ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠦᠵᠡᠭᠦᠯᠦᠯᠭᠡ ᠶᠢᠨ | ᠣᠶᠢᠷᠠᠲᠤᠬᠤ ᠶᠢ ᠳᠠᠭᠠᠯᠳᠤᠨ᠂ ᠰᠠᠨᠰᠠᠷ ᠠᠶᠠᠯᠠᠯ ᠤᠨ ᠹᠧᠢ ᠬᠤᠩ ᠺᠣᠮᠫᠠᠨᠢ ᠪᠥᠬᠦ ᠭᠡᠷ ᠪᠦᠯᠢ ᠶᠢᠨ ᠰᠢᠰᠲ᠋ᠧᠮᠵᠢᠭᠰᠡᠨ | ᠲᠣᠨᠤᠭ ᠲᠥᠬᠦᠭᠡᠷᠦᠮᠵᠢ ᠪᠠᠨ ᠠᠪᠴᠤ ᠡᠨᠡ ᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠪᠡᠳᠡᠭᠰᠢ ᠨᠠᠶᠢᠷ ᠲᠤ ᠳᠡᠯᠭᠡᠨ | ᠦᠵᠡᠭᠦᠯᠵᠦ᠂ ᠪᠥᠬᠦ ᠦᠵᠡᠮᠵᠢᠲᠦ ᠮᠠᠶ᠋ᠢᠭ ᠤᠨ ᠦᠵᠡᠭᠦᠯᠦᠯᠭᠡ ᠶᠢᠨ ᠬᠡᠯᠪᠡᠷᠢ ᠶᠢᠨ ᠲᠥᠯᠥᠪᠵᠢᠭᠦᠯᠭᠡ ᠨᠢ ᠪᠦᠷᠢᠨ | ᠪᠦᠲᠦᠨ᠂ ᠰᠢᠰᠲ᠋ᠧᠮᠵᠢᠭᠰᠡᠨ ᠳᠡᠭᠡᠳᠦ ᠬᠡᠮᠵᠢᠶ᠎ᠡ ᠪᠠᠷ ᠪᠡᠶ᠎ᠡ ᠪᠠᠨ ᠳᠠᠭᠠᠭᠠᠭᠰᠠᠨ ᠵᠢᠯᠣᠭᠤᠴᠢ ᠥᠬᠡᠶ ᠨᠢᠰᠬᠡᠯ ᠤᠨ | ᠰᠢᠷᠢᠰ ᠦᠢᠯᠡᠳᠬᠦᠨ᠂ ᠡᠭᠦᠨ ᠤ ᠬᠠᠮᠲᠤ ᠪᠠᠰᠠ ᠠᠭᠠᠷ ᠤᠨ ᠠᠶᠠᠯᠠᠯ ᠤᠨ ᠦᠵᠡᠰᠬᠦᠯᠡᠩ ᠤᠨ ᠲᠤᠬᠠᠶ ᠶᠢᠨ ᠲᠠᠯᠠᠪᠠᠶ | ᠪᠠ 2600 ᠺᠢᠯᠣᠮᠧᠲ᠋ᠧᠷ ᠤᠨ ᠭᠠᠳᠠᠨᠠᠬᠢ ᠳᠠᠷᠬᠠᠨ ᠮᠤᠤᠮᠢᠩᠭᠠᠨ ᠬᠤᠰᠢᠭᠤᠨ ᠤ 091 ᠰᠠᠭᠤᠷᠢᠨ ᠭᠠᠵᠠᠷ ᠲᠠᠢ | ᠬᠤᠯᠪᠣᠭᠠᠯᠠᠨ ᠬᠥᠳᠡᠯᠦᠯᠴᠡᠵᠦ᠂ ᠴᠠᠭ ᠲᠤᠬᠠᠶ ᠳᠤᠨᠢ ᠬᠤᠯᠪᠣᠯᠳᠤᠵᠤ᠂ FH -95 ᠬᠥᠮᠥᠨ ᠦᠭᠡᠢ ᠮᠠᠰᠢᠨ ᠤ | ᠴᠤᠭᠯᠠᠷᠠᠯ ᠢ ᠠᠯᠤᠰ ᠠᠴᠠ ᠵᠢᠯᠤᠭᠤᠳᠤᠨ᠂ ᠪᠤᠳᠤᠯᠢᠶᠠᠨᠲᠠᠶ ᠪᠠᠶᠢᠳᠠᠯ ᠳᠣᠤᠷᠠᠬᠢ ᠵᠢᠯᠣᠭᠤᠴᠢ ᠥᠬᠡᠶ ᠨᠢᠰᠬᠡᠯ ᠤᠨ | ᠴᠤᠭᠯᠠᠷᠠᠯ ᠤᠨ ᠪᠠᠶᠢᠯᠳᠤᠭᠠᠨ ᠤ ᠦᠵᠡᠭᠦᠯᠦᠯᠭᠡ ᠶᠢ ᠪᠡᠶᠡᠯᠡᠭᠦᠯᠵᠦ᠂ ᠰᠢᠰᠲ᠋ᠧᠮᠵᠢᠭᠰᠡᠨ᠂ ᠪᠦᠯᠦᠭᠯᠡᠯᠵᠢᠭᠰᠡᠨ | ᠵᠢᠯᠣᠭᠤᠴᠢ ᠥᠬᠡᠶ ᠪᠠᠶᠢᠯᠳᠤᠭᠠᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠪᠣᠯᠤᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 091 ᠰᠠᠭᠤᠷᠢᠨ ᠭᠠᠵᠠᠷ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 091 ᠰᠠᠭᠤᠷᠢᠨ ᠭᠠᠵᠠᠷ ᠪᠣᠯ ᠳᠤᠮᠳᠠᠳᠤ ᠤᠯᠤᠰ ᠤᠨ | ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠠᠩᠬᠠᠳᠠᠭᠴᠢ ᠬᠥᠮᠦᠨ ᠥᠬᠡᠶ ᠣᠶᠤᠨᠴᠢ | ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠤᠨ᠎ᠠ᠃ ᠰᠠᠭᠤᠷᠢᠨ ᠭᠠᠵᠠᠷ ᠨᠢ 7000 | ᠭᠠᠷᠤᠢ ᠮᠦ ᠭᠠᠵᠠᠷ ᠡᠵᠡᠯᠡᠨ᠂ ᠨᠢᠭᠡ ᠨᠢᠰᠬᠡᠯ ᠤᠨ ᠪᠠᠭᠤᠳᠠᠯ ᠨᠡᠪᠲᠡᠷᠡᠵᠦ᠂ ᠨᠢᠭᠡ ᠵᠤᠷᠪᠤᠰ ᠤᠷᠲᠤ ᠨᠢ 2800 | ᠮᠧᠲᠷ᠂ ᠥᠷᠭᠡᠨ ᠨᠢ 45 ᠮᠧᠲᠷ ᠤᠨ ᠵᠡᠭᠦᠨᠰᠢ ᠪᠠᠷᠠᠭᠤᠨᠰᠢ ᠴᠢᠭᠯᠡᠯ ᠲᠠᠢ ᠭᠤᠯᠭᠤᠯᠲᠠ ᠶᠢᠨ ᠵᠠᠮ ᠲᠠᠢ᠂ ᠠᠭᠠᠷ ᠤᠨ | ᠣᠷᠣᠨ ᠤᠷᠳᠤ ᠨᠢ 100 ᠺᠢᠯᠥᠮᠧᠲᠷ᠂ ᠥᠷᠭᠡᠨ ᠨᠢ 50 ᠺᠢᠯᠣᠮᠧᠲ᠋ᠧᠷ᠂ ᠦᠨᠳᠦᠷ ᠨᠢ 13000 ᠮᠧᠲᠷ | ᠪᠠᠶᠢᠳᠠᠭ᠃ ᠤᠯᠠᠨ ᠠᠴᠠ ᠣᠨᠴᠠᠭᠠᠢ ᠲᠠᠯᠠᠪᠤᠷ ᠪᠠ ᠠᠭᠠᠷ ᠤᠨ ᠣᠷᠣᠨ ᠵᠠᠢ ᠲᠠᠢ ᠪᠠᠶᠢᠵᠤ᠂ ᠬᠥᠮᠥᠨ ᠦᠭᠡᠢ | ᠰᠢᠰᠲ᠋ᠧᠮ ᠤᠨ ᠲᠤᠷᠰᠢᠯᠲᠠ ᠶᠢᠨ ᠬᠢᠨᠠᠨ ᠲᠣᠭᠲᠠᠭᠠᠯᠲᠠ᠂ ᠲᠤᠭ᠎ᠠ ᠪᠣᠳᠠᠲᠤ ᠶᠢ ᠤᠶᠠᠯᠳᠤᠭᠤᠯᠤᠭᠰᠠᠨ ᠵᠡᠷᠭᠡᠴᠡᠭᠡ | ᠲᠣᠭᠯᠠᠯᠲᠠ᠂ ᠴᠢᠳᠠᠪᠤᠷᠢᠲᠠᠨ ᠢ ᠬᠥᠮᠥᠵᠢᠭᠦᠯᠬᠦ᠂ ᠳᠡᠯᠭᠡᠨ ᠦᠵᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠵᠡᠷᠭᠡ ᠦᠢᠯᠡᠴᠢᠯᠡᠭᠡ ᠶᠢ ᠬᠠᠩᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠦᠮᠡ ᠭᠠᠷᠤᠢ | ᠰᠤᠷᠤᠭᠴᠢ ᠶᠢ ᠪᠣᠯᠪᠠᠰᠤᠷᠠᠭᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 091 ᠰᠠᠭᠤᠷᠢᠨ ᠭᠠᠵᠠᠷ ᠲᠤ ᠲᠦᠰᠢᠭᠯᠡᠨ᠂ ᠰᠠᠨᠰᠠᠷ | ᠠᠶᠠᠯᠠᠯ ᠤᠨ ᠹᠧᠢ ᠬᠤᠩ ᠺᠣᠮᠫᠠᠨᠢ ᠶᠢᠨ ᠬᠥᠮᠦᠨ ᠥᠬᠡᠶ ᠰᠢᠰᠲ᠋ᠧᠮ ᠤᠨ ᠦᠢᠯᠡᠴᠢᠯᠡᠭᠡᠨ ᠤ ᠣᠶᠢᠯᠠᠭᠠᠭᠳᠠᠬᠤᠨ | ᠬᠢᠭᠡᠳ ᠵᠠᠭᠪᠤᠷ ᠢᠶᠠᠨ ᠰᠢᠨᠡᠴᠢᠯᠡᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠲᠤᠷᠰᠢᠯᠲᠠ᠂ ᠫᠤᠤᠳᠠᠯᠭ᠎ᠠ ᠶᠢᠨ | ᠲᠠᠯᠠᠪᠠᠶ᠂ ᠠᠭᠠᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠭᠤᠷᠢᠨ ᠭᠠᠵᠠᠷ ᠢᠶᠠᠷ ᠲᠥᠪ ᠪᠣᠯᠭᠠᠨ᠂ ︽ | ᠵᠡᠭᠦᠨᠰᠢ ᠪᠠᠷᠠᠭᠤᠨᠰᠢ ᠨᠡᠪᠲᠡᠷᠡᠬᠦ᠂ ᠡᠮᠦᠨ᠎ᠡ ᠤᠮᠠᠷ᠎ᠠ ᠳᠤ ᠲᠤᠤᠱᠯᠠᠭᠤᠯᠬᠤ ︾ ᠲᠤᠷᠰᠢᠯᠲᠠ ᠶᠢᠨ ᠲᠠᠯᠠᠪᠠᠶ ᠶᠢᠨ | ᠲᠣᠭᠤᠷᠢᠭ ᠢ ᠪᠠᠶᠢᠭᠤᠯᠵᠤ᠂ ᠬᠥᠮᠦᠨ ᠥᠬᠡᠶ ᠰᠢᠰᠲ᠋ᠧᠮ ᠤᠨ ᠲᠤᠷᠰᠢᠯᠲᠠ ᠶᠢᠨ ᠨᠢᠰᠦᠯᠲᠡ᠂ ︽ᠳᠣᠤᠷ᠎ᠠ ᠠᠭᠠᠷ︾ | ᠤᠨ ᠬᠡᠷᠡᠭᠯᠡᠭᠡᠨ ᠤ ᠦᠵᠡᠭᠳᠡᠯ ᠵᠡᠷᠭᠡ ᠬᠠᠮᠢᠶ᠎ᠠ ᠪᠥᠬᠦᠶ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠬᠥᠲᠥᠯᠥᠨ | ᠳᠠᠭᠠᠭᠤᠯᠵᠤ᠂ ᠬᠥᠮᠦᠨ ᠥᠬᠡᠶ ᠰᠢᠰᠲ᠋ᠧᠮ ᠤᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ | ᠤᠷᠤᠰᠬᠠᠯ ᠤᠨ ᠠᠵᠤ ᠠᠬᠤᠶᠢᠯᠠᠯ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠪᠠ᠃ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ 091 ᠰᠠᠭᠤᠷᠢᠨ ᠭᠠᠵᠠᠷ ᠲᠤᠰ ᠬᠤᠭᠤᠴᠠᠭᠠᠨ ᠤ ᠠᠭᠠᠷ ᠠᠶᠠᠯᠠᠯ ᠤᠨ | ᠦᠵᠡᠭᠦᠯᠦᠯᠭᠡ ᠳᠤ ᠢᠯᠡᠷᠡᠵᠦ᠂ ᠵᠠᠯᠭᠠᠭᠠᠳ ᠪᠦᠬᠦ ᠤᠯᠤᠰ ᠴᠢᠨᠠᠭᠰᠢᠯᠠᠪᠠᠯ ᠪᠦᠬᠦ ᠪᠥᠮᠪᠥᠷᠴᠡᠭ ᠤᠨ ᠬᠥᠮᠦᠨ ᠦᠭᠡᠢ | ᠰᠢᠰᠲ᠋ᠧᠮ ᠤᠨ ᠬᠡᠷᠡᠭᠯᠡᠭᠴᠢ᠂ ᠨᠥᠬᠦᠷᠰᠡᠭ ᠬᠤᠳᠠᠯᠳᠤᠭᠠᠴᠢᠨ ᠳᠤ ᠴᠢᠨᠠᠷ ᠰᠠᠶᠢᠲᠠᠢ ᠦᠢᠯᠡᠳᠬᠦᠨ ᠪᠠ ᠪᠦᠬᠦ | ᠲᠠᠯ᠎ᠠ ᠶᠢᠨ ᠦᠢᠯᠡᠴᠢᠯᠡᠭᠡ ᠬᠠᠩᠭᠠᠬᠤ ᠪᠣᠯᠤᠨ᠎ᠠ᠃ | |