ᠭᠤᠣᠯ ᠤᠨ ᠬᠥᠪᠡᠭᠡᠨ ᠳᠠᠬᠢ ᠠᠲᠠᠷ ᠭᠠᠵᠠᠷ ᠢ ᠴᠡᠭᠴᠡᠯᠡᠨ ᠵᠠᠰᠠᠬᠤ ᠪᠠᠷ ᠳᠠᠮᠵᠢᠭᠠᠳ ︽ᠡᠷᠡᠭᠦᠯ ᠰᠠᠷᠠᠭᠤᠯ | ᠶᠠᠪᠠᠭᠠᠨ ᠵᠠᠮ︾ ᠪᠣᠯᠵᠤ᠂ ᠰᠠᠭᠤᠭᠠᠯᠢ ᠠᠷᠠᠳ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ᠂ ᠰᠡᠯᠡᠭᠦᠴᠡᠨ | ᠠᠯᠬᠤᠯᠠᠬᠤ ᠶᠢᠨ ᠰᠠᠶᠢᠨ ᠭᠠᠵᠠᠷ ᠪᠣᠯᠪᠠ︔ ᠭᠤᠣᠯ ᠪᠠ ᠭᠤᠣᠯ ᠤᠨ ᠬᠤᠭᠤᠷᠣᠨᠳᠣᠬᠢ ︽ᠬᠢᠯᠭᠠᠰᠤᠨ ᠰᠤᠳᠠᠯ︾ | ᠨᠡᠪᠲᠡᠷᠡᠵᠦ᠂ ᠨᠣᠮᠢᠨ ᠤᠰᠤ ᠤᠷᠤᠰᠴᠤ ᠰᠤᠭᠤᠨᠠᠭᠯᠠᠨ᠎ᠠ ᠁ ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ︽ᠭᠤᠤᠯ ᠮᠥᠷᠡᠨ ᠰᠢᠯᠤᠭᠤᠨ᠂ ᠤᠰᠤ ᠲᠤᠩᠭᠠᠯᠠᠭ᠂ ᠡᠷᠭᠢ ᠨᠣᠭᠤᠭᠠᠨ᠂ ᠦᠵᠡᠮᠵᠢ | ᠰᠠᠶᠢᠲᠠᠶ︾ ᠭᠤᠤᠯ ᠮᠥᠷᠡᠨ ᠤ ᠵᠠᠰᠠᠯᠲᠠ ᠶᠢ ᠬᠠᠮᠠᠭᠠᠯᠠᠬᠤ ᠬᠠᠷᠠᠯᠲᠠ ᠶᠢᠨ ᠲᠣᠭᠤᠷᠢᠨ ᠳᠤ᠂ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠤᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠭᠤᠤᠯ ᠮᠥᠷᠡᠨ | ᠨᠠᠭᠤᠷ ᠴᠥᠭᠦᠷᠥᠮ ᠢ ᠬᠠᠮᠠᠭᠠᠯᠠᠬᠤ᠂ ᠬᠠᠮᠢᠶᠠᠷᠬᠤ ᠪᠠ ᠵᠠᠰᠠᠬᠤ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ | ᠨᠠᠷᠢᠯᠢᠬᠵᠢᠭᠤᠯᠵᠤ᠂ ᠨᠣᠮᠢᠨ ᠤᠰᠤ ᠲᠤᠩᠭᠠᠯᠠᠭ ᠤᠷᠤᠰᠬᠠᠯ ᠤᠨ ᠰᠢᠨ᠎ᠡ ᠬᠠᠭᠤᠳᠠᠰᠤ ᠶᠢ ᠵᠢᠷᠤᠭᠯᠠᠪᠠ᠃ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠪᠣᠯ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠠᠴᠠ ᠡᠭᠦᠰᠴᠦ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ᠲᠥᠪ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠷᠠᠯ ᠪᠠ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ | ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠵᠡᠷᠭᠡ ᠴᠢᠬᠤᠯᠠ ᠬᠤᠷᠠᠯ ᠳᠡᠭᠡᠷ᠎ᠡ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ᠂ ᠤᠰᠤᠨ ᠤ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠵᠠᠷ ᠨᠤᠲᠤᠭ ᠥᠷᠭᠡᠨ ᠠᠭᠤᠳᠠᠮ᠂ ᠭᠤᠣᠯ ᠮᠥᠷᠡᠨ | ᠤᠯᠠᠨ ᠪᠠᠶᠢᠳᠠᠭ᠂ ᠣᠯᠠᠩᠬᠢ ᠨᠢ ᠤᠯᠠᠷᠢᠯ ᠤᠨ ᠴᠢᠨᠠᠷᠲᠠᠢ ᠭᠤᠣᠯ ᠮᠥᠷᠡᠨ᠂ ᠠᠶᠢᠪᠠᠶᠢᠭᠠ ᠭᠤᠣᠯ᠂ ᠬᠠᠯᠢᠭᠤᠲᠤ | ᠭᠤᠣᠯ᠂ ᠴᠠᠭᠠᠨᠪᠤᠯᠠᠭ ᠭᠤᠣᠯ᠂ ᠤᠯᠠᠭᠠᠨ ᠲᠣᠯᠣᠭᠠᠢ ᠭᠤᠣᠯ᠂ ᠲᠠᠪᠤᠨᠭᠤᠣᠯ ᠵᠡᠷᠭᠡ ᠭᠤᠣᠯ ᠤᠨ ᠬᠡᠰᠡᠭ ᠲᠤ ᠢᠯᠡ | ᠤᠷᠤᠰᠤᠨ ᠣᠷᠣᠬᠤ ᠠᠴᠠ ᠭᠠᠳᠠᠨ᠎ᠠ᠂ ᠪᠤᠰᠤᠳ ᠨᠢ ᠴᠥᠮ ᠭᠤᠣᠯ ᠭᠤᠷᠤᠬ᠎ᠠ ᠶᠤᠮ᠃ ᠪᠥᠬᠦ ᠬᠤᠰᠢᠭᠤᠨ ᠤ | ᠭᠤᠤᠯ ᠮᠥᠷᠡᠨ ᠤ ᠪᠥᠬᠦ ᠣᠷᠳᠣ ᠨᠢ ᠪᠠᠷᠤᠭ 3029 ᠺᠢᠯᠣᠮᠧᠲ᠋ᠧᠷ ᠪᠠᠶᠢᠵᠤ᠂ ᠰᠠᠪᠠ ᠭᠠᠵᠠᠷ ᠤᠨ ᠲᠠᠯᠠᠪᠠᠶ ᠨᠢ | ᠪᠠᠷᠤᠭ 15500 ᠲᠡᠭᠰᠢ ᠳᠥᠷᠪᠡᠯᠵᠢᠨ ᠺᠢᠯᠣᠮᠧᠲ᠋ᠧᠷ ᠪᠣᠯᠤᠨ᠎ᠠ᠃ ᠣᠳᠣᠬᠠᠨ ᠳᠤ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠳᠤ ᠣᠷᠣᠭᠰᠠᠨ ᠭᠤᠣᠯ ᠮᠥᠷᠡᠨ 101 ᠵᠤᠷᠪᠤᠰ᠂ ᠨᠠᠭᠤᠷ 3᠂ ᠤᠰᠤᠨ | ᠴᠥᠭᠦᠷᠥᠮ 7 ᠪᠣᠶ᠃ | ᠤᠰᠤᠨ ᠠᠰᠢᠭᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠳᠤ ᠭᠤᠤᠯ | ᠮᠥᠷᠡᠨ ᠤ ᠳᠠᠷᠤᠭ᠎ᠠ ᠨᠠᠭᠤᠷ ᠴᠥᠭᠦᠷᠥᠮ ᠢ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠯᠪᠠᠨ ᠬᠡᠷ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ | ᠠᠵᠢᠯ ᠤᠨ ᠲᠥᠰᠦᠯ︾᠂ ︽ᠪᠤᠭᠤᠲᠤ ᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ | ᠠᠵᠢᠯ ᠤᠨ ᠲᠥᠰᠦᠯ︾ ᠵᠢᠴᠢ ᠬᠢᠯᠢ ᠶᠢᠨ ᠳᠣᠲᠣᠷᠠᠬᠢ ᠭᠤᠤᠯ ᠮᠥᠷᠡᠨ ᠨᠠᠭᠤᠷ ᠴᠥᠭᠦᠷᠥᠮ ᠤᠨ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠪᠠᠷ ᠳᠡᠮᠵᠢᠨ᠂ ᠬᠤᠰᠢᠭᠤᠨ ᠲᠠᠰ᠂ ᠰᠤᠮᠤ ᠰᠢᠶᠠᠩ ᠪᠠᠯᠭᠠᠰᠤᠨ ᠤ ᠲᠠᠰ᠂ ᠭᠠᠴᠠᠭ᠎ᠠ | ᠲᠣᠰᠬᠤᠨ ᠤ ᠲᠠᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ 186 ᠬᠥᠮᠦᠨ᠂ ᠬᠤᠰᠢᠭᠤ᠂ ᠰᠤᠮᠤ | ᠰᠢᠶᠠᠩ ᠪᠠᠯᠭᠠᠰᠤᠨ ᠤ ᠲᠠᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠭᠤᠤᠯ ᠮᠥᠷᠡᠨ ᠢ | 9000 ᠭᠠᠷᠤᠶ ᠤᠳᠠᠭ᠎ᠠ ᠲᠣᠭᠤᠷᠢᠨ ᠪᠠᠶᠢᠴᠠᠭᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠬᠥᠳᠡᠯᠦᠩᠭᠦᠶ ᠲᠣᠬᠢᠷᠠᠭᠤᠯᠤᠯᠲᠠ ᠬᠢᠬᠦ ᠪᠠ ᠬᠠᠷᠢᠭᠤᠴᠠᠯᠭ᠎ᠠ ᠶᠢ ᠳᠠᠷᠠᠭᠠᠯᠠᠨ ᠨᠥᠬᠦᠪᠥᠷᠢᠯᠡᠬᠦ ᠲᠣᠭᠲᠠᠴᠠ ᠶᠢ | ᠪᠠᠶᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠲᠠᠰᠤᠯᠳᠠᠭᠤᠯᠬᠤ ᠥᠬᠡᠶ | ᠪᠠᠶᠢᠬᠤ ᠶᠢ ᠪᠠᠲᠤᠯᠠᠪᠠ᠃ | ᠡᠨᠡ ᠵᠢᠯ ᠤᠨ 7 ᠰᠠᠷ᠎ᠠ ᠳᠤ᠂ 10 ᠵᠢᠯ ᠳᠤ ᠨᠢᠭᠡ ᠲᠣᠬᠢᠶᠠᠯᠳᠤᠬᠤ ᠦᠶᠡᠷ ᠤᠨ ᠤᠰᠤ ᠪᠠᠷᠢᠮᠵᠢᠶ᠎ᠠ ᠪᠠᠷ | ᠪᠣᠯᠭᠠᠭᠰᠠᠨ ᠢᠨᠵᠧᠨᠧᠷᠢᠩ ᠤᠨ ᠵᠠᠰᠠᠯᠳᠠ ᠲᠠᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠵᠠᠳᠠᠭᠠᠢ ᠭᠤᠤᠯ ᠤᠨ ᠵᠠᠮ ᠢ ᠵᠠᠰᠠᠬᠤ ᠢᠨᠵᠧᠨᠧᠷᠢᠩ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠤᠷᠤᠭᠰᠢᠲᠠᠶ | ᠥᠩᠭᠡᠷᠡᠭᠦᠯᠪᠡ᠃ ᠡᠨᠡ ᠨᠢ ᠵᠠᠳᠠᠭᠠᠢ ᠭᠤᠣᠯ ᠤᠨ ᠤᠷᠤᠰᠬᠠᠯ ᠤᠨ ᠤᠷᠤᠰᠬᠤ ᠶᠢ ᠡᠰᠡᠷᠭᠦᠴᠡᠬᠦ ᠴᠢᠳᠠᠪᠤᠷᠢ ᠪᠠ ᠦᠶᠡᠷ | ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠢ ᠬᠠᠷᠠᠭᠤᠯᠵᠤ ᠪᠠᠶᠢᠬᠤ ᠶᠢᠨ ᠬᠠᠮᠲᠤ ᠭᠤᠤᠯ ᠤᠨ ᠵᠠᠮ ᠤᠨ ᠬᠤᠶᠠᠷ | ᠡᠷᠭᠢ ᠶᠢᠨ 5 ᠵᠠᠰᠠᠭ ᠵᠠᠬᠢᠷᠭᠠᠨ ᠤ ᠲᠣᠰᠬᠤᠨ᠂ 2000 ᠭᠠᠷᠤᠶ ᠬᠥᠮᠦᠨ ᠪᠠ 1.3 ᠲᠦᠮᠡᠨ ᠮᠥ ᠲᠠᠷᠢᠶᠠᠨ | ᠭᠠᠵᠠᠷ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠭᠰᠠᠨ ᠪᠠᠶᠢᠨ᠎ᠠ᠃ ᠳᠠᠷᠬᠠᠨ | ᠮᠣᠣᠮᠢᠩᠭᠠᠨ ᠬᠤᠯᠪᠣᠭᠠᠲᠤ ᠬᠤᠰᠢᠭᠤᠨ ᠤ ᠦᠬᠡᠷ ᠬᠤᠳᠳᠤᠭ ᠪᠠᠯᠭᠠᠰᠤᠨ ᠤ ᠲᠤᠬᠤᠢ ᠲᠣᠰᠬᠤᠨ ᠤ ᠠᠷᠠᠳ | ᠰᠡᠳᠬᠢᠯ ᠳᠣᠭᠳᠣᠯᠤᠨ ᠬᠡᠯᠡᠭᠰᠡᠨ ᠨᠢ᠄ ︽ᠥᠩᠭᠡᠷᠡᠭᠰᠡᠨ ᠳᠤ ᠪᠣᠷᠣᠭᠠᠨ ᠤ ᠤᠯᠠᠷᠢᠯ ᠪᠣᠯᠬᠤ ᠪᠦᠷᠢ ᠪᠢᠳᠡ ᠲᠠᠷᠢᠶᠠᠨ | ᠭᠠᠵᠠᠷ ᠪᠣᠯᠤᠨ ᠲᠣᠰᠬᠤᠨ ᠤᠰᠤᠨ ᠳᠤ ᠠᠪᠲᠠᠭᠳᠠᠬᠤ ᠠᠴᠠ ᠠᠶᠤᠳᠠᠭ᠂ ᠤᠳᠤ ᠪᠠᠲᠤ ᠪᠠᠬᠢ ᠬᠠᠮᠠᠭᠠᠯᠠᠯᠲᠠ ᠲᠠᠢ | ᠪᠣᠯᠵᠠᠢ᠂ ᠪᠢᠳᠡ ᠲᠦᠩᠭᠡᠵᠦ ᠰᠠᠨᠠᠭ᠎ᠠ ᠠᠮᠤᠷ ᠪᠤᠯᠤᠯ᠎ᠠ︾ ᠭᠡᠵᠦ ᠰᠡᠳᠬᠢᠯ ᠳᠣᠭᠳᠣᠯᠤᠨ ᠬᠡᠯᠡᠪᠡ᠃ | 2017 ᠤᠨ ᠳᠤ ᠭᠤᠤᠯ ᠮᠦᠷᠡᠨ ᠤ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ | 2018 ᠤᠨ ᠳᠤ ᠨᠠᠭᠤᠷ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠦᠭᠰᠡᠨ ᠡᠴᠠᠨᠠᠭᠠᠰᠢ᠂ | ᠲᠠᠷᠬᠠᠨ ᠮᠤᠤᠮᠢᠩᠭᠠᠨ ᠤ ᠬᠤᠰᠢᠭᠤᠨ ᠤ ᠭᠤᠤᠯ ᠮᠦᠷᠡᠨ ᠨᠠᠭᠤᠷ ᠴᠦᠬᠦᠷᠦᠮ ᠤᠨ ᠲᠠᠷᠤᠭ᠎ᠠ ᠶᠢᠨ ᠲᠦᠷᠢᠮ ᠤᠨ | ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠳᠠᠢ ᠬᠡᠷᠡᠭᠵᠢᠬᠦᠯᠦᠭᠰᠡᠨ ᠪᠦᠭᠡᠳ ᠢᠳᠡᠪᠬᠢᠳᠡᠢ ᠦᠷ᠎ᠡ ᠪᠦᠳᠦᠮᠵᠢ | ᠤᠯᠪᠠ︔ ᠭᠤᠤᠯ ᠮᠦᠷᠡᠨ ᠨᠠᠭᠤᠷ ᠴᠦᠬᠦᠷᠦᠮ ᠤᠨ ᠲᠤᠷ᠎ᠠ ᠪᠠᠷ ᠢᠶᠠᠨ ᠭᠠᠵᠠᠷ ᠡᠵᠡᠯᠡᠬᠦ᠂ ᠲᠤᠷ᠎ᠠ ᠪᠠᠷ ᠢᠶᠠᠨ ᠮᠠᠯᠲᠠᠬᠤ | ᠂ ᠲᠤᠷ᠎ᠠ ᠪᠠᠷ ᠢᠶᠠᠨ ᠤᠪᠤᠭᠠᠯᠠᠬᠤ᠂ ᠲᠤᠷ᠎ᠠ ᠪᠠᠷ ᠢᠶᠠᠨ ᠪᠠᠶᠢᠭᠤᠯᠬᠤ ᠵᠡᠷᠭᠡ 20 ᠭᠠᠷᠤᠢ ᠲᠤᠪᠤᠶᠢᠮ᠎ᠠ ᠠᠰᠠᠭᠤᠳᠠᠯ ᠢ | ᠠᠷᠢᠯᠭᠠᠨ ᠴᠡᠭᠴᠡᠯᠡᠪᠡ︔ 6 ᠤᠳᠠᠭ᠎ᠠ ᠭᠤᠤᠯ ᠮᠦᠷᠡᠨ ᠨᠠᠭᠤᠷ ᠴᠦᠬᠦᠷᠦᠮ ᠤᠨ ᠠᠮᠤᠷ ᠲᠦᠪᠰᠢᠨ ᠤ | ᠦᠨᠡᠯᠡᠯᠳᠡ ᠶᠢ ᠪᠡᠶᠡᠯᠡᠬᠦᠯᠵᠦ᠂ ᠨᠡᠶᠢᠳᠡ 61 ᠭᠤᠤᠯ ᠮᠦᠷᠡᠨ ᠨᠠᠭᠤᠷ ᠴᠦᠬᠦᠷᠦᠮ ᠤᠨ ᠲᠠᠷᠤᠭ᠎ᠠ ᠶᠢᠨ ᠡᠷᠡᠬᠦᠯ | ᠮᠡᠨᠳᠤ ᠶᠢᠨ ᠦᠨᠡᠯᠡᠯᠳᠡ ᠶᠢ ᠪᠡᠶᠡᠯᠡᠬᠦᠯᠵᠦ᠂ ᠲᠡᠭᠡᠳᠦ ᠲᠤᠤᠷᠠᠳᠦ ᠤᠷᠤᠰᠬᠠᠯ᠂ ᠵᠡᠬᠦᠨ ᠪᠠᠷᠠᠭᠤᠨ ᠡᠷᠬᠢ᠂ ᠭᠤᠤᠯ | ᠰᠠᠯᠪᠤᠷᠢ ᠤᠷᠤᠰᠬᠠᠯ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠵᠠᠰᠠᠬᠤ ᠲᠤᠭᠳᠠᠴᠠ ᠶᠢ ᠪᠠᠶᠢᠭᠤᠯᠪᠠ︔ ︽ᠭᠤᠤᠯ | ᠮᠦᠷᠡᠨ ᠨᠠᠭᠤᠷ ᠴᠦᠬᠦᠷᠦᠮ ᠤᠨ ᠲᠠᠷᠤᠭ᠎ᠠ ᠶᠢᠨ ᠬᠢᠨᠠᠯᠳᠠ︾ ᠵᠡᠷᠭᠡ ᠲᠤᠬᠳᠠᠴᠠ ᠶᠢᠨ ᠦᠢᠯᠡᠳᠦᠯ ᠢ ᠬᠦᠢᠴᠡᠳ | ᠪᠠᠳᠠᠷᠠᠭᠤᠯᠵᠦ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠠᠪᠤᠴᠠ ᠳᠠᠬᠢ ᠭᠤᠤᠯᠳᠠᠯᠭ᠎ᠠ ᠲᠠᠢ ᠬᠦᠴᠢᠷ | ᠠᠰᠠᠭᠤᠳᠠᠯ ᠢ ᠰᠢᠢᠳᠪᠦᠷᠢᠯᠡᠪᠡ᠃ | ᠳᠠᠷᠬᠠᠨ ᠮᠤᠤᠮᠢᠩᠭᠠᠨ ᠤ ᠲᠠᠯ᠎ᠠ ᠨᠤᠲᠤᠭ ᠳᠡᠭᠡᠷ᠎ᠡ᠂ ᠭᠤᠣᠯ ᠴᠡᠪᠡᠷ ᠤᠰᠤ ᠲᠤᠩᠭᠠᠯᠠᠭ᠂ ᠡᠷᠭᠢ ᠨᠣᠭᠤᠭᠠᠨ | ᠦᠵᠡᠮᠵᠢ ᠰᠠᠶᠢᠬᠠᠨ᠂ ᠠᠮᠢ ᠠᠬᠤᠢ ᠶᠢᠨ ᠦᠢᠯᠡᠳᠦᠯ ᠪᠠ ᠨᠡᠶᠢᠭᠡᠮ ᠤᠨ ᠦᠷ᠎ᠡ ᠠᠰᠢᠭ ᠬᠠᠷᠢᠯᠴᠠᠨ ᠬᠤᠯᠪᠣᠯᠳᠤᠵᠤ᠂ | ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠵᠢᠷᠤᠭ ᠳᠦᠷᠰᠦ ᠶᠠᠭ | ᠵᠢᠷᠤᠭᠯᠠᠭᠳᠠᠵᠤ ᠪᠠᠶᠢᠨ᠎ᠠ᠃ ᠢᠷᠡᠭᠡᠳᠦᠢ ᠪᠠᠨ ᠪᠠᠷᠠᠯᠠᠬᠤᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ | ᠨᠡᠩ ᠥᠨᠳᠥᠷ ᠵᠣᠭᠰᠣᠴᠠ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠭᠤᠣᠯ ᠮᠥᠷᠡᠨ ᠨᠠᠭᠤᠷ | ᠴᠥᠭᠦᠷᠥᠮ ᠢ ᠵᠠᠰᠠᠵᠤ ᠬᠠᠮᠠᠭᠠᠯᠠᠬᠤ ᠶᠢ ᠠᠬᠢᠭᠤᠯᠵᠤ᠂ ᠤᠰᠤᠨ ᠤ ᠠᠮᠤᠷ ᠲᠦᠪᠰᠢᠨ ᠢ ᠪᠠᠲᠤᠯᠠᠬᠤ᠂ ᠤᠰᠤᠨ ᠤ ᠠᠮᠢ | ᠠᠬᠤᠢ ᠶᠢ ᠬᠠᠮᠠᠭᠠᠯᠠᠬᠤ᠂ ᠤᠰᠤᠨ ᠤ ᠠᠵᠤ ᠠᠬᠤᠢ ᠶᠢ ᠬᠥᠭᠵᠢᠭᠦᠯᠬᠦ᠂ ᠤᠰᠤᠨ ᠤ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠶᠢ ᠵᠠᠰᠠᠵᠤ | ᠤᠰᠤ ᠶᠢ ᠬᠥᠭᠵᠢᠭᠦᠯᠬᠦ ᠤᠰᠤ ᠶᠢ ᠬᠠᠮᠢᠶᠠᠷᠬᠤ ᠤᠰᠤ ᠶᠢ ᠲᠠᠬᠢᠨ ᠰᠢᠨ᠎ᠡ ᠲᠦᠪᠰᠢᠨ ᠳᠤ ᠭᠠᠷᠭᠠᠬᠤ ᠶᠢ ᠲᠠᠰᠤᠷᠠᠯᠲᠠ | ᠦᠭᠡᠢ ᠠᠬᠢᠭᠤᠯᠬᠤ ᠬᠡᠷᠡᠭᠲᠡᠢ᠃ |