ᠠᠮᠢ ᠨᠠᠰᠤ ᠶᠢ ᠬᠠᠮᠠᠭᠠᠯᠠᠶ᠎ᠠ︕ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠤᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/11/10
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠬᠥᠮᠦᠰ᠂ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ︵ᠲᠣᠰᠬᠤᠨ︶᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄ᠰᠠᠶᠢᠨ ᠪᠠᠶᠢᠵᠠᠭᠠᠨ᠎ᠠ ᠤᠤ︕      ᠰᠢᠨ᠎ᠡ ᠴᠠᠭ ᠦᠶ᠎ᠡ ᠳᠤ ᠣᠷᠣᠵᠤ᠂ ᠤᠯᠠᠭᠠᠨ ᠵᠠᠭᠠᠯᠮᠠᠶᠢᠲᠠᠨ ᠤ ᠦᠢᠯᠡᠰ ᠥᠷᠨᠢᠨ ᠬᠥᠭᠵᠢᠵᠦ᠂ ︽ᠬᠥᠮᠥᠡᠯᠢᠭ ᠶᠣᠰᠣ᠂ ᠬᠠᠶᠢᠷ᠎ᠠ ᠬᠠᠯᠠᠮᠵᠢ᠂ ᠬᠤᠪᠢ ᠨᠡᠮᠡᠷᠢ ᠡᠷᠭᠦᠳᠡᠭ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠬᠥᠮᠦᠰ ᠤᠨ ᠰᠡᠳᠬᠢᠯ ᠳᠤ ᠬᠠᠳᠠᠩᠰᠢᠪᠠ᠃ ᠭᠡᠨᠡᠳᠲᠡ ᠡᠭᠦᠰᠦᠭᠰᠡᠨ ᠭᠠᠮᠰᠢᠭ ᠪᠣᠯᠤᠨ ᠪᠠᠴᠢᠮ ᠪᠠᠶᠢᠳᠠᠯ ᠳᠣᠣᠷ᠎ᠠ ᠬᠥᠮᠦᠨ ᠲᠥᠷᠥᠯᠬᠢᠲᠡᠨ ᠨᠢ ᠲᠡᠶᠢᠮᠦ ᠯᠡ ᠬᠤᠮᠰᠠᠬᠠᠨ ᠪᠠᠶᠢᠳᠠᠭ᠃ ᠠᠮᠢ ᠨᠠᠰᠤᠨ ᠤ ᠰᠤᠷᠭᠠᠨ ᠬᠥᠮᠦᠵᠢᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠤᠨ ᠠᠵᠢᠯ ᠢ ᠲᠦᠯᠬᠢᠨ ᠠᠬᠢᠭᠤᠯᠬᠤ ᠪᠣᠯ ᠬᠥᠮᠥᠡᠯᠢᠭ ᠠᠪᠤᠷᠠᠨ ᠲᠤᠰᠠᠯᠠᠬᠤ ᠪᠠ ᠦᠢᠯᠡᠴᠢᠯᠡᠬᠦ ᠴᠢᠳᠠᠪᠤᠷᠢ ᠶᠢ ᠦᠨᠡᠨ ᠬᠦ ᠴᠢᠩᠭᠠᠳᠬᠠᠬᠤ ᠶᠢᠨ ᠪᠣᠳᠠᠲᠠᠶ ᠢᠯᠡᠷᠡᠯ ᠪᠣᠯᠤᠨ᠎ᠠ᠃ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠵᠥᠪ ᠤᠷ᠎ᠠ ᠴᠢᠳᠠᠪᠤᠷᠢ ᠶᠢ ᠡᠵᠡᠮᠰᠢᠬᠦ ᠨᠢ᠂ ᠥᠪᠡᠷ ᠤᠨ ᠪᠠ ᠭᠡᠷ ᠤᠨ ᠬᠥᠮᠦᠰ ᠤᠨ ᠢᠶᠠᠨ ᠠᠮᠢ ᠨᠠᠰᠤ ᠶᠢ ᠬᠠᠮᠠᠭᠠᠯᠠᠵᠤ ᠴᠢᠳᠠᠬᠤ ᠪᠠᠷ ᠪᠠᠷᠠᠬᠤ ᠦᠭᠡᠢ᠂ ᠨᠡᠩ ᠴᠤ ᠵᠠᠩᠭᠢᠯᠠᠭ᠎ᠠ ᠶᠢᠨ ᠴᠠᠭ ᠮᠥᠴᠡ ᠳᠤ ᠬᠠᠯᠠᠭᠤᠨ ᠭᠠᠷ ᠢᠶᠠᠨ ᠰᠤᠩᠭᠠᠵᠤ᠂ ᠪᠤᠰᠤᠳ ᠤᠨ ᠠᠮᠢ ᠨᠠᠰᠤ ᠶᠢ ᠠᠪᠤᠷᠠᠵᠤ ᠴᠢᠳᠠᠨ᠎ᠠ᠃ ᠡᠭᠦᠨ ᠤ ᠲᠤᠯᠠᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠥᠬᠦ ᠨᠡᠶᠢᠭᠡᠮ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠤᠨ ᠰᠠᠨᠠᠭᠠᠴᠢᠯᠠᠭ᠎ᠠ ᠶᠢᠨ ᠪᠢᠴᠢᠭ ᠲᠤᠰᠬᠠᠶᠢᠯᠠᠨ ᠲᠠᠷᠬᠠᠭᠠᠵᠤ᠂ ᠣᠯᠠᠨ ᠢᠶᠠᠷ ᠢᠶᠠᠨ ᠢᠳᠡᠪᠬᠢᠲᠡᠶ ᠣᠷᠣᠯᠴᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠬᠠᠮᠲᠤᠪᠠᠷ ᠰᠤᠷᠤᠯᠴᠠᠵᠤ᠂ ᠮᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠤᠷᠢᠶᠠᠯᠠᠪᠠ᠃ᠨᠢᠭᠡ᠂ ᠪᠣᠯᠪᠠᠰᠤᠷᠠᠯ ᠤᠨ ᠵᠣᠷᠢᠯᠭ᠎ᠠ      ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠢ ᠥᠷᠨᠢᠭᠦᠯᠬᠦ ᠶᠢᠨ ᠵᠣᠷᠢᠯᠭ᠎ᠠ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠲᠦᠭᠡᠮᠡᠯᠵᠢᠭᠦᠯᠦᠨ ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠳᠤᠮᠳᠠᠬᠢ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠷᠡᠭᠦᠯ ᠮᠡᠨᠳᠦ ᠲᠠᠷᠬᠠᠨ ᠮᠣᠣᠮᠢᠩᠭᠠᠨ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ ᠪᠣᠯᠪᠠᠰᠤᠷᠠᠯ ᠢᠶᠠᠷ ᠳᠠᠮᠵᠢᠨ᠂ ᠲᠠ ᠵᠢᠷᠦᠬᠡ ᠠᠭᠤᠰᠬᠢᠨ ᠤ ᠰᠡᠷᠭᠦᠭᠡᠯᠲᠡ᠂ ᠴᠢᠰᠤ ᠵᠣᠭᠰᠤᠭᠠᠵᠤ ᠪᠣᠭᠤᠳᠠᠯᠯᠠᠬᠤ᠂ ᠶᠠᠰᠤᠨ ᠪᠡᠷᠳᠡᠯ ᠢ ᠪᠠᠷᠢᠬᠤ᠂ ᠰᠢᠷᠬᠠᠲᠠᠨ ᠢ ᠵᠦᠭᠡᠭᠡᠬᠦ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠦᠨᠳᠦᠰᠦᠨ ᠤᠷ᠎ᠠ ᠴᠢᠳᠠᠪᠤᠷᠢ ᠵᠢᠴᠢ ᠪᠠᠴᠢᠮ ᠪᠠᠶᠢᠳᠠᠯ ᠤᠨ ᠳᠣᠣᠷ᠎ᠠ ᠬᠡᠷᠬᠢᠨ ᠯᠠᠪᠳᠠᠭᠤᠨ ᠪᠠᠶᠢᠵᠤ᠂ ᠲᠦᠷᠭᠡᠨ ᠵᠥᠪ ᠮᠠᠭᠠᠳᠯᠠᠯᠲᠠ ᠬᠢᠬᠦ ᠠᠷᠭ᠎ᠠ ᠶᠢ ᠰᠤᠷᠤᠯᠴᠠᠵᠤ ᠴᠢᠳᠠᠬᠤ ᠪᠣᠯᠤᠨ᠎ᠠ᠃ᠬᠤᠶᠠᠷ᠂ ᠪᠤᠯᠪᠠᠰᠤᠷᠠᠭᠤᠯᠬᠤ ᠡᠳᠡᠬᠡᠳ      ᠪᠦᠬᠦ ᠨᠡᠶᠢᠭᠡᠮ ᠳᠤ ᠬᠠᠨᠳᠤᠭᠤᠯᠤᠨ ᠨᠡᠭᠡᠭᠡᠯᠲᠡ ᠲᠠᠢ ᠪᠣᠯᠭᠠᠵᠤ᠂ ᠲᠠ ᠭᠠᠴᠠᠭᠠᠨ ︵ᠲᠣᠰᠬᠤᠨ︶  ᠤ ᠮᠠᠯᠴᠢᠨ ᠲᠠᠷᠢᠶᠠᠴᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ᠂ ᠰᠤᠷᠤᠭᠴᠢ᠂ ᠰᠠᠶᠢᠨ ᠳᠤᠷ᠎ᠠ ᠶᠢᠨ ᠠᠵᠢᠯᠯᠠᠭᠴᠢ ᠭᠡᠰᠡᠨ ᠦᠭᠡᠢ᠂ ᠲᠠ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠰᠤᠷᠤᠯᠴᠠᠬᠤ ᠳᠤᠷᠠᠲᠠᠢ ᠯᠠ ᠶᠤᠮ ᠪᠣᠯ ᠪᠢᠳᠡ ᠴᠥᠮ ᠲᠠᠨ ᠤ ᠬᠦᠷᠴᠦ ᠢᠷᠡᠬᠦ ᠶᠢ ᠪᠠᠶᠠᠷᠯᠠᠨ ᠤᠭᠳᠤᠬᠤ ᠪᠤᠯᠤᠨ᠎ᠠ ᠃ᠭᠤᠷᠪᠠ᠂ ᠪᠣᠯᠪᠠᠰᠤᠷᠠᠯ ᠤᠨ ᠠᠭᠤᠯᠭ᠎ᠠ      1. ᠤᠯᠠᠭᠠᠨ ᠵᠠᠭᠠᠯᠮᠠᠢ ᠶᠢᠨ ᠬᠥᠳᠡᠯᠭᠡᠭᠡᠨ ᠤ ᠡᠬᠢ ᠡᠭᠦᠰᠦᠯ ᠪᠣᠯᠤᠨ ᠲᠤᠮᠳᠠᠳᠤ ᠤᠯᠤᠰ ᠳᠠᠬᠢ ᠤᠯᠠᠮᠵᠢᠯᠠᠨ ᠲᠠᠷᠬᠠᠭᠠᠯᠳᠠ ᠪᠣᠯᠤᠨ ᠬᠦᠭᠵᠢᠯᠳᠡ᠃      2. ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ ︵CPR︶ + ᠪᠡᠶ᠎ᠡ ᠶᠢᠨ ᠭᠠᠳᠠᠨᠠᠬᠢ ᠠᠣᠲᠴᠢᠯᠠᠭᠰᠠᠨ ᠴᠡᠴᠡᠷᠡᠯ ᠠᠷᠢᠯᠭᠠᠭᠤᠷ ︵AED︶ ᠤᠨ ᠦᠨᠳᠦᠰᠦᠨ ᠠᠵᠢᠯᠯᠠᠭ᠎ᠠ ᠪᠣᠯᠤᠨ ᠠᠩᠬᠠᠷᠬᠤ ᠵᠦᠢᠯ᠃      3. ᠠᠮᠢᠰᠬᠤᠯ ᠤᠨ ᠵᠠᠮ ᠤᠨ ᠡᠯᠳᠡᠪ ᠪᠤᠳᠠᠰ ᠲᠤ ᠬᠠᠭ᠋ᠠᠬᠤ ᠶᠢ ᠪᠠᠴᠢᠮ ᠠᠪᠤᠷᠠᠬᠤ ᠠᠷᠭ᠎ᠠ᠃      4. ᠰᠢᠷᠬᠠᠲᠤᠭᠰᠠᠳ ᠢ ᠠᠪᠤᠷᠠᠬᠤ ᠶᠢᠨ ᠦᠨᠳᠦᠰᠦᠨ ᠤᠷ᠎ᠠ ᠴᠢᠳᠠᠪᠤᠷᠢ᠂ ᠴᠢᠰᠤ ᠵᠣᠭᠰᠣᠬᠤ᠂ ᠪᠣᠭᠤᠳᠠᠯᠯᠠᠬᠤ᠂ ᠶᠠᠰᠤ ᠪᠠᠷᠢᠬᠤ ᠪᠠ ᠵᠦᠭᠡᠭᠡᠬᠦ ᠶᠢ ᠪᠠᠭᠲᠠᠭᠠᠨ᠎ᠠ᠃      5. ᠦᠷᠭᠦᠯᠵᠢ ᠲᠣᠬᠢᠶᠠᠯᠳᠤᠳᠠᠭ ᠲᠦᠷᠭᠡᠨ ᠴᠢᠨᠠᠷᠳᠠᠢ ᠡᠪᠡᠳᠴᠢᠨ ᠪᠠ ᠰᠠᠨᠠᠭᠠᠨ ᠳᠤ ᠦᠭᠡᠶ ᠭᠡᠮᠲᠦᠯ ᠢ ᠲᠤᠬᠠᠶ ᠶᠢᠨ ᠲᠠᠯᠠᠪᠠᠢ ᠳᠤᠨᠢ ᠰᠢᠢᠳᠪᠦᠷᠢᠯᠡᠬᠦ ᠪᠠ ᠲᠦᠷᠭᠡᠨ ᠠᠪᠤᠷᠠᠬᠤ ᠠᠷᠭ᠎ᠠ ᠬᠡᠮᠵᠢᠶ᠎ᠡ      6. ᠭᠠᠶ ᠭᠠᠮᠰᠢᠭ ᠠᠴᠠ ᠠᠮᠢ ᠵᠢᠭᠤᠲᠠᠬᠤ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠮᠡᠷᠭᠡᠵᠢᠯ᠃ᠳᠥᠷᠪᠡ᠂ ᠪᠤᠯᠪᠠᠰᠤᠷᠠᠯ ᠤᠨ ᠴᠠᠭ ᠬᠢᠭᠡᠳ ᠭᠠᠵᠠᠷ      ᠪᠣᠯᠪᠠᠰᠤᠷᠠᠯ ᠤᠨ ᠴᠠᠭ᠄ ᠪᠣᠳᠠᠲᠠᠶ ᠡᠳᠦᠷ ᠬᠤᠭᠤᠴᠠᠭ᠎ᠠ ᠬᠢᠭᠡᠳ ᠴᠠᠭ ᠢ ᠠᠰ ᠲᠤᠨᠢ ᠮᠡᠳᠡᠭᠳᠡᠨ᠎ᠡ᠂ ᠦᠷᠬᠦᠯᠵᠢᠯᠡᠨ ᠠᠩᠬᠠᠷᠤᠯ ᠬᠠᠨᠳᠤᠭᠤᠯᠵᠤ ᠪᠠᠶᠢᠭᠠᠷᠠᠢ᠃      ᠪᠣᠯᠪᠠᠰᠤᠷᠠᠯ ᠤᠨ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠤᠨ ᠰᠠᠭᠤᠷᠢᠨ ᠭᠠᠵᠠᠷ ︵ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶ ᠯᠢᠩ ᠶᠡᠭᠡ ᠵᠡᠭᠡᠯᠢ ᠶᠢᠨ ᠳᠤᠮᠳᠠᠳᠤ ᠤᠯᠤᠰ ᠤᠨ ᠪᠠᠩᠬᠢ ᠶᠢᠨ ᠳᠥᠷᠪᠡᠳᠦᠭᠡᠷ ᠲᠠᠪᠬᠤᠷᠭ᠎ᠠ ︶ᠲᠠᠪᠤ᠂ ᠨᠡᠷ᠎ᠡ ᠮᠡᠳᠡᠭᠦᠯᠬᠦ ᠠᠷᠭ᠎ᠠ ᠮᠠᠶ᠋ᠢᠭ      ᠲᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠷᠢᠯᠴᠠᠬᠤ ᠤᠲᠠᠰᠤ ︵0472 - 6172668︶ ᠶᠢ ᠤᠲᠠᠰᠤᠳᠠᠬᠤ ᠶᠢᠨ ᠬᠠᠮᠲᠤ ᠦᠪᠡᠷ ᠤᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠵᠢᠴᠢ ᠣᠷᠣᠯᠴᠠᠬᠤ ᠰᠠᠨᠠᠮᠵᠢ  ᠪᠠᠨ ᠮᠡᠳᠡᠭᠳᠡᠭᠡᠷᠡᠢ᠃ᠵᠢᠷᠭᠤᠭ᠎ᠠ᠂ ᠤᠨᠴᠠᠭᠠᠢ ᠰᠠᠨᠠᠭᠤᠯᠤᠮᠵᠢ      1. ᠮᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠨᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠬᠤᠷ ᠶᠠᠮᠠᠷ ᠴᠤ ᠰᠦᠢᠳᠬᠡᠯ ᠬᠤᠷᠢᠶᠠᠬᠤ ᠦᠭᠡᠶ᠃      2. ᠪᠣᠯᠪᠠᠰᠤᠷᠠᠯ ᠤᠨ ᠬᠤᠭᠤᠴᠠᠭᠠᠨ ᠳᠤ᠂ ᠪᠣᠯᠪᠠᠰᠤᠷᠠᠯ ᠤᠨ ᠰᠠᠬᠢᠯᠭ᠎ᠠ ᠪᠠᠲᠤ ᠶᠢ ᠵᠢᠷᠤᠮᠯᠠᠵᠤ᠂ ᠪᠣᠯᠪᠠᠰᠤᠷᠠᠯ ᠤᠨ ᠲᠠᠯᠠᠪᠤᠷ ᠤᠨ ᠴᠡᠪᠡᠷ ᠲᠡᠭᠰᠢ ᠪᠠ ᠨᠠᠮ ᠵᠢᠮ ᠢ ᠪᠠᠲᠤᠯᠠᠭᠠᠷᠠᠢ᠃      3. ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠢᠳᠡ ᠰᠤᠷᠤᠭᠴᠢᠳ ᠢ ᠬᠢᠨᠠᠨ ᠰᠢᠯᠭᠠᠵᠤ᠂ ᠬᠢᠷᠢ ᠲᠡᠩᠴᠡᠭᠰᠡᠨ ᠰᠤᠷᠤᠭᠴᠢᠳ ᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠤᠨ ᠦᠨᠡᠮᠯᠡᠯ ᠣᠯᠭᠤᠬᠤ ᠪᠣᠯᠤᠨ᠎ᠠ︔ ᠬᠡᠷᠪᠡ ᠰᠤᠷᠴᠤ ᠥᠩᠭᠡᠷᠡᠭᠰᠡᠨ ᠪᠣᠯᠪᠠᠴᠤ ᠡᠵᠡᠮᠰᠢᠵᠦ ᠴᠢᠳᠠᠭᠰᠠᠨ ᠦᠭᠡᠢ᠂ ᠡᠰᠡᠬᠦᠯ᠎ᠡ ᠮᠠᠷᠲᠠᠴᠢᠬᠠᠭᠰᠠᠨ ᠰᠤᠷᠤᠭᠴᠢᠳ ᠴᠥᠮ ᠳᠠᠬᠢᠨ ᠨᠡᠷ᠎ᠡ ᠮᠡᠳᠡᠭᠦᠯᠵᠦ ᠰᠤᠷᠤᠯᠴᠠᠵᠤ ᠪᠣᠯᠤᠨ᠎ᠠ᠃      4. ᠪᠣᠯᠪᠠᠰᠤᠷᠠᠯ ᠤᠨ ᠡᠬᠢ ᠪᠠᠶᠠᠯᠢᠭ ᠬᠢᠵᠠᠭᠠᠷ ᠲᠠᠢ ᠤᠴᠢᠷ ᠠᠴᠠ᠂ ᠪᠢᠳᠡ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 20 ᠬᠥᠮᠦᠨ ᠳᠤ ᠬᠦᠷᠪᠡᠯ ᠨᠢᠭᠡ ᠬᠤᠭᠤᠴᠠᠭᠠᠨ ᠤ ᠠᠩᠭᠢ ᠨᠡᠭᠡᠭᠡᠨ᠎ᠡ᠃ ᠠᠩᠭᠢ ᠨᠡᠭᠡᠭᠡᠬᠦ ᠳᠡᠭᠡᠨ ︽ᠪᠥᠸᠧ ᠠᠢ ᠲᠠᠷᠬᠠᠨ ᠮᠤᠤᠮᠢᠩᠭᠠᠨ︾ ᠣᠯᠠᠨ ᠨᠡᠶᠢᠲᠡ ᠶᠢᠨ ᠸᠢᠴᠠᠲ ᠲᠠᠪᠴᠠᠩ ᠵᠢᠴᠢ ︽ᠪᠠᠭᠠᠲᠤᠷ ᠲᠠᠷᠬᠠᠨ ᠮᠤᠤᠮᠢᠩᠭᠠᠨ︾ ᠣᠯᠠᠨ ᠨᠡᠶᠢᠲᠡ ᠶᠢᠨ ᠲᠠᠪᠴᠠᠩ ᠳᠡᠭᠡᠷ᠎ᠡ ᠤᠷᠢᠳᠴᠢᠯᠠᠨ ᠮᠡᠳᠡᠭᠳᠡᠯ ᠢᠯᠡᠭᠡᠵᠦ᠂ ᠣᠯᠠᠨ ᠢᠶᠠᠷ ᠢᠶᠠᠨ ᠴᠠᠭ ᠢᠮᠠᠭᠲᠠ ᠠᠩᠬᠠᠷᠬᠤ ᠶᠢᠨ ᠬᠠᠮᠲᠤ ᠬᠤᠪᠢ ᠬᠥᠮᠦᠨ ᠤ ᠤᠳᠠᠰᠤᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠭᠠᠷᠠᠶ᠃      ᠬᠠᠶᠢᠷᠠᠲᠤ ᠨᠠᠶᠢᠵᠠ ᠨᠠᠷ ᠮᠢᠨᠢ᠂ ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠪᠦᠬᠦ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠴᠢᠷᠮᠠᠶᠢᠵᠠᠭᠠᠶ᠎ᠠ᠃ ᠲᠠᠨ ᠤ ᠣᠷᠣᠯᠴᠠᠯᠭ᠎ᠠ ᠪᠣᠯ ᠮᠠᠨ ᠤ ᠠᠵᠢᠯ ᠤᠨ ᠬᠠᠮᠤᠭ ᠶᠡᠭᠡ ᠳᠡᠮᠵᠢᠯᠭᠡ ᠪᠣᠯᠣᠨ ᠵᠣᠷᠢᠭᠵᠢᠭᠤᠯᠤᠯ ᠪᠣᠯᠣᠨ᠎ᠠ᠃ ᠪᠢᠳᠡ ᠠᠶᠤᠯ ᠲᠦᠭᠰᠢᠭᠦᠷᠢ ᠲᠤᠯᠭᠠᠷᠠᠭᠰᠠᠨ ᠲᠡᠷᠡ ᠴᠠᠭ ᠮᠥᠴᠡ ᠳᠤ᠂ ᠪᠡᠶ᠎ᠡ ᠪᠡᠶᠡᠨ ᠤ ᠪᠠᠨ ᠬᠠᠮᠤᠭ ᠤᠨ ᠪᠠᠲᠤ ᠲᠦᠰᠢᠭ ᠪᠤᠯᠵᠤ᠂ ᠪᠢᠳᠡᠨ ᠤ ᠰᠠᠶᠢᠨ ᠰᠠᠶᠢᠬᠠᠨ ᠭᠡᠷ ᠣᠷᠣᠨ ᠪᠣᠯᠤᠨ ᠵᠣᠯ ᠵᠢᠷᠭᠠᠯ ᠢᠶᠠᠨ ᠬᠠᠮᠲᠤ ᠪᠠᠷ ᠬᠠᠮᠠᠭᠠᠯᠠᠶ᠎ᠠ᠃      ᠲᠠᠨ ᠤ ᠢᠳᠡᠪᠬᠢᠲᠡᠶ ᠣᠷᠣᠯᠴᠠᠬᠤ ᠶᠢ ᠬᠦᠰᠡᠵᠦ ᠪᠠᠶᠢᠨ᠎ᠠ︕                  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ                    2024 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号