᠢᠶᠠᠨ ᠳᠡᠳᠭᠦᠬᠦ᠂ ᠨᠠᠰᠤᠲᠠᠨ ᠢᠶᠠᠨ ᠬᠠᠶᠢᠷᠠᠯᠠᠬᠤ︾ ᠦᠢᠯᠡᠴᠢᠯᠡᠭᠡ ᠪᠠᠷ ᠠᠵᠢᠯ ᠤᠨ ᠭᠤᠤᠯᠳᠠᠯᠭ᠎ᠠ ᠪᠣᠯᠭᠠᠵᠤ᠂ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠣᠯᠠᠨ ᠶᠠᠩᠵᠤ ᠶᠢᠨ ︽ᠨᠠᠰᠤᠲᠠᠨ ᠳᠤ ᠦᠢᠯᠡᠴᠢᠯᠡᠬᠦ︾ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠪᠡ᠃  ᠬᠡᠥᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠨᠢ ︽1+1 ᠴᠡᠭ ᠠᠴᠠ ᠴᠡᠭ ᠲᠤ ᠬᠦᠷᠬᠦ︾ ᠠᠬᠠᠮᠠᠳ ᠤᠨ ᠦᠢᠯᠡᠴᠢᠯᠡᠭᠡᠨ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠳᠣᠲᠣᠷ᠎ᠠ ︽ᠭᠤᠷᠪᠠ ᠥᠬᠡᠶ︾ ᠭᠠᠭᠴᠠᠭᠠᠷ ᠰᠠᠭᠤᠵᠤ ᠪᠠᠶᠢᠭ᠎ᠠ ᠨᠠᠰᠤᠲᠠᠶᠢᠴᠤᠳ ᠲᠤ ᠡᠷᠦᠬᠡ ᠳᠤ ᠣᠷᠣᠵᠤ ᠴᠡᠪᠡᠷᠯᠡᠭᠡ ᠬᠢᠬᠦ ᠠᠵᠢᠯᠯᠠᠭ᠎ᠠ ᠥᠷᠨᠢᠭᠦᠯᠪᠡ︔ ᠴᠢᠯᠥᠭᠡᠯᠡᠬᠦ ᠵᠡᠭᠡᠯᠢ ᠨᠡᠶᠢᠭᠡᠮ ᠲᠣᠭᠤᠷᠢᠭ ᠨᠢ ᠰᠠᠷ᠎ᠠ ᠪᠦᠷᠢ ᠶᠢᠨ 15 ᠤ ᠡᠳᠦᠷ ᠪᠣᠯ ︽ᠬᠠᠶᠢᠷ᠎ᠠ ᠬᠠᠯᠠᠮᠵᠢ ᠶᠢᠨ ᠦᠰᠦ ᠵᠠᠰᠠᠬᠤ ᠡᠳᠦᠷ︾ ᠪᠠᠶᠢᠵᠤ᠂ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠦᠰᠦ ᠵᠠᠰᠠᠬᠤ ᠠᠵᠢᠯᠯᠠᠭ᠎ᠠ ᠥᠷᠨᠢᠭᠦᠯᠪᠡ︔ ᠲᠤᠯᠠᠭᠠᠨ ᠬᠡᠷ ᠨᠡᠶᠢᠭᠡᠮ ᠲᠣᠭᠤᠷᠢᠭ ᠪᠠ ᠬᠡᠥᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠨᠢ ᠠᠬᠠᠮᠠᠳ ᠤᠨ ᠬᠤᠭᠤᠯᠠᠨ ᠭᠡᠷ ᠤᠨ ᠲᠥᠷᠥᠯ ᠵᠦᠢᠯ ᠢ ᠰᠢᠨ᠎ᠡ ᠪᠠᠷ ᠭᠠᠷᠭᠠᠵᠤ᠂ ᠨᠠᠰᠤᠲᠠᠶᠢᠴᠤᠳ ᠲᠤ ᠬᠡᠷ ᠤᠨ ᠡᠭᠦᠳᠡᠨ ᠳᠤ ᠪᠠᠨ ᠭᠤᠶᠤ ᠦᠨᠤᠷ ᠠᠮᠳᠠ ᠲᠠᠢ᠂ ᠰᠡᠳᠬᠢᠯ ᠢ  ᠳᠣᠯᠠᠭᠠᠴᠠᠭᠤᠯᠤᠭᠰᠠᠨ ᠦᠢᠯᠡᠴᠢᠯᠡᠭᠡ ᠭᠥᠷᠳᠡᠭᠡᠪᠡ᠃ ᠡᠯ᠎ᠡ ᠨᠡᠶᠢᠭᠡᠮ ᠲᠣᠭᠤᠷᠢᠭ ᠨᠢ ᠬᠠᠷᠢᠶᠠᠲᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠤᠨ ᠰᠡᠯᠡᠭᠦᠴᠡᠯ ᠵᠤᠭ᠎ᠠ ᠴᠡᠩᠭᠡᠯ ᠤᠨ  ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠡᠳᠦᠷ ᠢᠶᠠᠷ ᠨᠠᠰᠤᠲᠠᠶᠢᠴᠤᠳ ᠲᠤ ᠨᠣᠮ ᠪᠢᠴᠢᠭ ᠤᠨ ᠲᠠᠰᠤᠭ᠂ ᠰᠢᠲᠠᠷ᠎ᠠ ᠶᠢᠨ ᠲᠠᠰᠤᠭ᠂ ᠣᠯᠠᠨ ᠴᠢᠳᠠᠮᠵᠢᠲᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ᠂ ᠡᠳᠦᠷ ᠪᠦᠷᠢ ᠬᠠᠷᠠᠭᠠᠯᠵᠠᠬᠤ ᠥᠷᠥᠭᠡ ᠵᠡᠷᠭᠡ ᠲᠠᠯᠠᠪᠤᠷ ᠭᠠᠵᠠᠷ ᠢ ᠦᠨ᠎ᠡ ᠲᠥᠯᠥᠪᠦᠷᠢ ᠦᠭᠡᠢ ᠪᠠᠷ ᠨᠡᠭᠡᠭᠡᠵᠦ ᠥᠭᠪᠡ᠃      ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠨᠠᠰᠤᠵᠢᠯ ᠤᠨ ᠦᠢᠯᠡᠴᠢᠯᠡᠭᠡᠨ ᠤ ᠬᠠᠷᠠᠯᠲᠠ ᠪᠠᠨ ᠲᠣᠳᠣᠷᠬᠠᠢᠯᠠᠵᠤ᠂ ᠭᠡᠷ ᠪᠦᠯᠢ᠂ ᠨᠡᠢᠭᠡᠮ ᠲᠣᠭᠤᠷᠢᠭ ᠪᠣᠯᠤᠨ ᠪᠠᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠨᠠᠰᠤᠲᠠᠶᠢᠴᠤᠳ ᠲᠤ  ᠰᠠᠶᠢᠨ ᠰᠠᠶᠢᠬᠠᠨ ᠭᠡᠷ ᠲᠡᠭᠡᠨ ᠰᠠᠭᠤᠵᠤ ᠪᠠᠶᠢᠭ᠎ᠠ ᠰᠢᠭ᠋ ᠨᠠᠰᠤᠵᠢᠯ ᠤᠨ ᠣᠷᠴᠢᠨ ᠲᠣᠭᠤᠷᠢᠨ ᠪᠣᠯᠤᠨ ᠴᠢᠨᠠᠷ ᠰᠠᠶᠢᠳᠠᠢ᠂ ᠰᠡᠳᠭᠢᠯ ᠢ ᠳᠣᠯᠠᠭᠠᠴᠠᠭᠤᠯᠤᠮ᠎ᠠ ᠦᠢᠯᠡᠴᠢᠯᠡᠭᠡ ᠬᠠᠩᠭᠠᠬᠤ ᠪᠠᠷ  ᠴᠢᠷᠮᠠᠶᠢᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠨᠡᠩ ᠨᠢᠭᠲᠠ ᠨᠡᠬᠡᠵᠦ᠂ ᠨᠠᠰᠤᠲᠠᠶᠢᠴᠤᠳ ᠢ ᠭᠡᠷ ᠤᠨ ᠡᠭᠦᠳᠡᠨ ᠳᠤ ᠪᠠᠨ ︽ᠥᠲᠡᠯᠪᠡᠯ ᠠᠰᠠᠷᠠᠮᠵᠢ ᠲᠠᠢ᠂ ᠥᠲᠡᠯᠪᠡᠯ ᠡᠮᠨᠡᠯᠭᠡ ᠲᠠᠢ᠂ ᠥᠲᠡᠯᠪᠡᠯ ᠰᠣᠷᠣᠯᠴᠠᠯᠭ᠎ᠠ ᠲᠠᠢ᠂ ᠥᠲᠡᠯᠪᠡᠯ ᠪᠠᠶᠠᠷ ᠴᠡᠩᠭᠡᠯ ᠲᠠᠢ︾  ᠶᠢ ᠮᠡᠳᠡᠷᠡᠭᠦᠯᠵᠥ᠂ ᠥᠳᠡᠯᠥᠭᠡ ᠨᠠᠰᠤᠨ ᠤ ᠵᠣᠯ ᠵᠢᠷᠭᠠᠯ ᠢ ᠡᠳ᠋ᠯᠡᠭᠦᠯᠭᠦ ᠪᠠᠷ ᠪᠠᠶᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号