︽ ᠶᠦᠨᠨᠠᠨ ᠮᠤᠵᠢ ᠶᠢᠨ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠬᠠᠢ | ᠣᠨᠴᠠᠭᠠᠶ ᠲᠣᠭᠲᠠᠭᠠᠯ ︾ ᠢ ᠣᠶᠢᠷ᠎ᠠ ᠳ᠋ᠤ᠋ᠵᠢᠩᠬᠢᠨᠢ ᠪᠠᠷ ᠨᠡᠶᠢᠲᠡᠯᠡᠪᠡ ᠂ ᠲᠣᠰ ︽ ᠲᠣᠭᠲᠠᠭᠠᠯ ︾ ᠢ 2024 ᠣᠨ ᠤ | 11 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠦᠨ᠎ᠡ᠃ ︽ ᠲᠣᠭᠲᠠᠭᠠᠯ ︾ ᠤᠨ ᠶᠢᠰᠦᠳᠦᠭᠡᠷ | ᠵᠦᠢᠯ ᠳᠤ ᠂ ᠬᠥᠮᠥᠨ ᠬᠡᠷᠡᠭᠯᠡᠬᠦ ᠨᠢᠭᠡᠴᠢ ᠨᠢ ᠰᠠᠷ᠎ᠠ ᠶᠢᠨ ᠭᠬᠢᠷ ᠤᠨ ᠬᠤᠭᠤᠴᠠᠭᠠᠨ ᠳᠠᠬᠢ ᠡᠮᠡᠭᠲᠡᠢ | ᠠᠵᠢᠯᠲᠠᠨᠠᠵᠢᠯᠴᠢᠨ ᠳᠤ ᠳᠣᠣᠷ᠎ᠠ ᠵᠢᠭᠰᠠᠭᠠᠭᠰᠠᠨ ᠬᠥᠳᠡᠯᠮᠦᠷᠢ ᠶᠢᠨ ᠬᠠᠮᠠᠭᠠᠯᠠᠯᠲᠠ ᠶᠢ ᠬᠠᠩᠭᠠᠬᠤ ᠬᠡᠷᠡᠭᠲᠡᠢ ᠭᠡᠵᠦ | ᠲᠣᠳᠣᠷᠬᠠᠢ ᠲᠣᠭᠲᠠᠭᠠᠪᠠ᠄ ᠤᠯᠤᠰ ᠠᠴᠠ ᠲᠣᠭᠲᠠᠭᠠᠭᠰᠠᠨᠰᠠᠷᠠ ᠶᠢᠨ ᠭᠬᠢᠷ ᠤᠨ ᠬᠤᠭᠤᠴᠠᠭᠠᠨ ᠳᠠᠬᠢ ᠴᠡᠭᠡᠷ ᠲᠠᠢ | ᠬᠥᠳᠡᠯᠮᠦᠷᠢ ᠶᠢ ᠬᠢᠯᠭᠡᠬᠦ ᠪᠠᠷ ᠲᠣᠬᠢᠷᠠᠭᠤᠯᠵᠤ ᠪᠣᠯᠬᠤ ᠦᠭᠡᠢ︔ | ᠨᠥᠬᠦᠴᠡᠯ ᠲᠠᠢ ᠬᠥᠮᠥᠨ ᠬᠡᠷᠡᠭᠯᠡᠬᠦ ᠨᠢᠭᠡᠴᠢ ᠨᠢ ᠠᠵᠢᠯ ᠳᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ | ᠨᠢᠭᠡᠪᠦᠷᠢ ᠳᠤ ᠰᠠᠷ᠎ᠠ ᠪᠦᠷᠢ 35 ᠲᠥᠭᠦᠷᠢᠭ ᠡᠴᠡᠲ᠋ᠣᠣᠷᠠ ᠦᠭᠡᠢ ᠡᠷᠡᠭᠦᠯ ᠬᠠᠮᠠᠭᠠᠯᠠᠯ ᠤᠨ ᠵᠠᠷᠤᠳᠠᠯ ᠪᠤᠶᠤ | ᠬᠠᠷᠠᠭᠠᠯᠵᠠᠭᠰᠠᠨ ᠦᠨ᠎ᠡ ᠥᠷᠲᠡᠭ ᠲᠠᠢ ᠡᠷᠡᠭᠦᠯ ᠬᠠᠮᠠᠭᠠᠯᠠᠯ ᠤᠨ ᠬᠡᠷᠡᠭᠰᠡᠯ ᠢ ᠲᠦᠭᠡᠭᠡᠨ ᠥᠭᠴᠦ ᠪᠣᠯᠣᠨ᠎ᠠ ᠂ᠠᠵᠤ | ᠠᠬᠤᠶᠢᠯᠠᠯ ᠨᠢ ᠠᠵᠢᠯᠲᠠᠨ ᠠᠵᠢᠯᠴᠢᠨ ᠤ ᠠᠰᠠᠷᠠᠮᠵᠢ ᠶᠢᠨ ᠵᠠᠷᠤᠳᠠᠯ ᠤᠨ ᠳᠣᠲᠣᠷ᠎ᠠ ᠠᠴᠠ ᠭᠠᠷᠭᠠᠨ᠎ᠠ︔ | ᠰᠠᠷ᠎ᠠ ᠶᠢᠨ ᠭᠬᠢᠷ ᠤᠨ ᠬᠦᠨᠳᠦ ᠡᠪᠡᠷᠰᠢᠶᠡᠯ ᠲᠠᠢ ᠡᠮᠡᠭᠲᠡᠢ ᠠᠵᠢᠯᠲᠠᠨ ᠠᠵᠢᠯᠴᠢᠨ ᠡᠮ ᠡᠮᠨᠡᠯᠭᠡ ᠪᠤᠶᠤ ᠡᠬᠡ | ᠨᠢᠯᠬᠠᠰ ᠤᠨ ᠡᠷᠡᠭᠦᠯ ᠮᠡᠨᠳᠤ ᠶᠢ ᠬᠠᠮᠠᠭᠠᠯᠠᠬᠤᠪᠠᠶᠢᠭᠤᠯᠤᠮᠵᠢ ᠪᠠᠷ ᠣᠨᠣᠰᠢᠯᠠᠭᠤᠯᠤᠭᠰᠠᠨ ᠤ ᠲᠠᠷᠠᠭ᠎ᠠ ᠂ ᠰᠠᠷ᠎ᠠ ᠶᠢᠨ | ᠭᠬᠢᠷ ᠤᠨ ᠬᠤᠭᠤᠴᠠᠭᠠᠨ ᠳᠤᠨᠢ 1-2 ᠡᠳᠦᠷ ᠤᠨ ᠠᠮᠠᠷᠠᠯᠲᠠ ᠥᠭᠭᠦᠨ᠎ᠡ︔ | ᠬᠡᠭᠡᠷ᠎ᠡ ᠭᠠᠳᠠᠨ᠎ᠠ ᠂ ᠭᠡᠷ ᠤᠨ ᠭᠠᠳᠠᠨ᠎ᠠ ᠰᠢᠯᠵᠢᠩᠭᠦᠢ ᠠᠵᠢᠯ ᠪᠠ ᠪᠤᠰᠤᠳ ᠦᠢᠯᠡᠳᠪᠦᠷᠢᠯᠡᠯ ᠤᠨ ᠠᠵᠢᠯ | ᠬᠢᠵᠦ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠳ᠋ᠤ᠋ᠠᠳᠠᠯᠢ ᠪᠤᠰᠤ ᠤᠯᠠᠷᠢᠯ ᠢ ᠦᠨᠳᠦᠰᠦᠯᠡᠨ ᠬᠠᠷᠠᠭᠠᠯᠵᠠᠭᠰᠠᠨ | ᠡᠷᠡᠭᠦᠯᠵᠢᠯ ᠤᠨ ᠪᠤᠶᠤ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠨ᠎ᠠ︔ | ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠲᠣᠭᠲᠠᠭᠠᠭᠰᠠᠨ ᠬᠥᠳᠡᠯᠮᠦᠷᠢ ᠶᠢᠨ ᠬᠠᠮᠠᠭᠠᠯᠠᠯᠲᠠ ᠶᠢᠨ ᠪᠤᠰᠤᠳ | ᠠᠷᠭ᠎ᠠ ᠬᠡᠮᠵᠢᠶ᠎ᠡ ᠨᠦᠭᠦᠳ᠃ | | |