ᠨᠠᠷᠠᠨ ᠬᠤᠸᠠᠷ ᠲᠤ ︽ᠠᠯᠲᠠᠨ ᠦᠷ᠎ᠡ︾ ᠰᠠᠭᠤᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ ᠰᠠᠶᠢᠨ ᠵᠠᠮ ᠪᠣᠯᠪᠠ
ᠨᠡᠶᠢᠲᠡᠯᠡᠭᠰᠡᠨ ᠴᠠᠭ᠄
2024/11/11
      ᠪᠠᠰᠠ ᠨᠢᠭᠡ ᠵᠢᠯ ᠤᠨ ︽ᠡᠯᠪᠡᠭ︾ ᠦᠵᠡᠮᠵᠢ ᠪᠠᠶᠢᠵᠤ᠂ ᠲᠠᠷᠬᠠᠨ ᠮᠣᠣᠮᠢᠩᠭᠠᠨ ᠤ ᠭᠠᠵᠠᠷ ᠪᠣᠯᠭᠠᠨ ᠳᠤ ︽ᠡᠯᠪᠡᠭ︾ ᠭᠢᠯᠪᠠᠭ᠎ᠠ ᠰᠠᠴᠤᠷᠠᠨ᠂ ᠲᠥᠮᠥᠰᠥ  ︽ᠠᠯᠲᠠᠨ ᠪᠤᠷᠴᠠᠭ︾ ᠪᠤᠯᠵᠤ᠂ ᠬᠢᠲᠠᠳ ᠡᠮ ᠤᠨ ᠮᠠᠲ᠋ᠧᠷᠢᠶᠠᠯ  ︽ᠠᠯᠲᠠᠨ ᠪᠢᠯᠧᠲ︾ ᠪᠤᠯᠵᠤ᠂ ᠨᠡᠷᠡᠨ ᠬᠤᠸᠠᠷ ᠲᠤ ᠴᠤ ︽ᠠᠯᠲᠠᠨ ᠦᠷ᠎ᠡ︾ ᠰᠠᠭᠤᠯ᠎ᠠ ᠁      ᠰᠢᠯᠢᠨ ᠰᠣᠩᠭᠤᠬᠤ᠂ ᠰᠤᠯᠠ ᠡᠪᠡᠰᠦ ᠶᠢ ᠠᠷᠢᠯᠭᠠᠬᠤ᠂ ᠤᠭᠤᠳᠠᠯᠠᠬᠤ ᠁ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠬᠡᠷ ᠬᠤᠳᠳᠤᠭ ᠪᠠᠯᠭᠠᠰᠤᠨ ᠤ ᠰᠢᠨ ᠹᠧᠩ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠴᠤ ᠪᠣᠷᠣᠯᠠᠭᠤᠯᠬᠤ ᠭᠠᠵᠠᠷ ᠤᠨ ᠦᠢᠯᠡᠳᠪᠦᠷᠢᠯᠡᠯ ᠤᠨ ᠲᠠᠰᠤᠭ ᠲᠤ ᠂ ᠠᠵᠢᠯᠴᠢᠳ ᠨᠡᠷᠡᠨ ᠬᠤᠸᠠᠷ ᠢ ᠪᠣᠳᠠᠰ ᠤᠨ ᠬᠥᠮᠥᠷᠭᠡ ᠳᠡᠭᠡᠷ᠎ᠡ ᠲᠠᠯᠪᠢᠵᠤ᠂ ᠠᠩᠬ᠎ᠠ ᠰᠣᠩᠭᠤᠬᠤ ᠮᠠᠰᠢᠨ ᠨᠡᠷᠡᠨ ᠬᠤᠸᠠᠷ ᠤᠨ ᠦᠷ᠎ᠡ ᠶᠢᠨ ᠶᠡᠭᠡ ᠪᠠᠭ᠎ᠠ ᠶᠢ ᠰᠢᠯᠢᠵᠦ ᠰᠤᠩᠭᠤᠨ᠂ ᠬᠤᠯᠢᠰᠢ ᠦᠭᠡᠢ ᠮᠠᠰᠢᠨ ᠲᠤᠭᠤᠰᠤ ᠲᠤᠷᠳᠠᠭ ᠪᠠ ᠡᠯᠳᠡᠪ ᠪᠣᠳᠠᠰ ᠢ ᠰᠢᠯᠢᠨ ᠰᠣᠩᠭᠤᠵᠤ᠂ ᠥᠩᠭᠡ ᠰᠢᠯᠢᠬᠦ ᠮᠠᠰᠢᠨ ᠨᠠᠷᠠᠨ ᠬᠤᠸᠠᠷ ᠤᠨ ᠦᠷ᠎ᠡ ᠶᠢᠨ ᠥᠩᠭᠡ᠂ ᠮᠥᠬᠦᠯᠢᠭ ᠢ ᠰᠢᠯᠢᠨ ᠰᠣᠩᠭᠤᠵᠤ᠂ ᠨᠢᠭᠡ ᠰᠢᠷᠢᠰ ᠰᠢᠢᠳᠪᠦᠷᠢᠯᠡᠯᠲᠡ ᠪᠠᠷ ᠳᠠᠮᠵᠢᠨ᠂ ᠴᠡᠪᠡᠷ ᠳᠦᠭᠦᠷᠡᠩ ᠨᠠᠷᠠᠨ ᠬᠤᠸᠠᠷ ᠤᠨ ᠦᠷ᠎ᠡ ᠶᠢ ᠪᠣᠭᠤᠳᠠᠯᠯᠠᠬᠤ ᠤᠭᠤᠲᠠᠨ ᠳᠤ ᠣᠷᠣᠭᠤᠯᠤᠨ᠂ ᠦᠢᠯᠡᠳᠪᠦᠷᠢᠯᠡᠬᠦ ᠲᠠᠰᠤᠭ ᠲᠤ ᠪᠠᠨ ᠲᠠᠷᠢ ᠲᠡᠭᠰᠢ ᠣᠪᠣᠭᠠᠯᠠᠵᠤ ᠪᠠᠶᠢᠯ᠎ᠠ᠃ ᠪᠡᠭᠡᠵᠢᠩ᠂ ᠱᠠᠩᠬᠠᠶ᠂ ᠭᠤᠸᠠᠩᠵᠧᠦ᠂ ᠴᠠᠩᠱᠠ ᠵᠡᠷᠭᠡ ᠭᠠᠵᠠᠷ ᠠᠴᠠ ᠢᠷᠡᠭᠰᠡᠨ ᠬᠤᠳᠠᠯᠳᠤᠭᠠᠴᠢᠨ ᠲᠤᠬᠠᠢ ᠶᠢᠨ ᠦᠶ᠎ᠡ ᠳᠤ ᠨᠠᠷᠠᠨ ᠬᠤᠸᠠᠷ ᠤᠨ ᠦᠷ᠎ᠡ ᠰᠣᠩᠭᠤᠨ ᠬᠤᠳᠠᠯᠳᠤᠨ ᠠᠪᠬᠤ ᠪᠠᠷ ᠢᠷᠡᠵᠦ ᠂ ᠦᠩᠭᠡ ᠳᠦᠷᠰᠦ ᠨᠢ ᠰᠢᠯᠢᠳᠡᠭ᠂ ᠠᠮᠲᠠ ᠴᠢᠨᠠᠷ ᠨᠢ ᠣᠬᠢ ᠨᠡᠷᠡᠨ ᠬᠤᠸᠠᠷ ᠤᠨ ᠦᠷ᠎ᠡ ᠤᠳᠠᠯ ᠦᠭᠡᠢ ᠪᠥᠬᠦ ᠤᠯᠤᠰ ᠤᠨ ᠡᠯ᠎ᠡ ᠭᠠᠵᠠᠷ ᠲᠤ ᠬᠦᠷᠴᠦ ᠣᠴᠢᠬᠤ ᠪᠣᠯᠤᠨ᠎ᠠ᠃      ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠵᠠᠮ ᠪᠣᠯᠤᠨ᠎ᠠ᠂ ᠤᠢᠢᠷ᠎ᠠ ᠶᠢᠨ ᠵᠢᠯ ᠠᠴᠠ ᠦᠬᠡᠷ‌ᠬᠤᠳᠳᠤᠭ ᠪᠠᠯᠭᠠᠰᠤ ︽ᠲᠠᠷᠢᠶᠠᠯᠠᠩ ᠤᠨ ᠲᠤᠮᠤ ᠪᠠᠯᠭᠠᠰᠤ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ︽ᠲᠥᠯᠥᠪᠵᠢᠭᠦᠯᠭᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ᠂ ᠪᠦᠲᠦᠭᠡᠭᠳᠡᠬᠦᠨ ᠢ ᠪᠠᠶᠢᠭᠤᠯᠬᠤ᠂ ᠣᠷᠣᠯᠭ᠎ᠠ ᠶᠢ ᠠᠬᠢᠭᠤᠯᠬᠤ︾ ᠰᠡᠳᠬᠢᠴᠡ ᠶᠢ ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠨᠡᠷᠡᠨ ᠬᠤᠸᠠᠷ ᠵᠡᠷᠭᠡ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠶᠢᠬᠤ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠲᠠᠮᠵᠢᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃      ︽ᠮᠠᠨ ᠤ ᠨᠡᠷᠡᠨ ᠬᠤᠸᠠᠷ ᠢᠶᠠᠨ ᠴᠥᠮ ᠡᠷᠬᠢᠨ ᠲᠣᠭᠤᠷᠢᠨ ᠤ ᠲᠠᠷᠢᠶᠠᠴᠢᠳ ᠠᠴᠠ ᠬᠤᠷᠢᠶᠠᠵᠤ᠂ ᠵᠢᠯ ᠪᠦᠷᠢ ᠶᠢᠨ ᠲᠠᠷᠢᠮᠠᠯ ᠤᠨ ᠡᠮᠦᠨᠡᠬᠢ ᠬᠤᠭᠤᠴᠠᠭᠠᠨ ᠳᠤ ᠪᠢᠳᠡ ᠴᠥᠮ ᠰᠢᠨ᠎ᠡ ᠡᠭᠦᠯᠳᠡᠷ ᠢ ᠲᠤᠷᠰᠢᠯᠲᠠ ᠬᠢᠵᠦ᠂ ᠠᠯᠢ ᠰᠢᠨ᠎ᠡ ᠡᠭᠦᠯᠳᠡᠷ ᠤᠨ ᠭᠠᠷᠤᠯᠲᠠ ᠥᠨᠳᠥᠷ᠂ ᠠᠰᠢᠭ ᠣᠷᠣᠯᠭ᠎ᠠ ᠰᠠᠶᠢᠨ ᠪᠠᠶᠢᠬᠤ ᠶᠢ ᠦᠵᠡᠭᠡᠳ᠂ ᠳᠠᠷᠠᠭ᠎ᠠ ᠨᠢ ᠣᠯᠠᠨ ᠳᠤ ᠪᠣᠯᠪᠠᠰᠤᠷᠠᠯ ᠬᠦᠷᠲᠡᠭᠡᠵᠦ᠂ ᠲᠡᠳᠡᠨ ᠳᠤ ᠶᠠᠮᠠᠷ ᠡᠭᠦᠯᠳᠡᠷ ᠢ ᠬᠡᠷᠬᠢᠨ ᠲᠠᠷᠢᠬᠤ ᠶᠢ ᠵᠢᠭᠠᠵᠤ ᠥᠭᠭᠦᠨ᠎ᠡ᠃ ᠲᠠᠷᠢᠶᠠᠴᠢᠳ ᠶᠡᠭᠡ ᠠᠰᠢᠭ ᠣᠯᠪᠠᠯ ᠳᠠᠷᠤᠢ ᠪᠢᠳᠡᠨ ᠲᠠᠢ ᠬᠠᠮᠲᠤ ᠠᠵᠢᠯᠯᠠᠬᠤ ᠳᠤᠷᠠᠲᠠᠢ᠂ ᠪᠢᠳᠡᠨ ᠤ ᠠᠰᠢᠭ ᠣᠷᠣᠯᠭ᠎ᠠ ᠴᠤ ᠨᠡᠮᠡᠭᠳᠡᠬᠦ ᠪᠣᠯᠣᠨ᠎ᠠ᠂ ᠡᠨᠡ ᠪᠣᠯ ᠨᠢᠭᠡᠨ ᠢᠲᠡᠭᠡᠯᠴᠡᠭᠡ ᠶᠢᠨ ᠬᠠᠷᠢᠴᠠᠭ᠎ᠠ ᠶᠣᠮ︾ ᠭᠡᠵᠦ ᠦᠬᠡᠷ ᠬᠤᠳᠳᠤᠭ ᠪᠠᠯᠭᠠᠰᠤᠨ ᠤ ᠰᠢᠨ ᠹᠡᠨ ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠠ ᠪᠣᠷᠣᠯᠠᠭᠤᠯᠬᠤ ᠭᠠᠵᠠᠷ ᠤᠨ ᠶᠡᠷᠦᠩᠬᠡᠢ ᠵᠠᠬᠢᠷᠤᠯ ᠷᠧᠨ ᠭᠦᠸᠧ ᠬᠤᠸᠠ ᠬᠡᠯᠡᠪᠡ᠃      ᠲᠠᠷᠢᠬᠤ᠂ ᠦᠩᠭᠡ ᠶᠢ ᠰᠣᠩᠭᠤᠬᠤ ᠠᠴᠠ ᠡᠳ᠋ᠰᠢᠭᠦᠯᠬᠦ᠂ ᠬᠤᠳᠠᠯᠳᠤᠬᠤ ᠬᠦᠷᠲᠡᠯ᠎ᠡ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠪᠠ ᠨᠠᠷᠢᠯᠢᠬᠵᠢᠭᠤᠯᠤᠨ ᠠᠵᠢᠯᠯᠠᠭᠤᠯᠬᠤ ᠪᠠᠷ ᠳᠠᠮᠵᠢᠭᠤᠯᠵᠤ᠂ ᠦᠬᠡᠷ ᠬᠤᠳᠳᠤᠭ ᠪᠠᠯᠭᠠᠰᠤ ᠶᠢᠨ ᠬᠢᠨ ᠪᠣᠬᠢᠷᠲᠤᠯ ᠦᠭᠡᠢ ᠣᠷᠴᠢᠯ ᠬᠡᠯᠪᠡᠷᠢ ᠶᠢᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠪᠡ᠃ ᠨᠡᠷᠡᠨ ᠬᠤᠸᠠᠷ ᠤᠨ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠶᠢᠨ ᠲᠥᠯᠥᠭᠡ᠂ ᠦᠬᠡᠷ ᠬᠤᠳᠳᠤᠭ ᠪᠠᠯᠭᠠᠰᠤ ᠲᠦᠷᠦᠭᠦᠯᠡᠨ ᠨᠡᠷᠡᠨ ᠬᠤᠸᠠᠷ ᠤᠨ ᠨᠡᠶᠢᠭᠡᠮᠯᠢᠭ ᠪᠠᠶᠢᠭᠤᠯᠵᠤ᠂ ᠨᠡᠷᠡᠨ ᠬᠤᠸᠠᠷ ᠤᠨ ᠢᠲᠡᠭᠡᠮᠵᠢ ᠶᠢᠨ ᠰᠢᠰᠲ᠋ᠧᠮ ᠢ ᠬᠡᠷᠡᠭᠵᠢᠭᠦᠯᠵᠦ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠦᠷ᠎ᠡ᠂ ᠬᠢᠮᠢ ᠶᠢᠨ ᠪᠤᠷᠳᠤᠭᠤᠷ᠂ ᠰᠦᠯᠢᠶᠣᠣ ᠪᠦᠷᠬᠦᠪᠴᠢ ᠪᠣᠯᠤᠨ ᠳᠤᠰᠤᠯᠭᠠᠨ ᠤᠰᠤᠯᠠᠬᠤ ᠪᠦᠰᠡ ᠵᠡᠷᠭᠡ ᠪᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠷᠬᠢᠨ ᠲᠣᠭᠤᠷᠢᠨ ᠤ ᠲᠠᠷᠢᠶᠠᠴᠢᠨ ᠡᠷᠦᠬᠡ ᠳᠤ ᠱᠡᠭᠡᠯᠡᠵᠦ ᠥᠭᠬᠦ ᠶᠢ ᠵᠣᠷᠢᠭᠵᠢᠭᠤᠯᠵᠤ᠂ ᠵᠢᠯ ᠪᠦᠷᠢ ᠶᠢᠨ 3 ᠰᠠᠷ᠎ᠠ ᠳᠤ ᠮᠡᠷᠭᠡᠵᠢᠯ ᠤᠨ ᠠᠵᠢᠯᠳᠠᠨ ᠢ ᠤᠷᠢᠵᠤ ᠠᠮᠤ ᠪᠤᠳᠠᠭ᠎ᠠ ᠲᠠᠷᠢᠬᠤ ᠲᠤᠮᠤ ᠡᠷᠦᠬᠡ ᠳᠤ ᠮᠡᠷᠭᠡᠵᠢᠯ ᠤᠨ ᠵᠢᠯᠤᠭᠤᠳᠤᠯᠭ᠎ᠠ ᠬᠢᠯᠭᠡᠳᠡᠭ᠂ ᠨᠠᠮᠤᠷ ᠤᠨ ᠤᠯᠠᠷᠢᠯ ᠪᠣᠯᠬᠤ ᠳᠤ ᠲᠠᠬᠢᠨ ᠵᠠᠬᠢᠶᠠᠯᠠᠭ᠎ᠠ ᠶᠢᠨ ᠶᠣᠰᠣᠭᠠᠷ ᠲᠠᠷᠢᠶᠠᠴᠢᠨ ᠡᠷᠦᠬᠡ ᠶᠢᠨ ᠨᠡᠷᠡᠨ ᠬᠤᠸᠠᠷ ᠤᠨ ᠦᠷ᠎ᠡ ᠶᠢ ᠬᠤᠳᠠᠯᠳᠤᠨ ᠠᠪᠳᠠᠭ᠂ ᠨᠠᠷᠠᠨ ᠬᠤᠸᠠᠷ ᠤᠨ ᠦᠷ᠎ᠡ ᠳᠣᠭᠳᠠᠭᠤᠨ ᠢᠷᠡᠯᠳᠡ ᠲᠠᠢ ᠪᠤᠯᠵᠤ᠂ ᠲᠠᠷᠢᠶᠠᠴᠢᠳ ᠴᠤ ᠨᠠᠷᠠᠨ ᠬᠤᠸᠠᠷ ᠤᠨ ᠦᠷ᠎ᠡ ᠶᠢᠨ ᠪᠣᠷᠣᠯᠠᠭᠤᠯᠭ᠎ᠠ ᠶᠢᠨ ᠲᠦᠯᠥᠭᠡ ᠰᠠᠨᠠᠭᠠᠰᠢᠷᠠᠬᠤ ᠴᠢᠬᠤᠯᠠ ᠦᠭᠡᠢ ᠪᠤᠯᠵᠤ᠂ ︽ᠨᠡᠷᠡᠨ ᠬᠤᠸᠠᠷ ᠤᠨ ᠢᠳᠡᠭᠡᠮᠵᠢ ᠶᠢᠨ ᠲᠤᠭᠳᠠᠴᠠ︾ ᠶᠢᠨ ᠪᠠᠶᠢᠭᠤᠯᠤᠯᠳᠠ ᠶᠢ ᠳᠠᠭᠠᠯᠳᠤᠨ᠂ ᠪᠦᠬᠦ ᠪᠠᠯᠭᠠᠰᠤᠨ ᠤ ᠨᠡᠷᠡᠨ ᠬᠤᠸᠠᠷ ᠤᠨ ᠠᠵᠤ ᠦᠢᠯᠡᠰ ᠠᠭᠠᠵᠢᠮ ᠢᠶᠠᠷ ᠬᠥᠭᠵᠢᠨ ᠪᠤᠵᠠᠭᠠᠶᠢᠷᠠᠵᠤ᠂  ᠡᠷᠬᠢᠨ ᠲᠣᠭᠤᠷᠢᠨ ᠤ ᠲᠣᠰᠬᠤᠨ ᠤ ᠠᠷᠠᠳ ᠢ ᠬᠠᠪᠰᠤᠷᠤᠨ ᠴᠢᠨᠠᠷ ᠰᠠᠶᠢᠲᠠᠢ ᠨᠡᠷᠡᠨ ᠬᠤᠸᠠᠷ ᠲᠠᠷᠢᠭᠤᠯᠤᠭᠰᠠᠨ ᠢᠶᠠᠷ ᠪᠠᠷᠠᠬᠤ ᠦᠭᠡᠢ ᠪᠠᠰᠠ ᠡᠷᠬᠢᠨ ᠲᠣᠭᠤᠷᠢᠨ ᠤ ᠦᠴᠤᠸᠠᠨ᠂ ᠭᠦᠶᠡᠩ ᠵᠡᠷᠭᠡ ᠭᠠᠵᠠᠷ ᠤᠨ ᠨᠡᠷᠡᠨ ᠬᠤᠸᠠᠷ ᠲᠠᠷᠢᠬᠤ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ᠃ ︽ᠪᠠᠭ᠎ᠠ︾ ᠨᠡᠷᠡᠨ ᠬᠤᠸᠠᠷ ᠤᠨ ᠳᠠᠰᠤᠷᠠᠯᠳᠠ ᠦᠭᠡᠢ ᠬᠦᠭᠵᠢᠯᠳᠡ ︽ᠶᠡᠭᠡ︾ ᠦᠢᠯᠡᠰ ᠢ ᠢᠯᠡᠷᠡᠭᠦᠯᠵᠦ᠂ ᠠᠭᠠᠵᠢᠮ ᠢᠶᠠᠷ ᠦᠬᠡᠷ ᠬᠤᠳᠳᠤᠭ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠢᠨ᠎ᠡ ᠠᠵᠤ ᠦᠢᠯᠡᠰ ᠪᠣᠯᠤᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠭᠤᠣᠯ ᠱᠤᠭᠤᠮ ᠢ ᠴᠢᠩᠭ᠎ᠠ ᠡᠵᠡᠮᠳᠡᠵᠦ᠂ ᠲᠠᠷᠢᠶᠠᠯᠠᠩ ᠤᠨ ᠠᠵᠤ ᠦᠢᠯᠡᠰ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠮᠠᠯ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠢ ᠶᠢᠨ ᠲᠠᠷᠢᠮᠠᠯ ᠲᠠᠷᠢᠬᠤ ᠶᠢ ᠶᠡᠬᠡᠪᠡᠷ ᠬᠥᠭᠵᠢᠭᠦᠯᠵᠦ᠂ ᠰᠢᠨᠵᠢᠯᠡᠬᠦ ᠤᠬᠠᠭᠠᠨᠴᠢ ᠲᠠᠷᠢᠮᠠᠯ ᠤᠨ ᠮᠡᠷᠭᠡᠵᠢᠯ ᠪᠣᠯᠤᠨ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠵᠦ᠂ ᠰᠠᠶᠢᠨ ᠠᠷᠭ᠎ᠠ ᠰᠠᠶᠢᠨ ᠮᠠᠰᠢᠨ ᠤ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠨᠡᠷᠡᠨ ᠬᠤᠸᠠᠷ᠂ ᠬᠢᠲᠠᠳ ᠡᠮ ᠤᠨ ᠮᠠᠲ᠋ᠧᠷᠢᠶᠠᠯ᠂ ᠲᠥᠮᠥᠰᠥ ᠵᠡᠷᠭᠡ ᠨᠢᠭᠡ ᠪᠦᠯᠦᠭ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠰᠠᠶᠢᠨ᠂ ᠦᠷ᠎ᠡ ᠠᠰᠢᠭ ᠥᠨᠳᠥᠷ ᠠᠵᠤ ᠠᠬᠤᠢ ᠶᠢᠨ ᠲᠠᠷᠢᠮᠠᠯ ᠢᠳᠡᠭ ᠢᠳᠡᠭ ᠢᠶᠠᠷ ᠬᠡᠪᠴᠢᠶᠡᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠰᠠᠶᠢᠨ ᠲᠠᠷᠢᠶᠠᠨ ᠤ ᠰᠠᠭᠤᠷᠢ ᠶᠢ ᠬᠠᠮᠠᠭᠠᠯᠠᠬᠤ ᠶᠢᠨ ᠬᠠᠮᠲᠤ᠂ ᠬᠥᠳᠡᠭᠡ ᠲᠣᠰᠬᠤᠨ ᠤ ᠠᠵᠤ ᠠᠬᠤᠢ ᠳᠤ ᠦᠷᠭᠦᠯᠵᠢᠯᠡᠨ ᠠᠮᠢᠵᠢᠷᠠᠯ ᠤᠨ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ︽ᠡᠯᠪᠡᠭ ᠬᠤᠷᠢᠶᠠᠯᠲᠠ︾ ᠶᠢ ᠵᠢᠷᠤᠭᠯᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号