ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶᠠᠷᠦᠯᠲᠠ ᠶᠢᠨ ᠵᠦᠪᠯᠡᠯ
ᠨᠡᠶᠢᠲᠡᠯᠡᠭᠰᠡᠨ ᠴᠠᠭ᠄
2024/11/12
      ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ 2004 ᠣᠨ ᠳᠤ ᠪᠠᠶᠢᠭᠤᠯᠤᠭᠳᠠᠵᠤ᠂ 2012 ᠣᠨ ᠳᠤ ᠣᠷᠣᠨ ᠤ ᠲᠡᠰ ᠤᠨ ᠠᠵᠤ ᠦᠢᠯᠡᠳᠪᠦᠷᠢ ᠶᠢᠨ ᠲᠣᠭᠤᠷᠢᠭ ᠢᠶᠠᠷ ᠨᠡᠷᠡᠯᠡᠭᠦᠯᠵᠦ᠂ 2013 ᠣᠨ ᠳᠤ ᠥᠪᠡᠷᠲᠡᠭᠡᠨ ᠵᠠᠰᠠᠬᠤ ᠣᠷᠣᠨ ᠤ ︽ᠵᠠᠭᠤᠨ ᠳ᠋ᠦᠩᠰᠢᠭᠤᠷ ᠤᠨ ᠲᠣᠭᠤᠷᠢᠭ︾ ᠤᠨ ᠡᠩᠨᠡᠭᠡᠨ ᠳᠤ ᠤᠷᠤᠵᠠᠢ᠃ ᠲᠣᠭᠤᠷᠢᠭ ᠤᠨ ︽ᠨᠢᠭᠡ ᠲᠣᠭᠤᠷᠢᠭ ᠭᠤᠷᠪᠠᠨ ᠬᠦᠷᠢᠶᠡᠯᠡᠩ︾ ︵ᠪᠠ ᠷᠦᠨ ᠪᠣᠯᠣᠳ ᠲᠡᠮᠦᠷ ᠤᠨ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠪᠣᠯᠪᠠᠰᠤᠷᠠᠭᠤᠯᠬᠤ ᠬᠦᠷᠢᠶᠡᠯᠡᠩ᠂ ᠪᠠᠶᠠᠨ ᠣᠪᠣᠭ᠎ᠠ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ᠂ ᠪᠠᠶᠠᠨᠬᠤᠸᠠ ᠨᠡᠭᠦᠷᠡᠰᠦ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ︶ ᠤᠨ ᠲᠥᠯᠥᠪᠵᠢᠭᠦᠯᠭᠡ ᠶᠢᠨ ᠶᠡᠷᠦᠩᠬᠡᠶ ᠲᠠᠯᠠᠪᠠᠶ ᠨᠢ 60 ᠲᠡᠭᠰᠢ ᠳᠥᠷᠪᠡᠯᠵᠢᠨ ᠺᠢᠯᠤᠮᠧᠲᠷ ᠪᠣᠯᠤᠨ᠎ᠠ᠃      ᠲᠣᠭᠤᠷᠢᠭ ᠲᠤ ᠣᠳᠣ ᠬᠡᠪᠴᠢᠶᠡᠵᠢᠭᠰᠡᠨ ᠠᠵᠤ ᠠᠬᠤᠶᠢᠯᠠᠯ 10᠂ ᠠᠵᠢᠯᠴᠢᠨ 3300 ᠰᠢᠬᠠᠮ ᠪᠠᠶᠢᠨ᠎ᠠ᠃ ᠣᠳᠣᠬᠠᠨ ᠳᠤ ᠭᠤᠣᠯᠳᠠᠭᠤ ᠲᠡᠮᠦᠷ ᠨᠠᠷᠢᠨ ᠨᠤᠨᠲᠠᠭ ‍ᠤᠨ‌ᠦᠢᠯᠡᠳᠪᠦᠷᠢᠯᠡᠯ ᠢᠶᠠᠷ ᠭᠤᠣᠯ ᠪᠣᠯᠭᠠᠵᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠴᠢᠬᠤᠯᠠ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠪᠣᠯᠤᠨ᠎ᠠ᠃ 1500 ᠲᠦᠮᠡᠨ ᠲᠤᠨ ᠠᠭᠤᠷᠬᠠᠢ᠂ 700 ᠲᠦᠮᠡᠨ ᠲᠤᠨ ᠲᠡᠮᠦᠷ ᠤᠨ ᠨᠠᠷᠢᠨ ᠨᠤᠨᠲᠠᠭ ᠪᠠ 40 ᠲᠦᠮᠡᠨ ᠲᠤᠨ ᠴᠤᠬᠤᠢ ᠦᠢᠯᠡᠳᠪᠦᠷᠢᠯᠡᠬᠦ ᠴᠢᠳᠠᠮᠵᠢ ᠲᠠᠢ ᠪᠤᠯᠵᠠᠢ᠃      ᠲᠣᠭᠤᠷᠢᠭ ᠲᠤ ᠵᠢᠯ ᠳᠤ 2000 ᠲᠦᠮᠡᠨ ᠲᠣᠨ ᠤᠰᠤ ᠳᠠᠮᠵᠢᠭᠤᠯᠬᠤ ᠪᠠ ᠵᠢᠯ ᠳᠤ 550 ᠲᠦᠮᠡᠨ ᠲᠣᠨ ᠠᠭᠤᠷᠬᠠᠶ ᠶᠢᠨ ᠡᠭᠡᠳᠡᠩ ᠬᠦᠷᠭᠡᠬᠦ ᠢᠨᠵᠧᠨᠧᠷᠢᠩ᠂ ᠭᠤᠷᠪᠠᠨ ᠭᠠᠵᠠᠷ ᠤᠨ ᠠᠮᠢᠳᠤᠷᠠᠯ ᠤᠨ ᠤᠰᠤᠨ ᠰᠤᠷᠪᠤᠯᠵᠢ ᠶᠢ ᠨᠢᠭᠡᠨᠲᠡ ᠪᠠᠶᠢᠭᠤᠯᠵᠤ᠂ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ 2 ᠰᠠᠭᠤᠷᠢ᠂ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ 3 ᠰᠠᠭᠤᠷᠢ ᠪᠠᠶᠢᠭᠤᠯᠵᠤ᠂ ᠪᠤᠭᠤᠲᠤ ᠠᠴᠠ ᠮᠠᠨᠵᠤᠤᠷ ᠬᠦᠷᠬᠦ ᠲᠡᠮᠦᠷ ᠵᠠᠮ ᠢ ᠲᠣᠭᠤᠷᠢᠭ ᠲᠤ ᠨᠡᠪᠲᠡᠷᠡᠭᠦᠯᠦᠨ᠂ ᠲᠣᠭᠤᠷᠢᠭ ᠤᠨ ᠵᠠᠮ ᠤᠨ ᠪᠦᠲᠦᠴᠡ ᠶᠢ ᠲᠡᠭᠦᠯᠳᠡᠷᠵᠢᠭᠦᠯᠦᠨ᠂ 2014 ᠣᠨ ᠳᠤ ᠲᠣᠭᠤᠷᠢᠭ ᠤᠨ ᠭᠤᠤᠯ ᠵᠠᠮ ᠢ 10 ᠺᠢᠯᠤᠮᠧᠲᠷ ᠰᠢᠨ᠎ᠡ ᠪᠠᠷ ᠪᠠᠶᠢᠭᠤᠯᠵᠤ᠂ 2015 ᠣᠨ ᠳᠤ 2.9 ᠺᠢᠯᠤᠮᠧᠲᠷ ᠪᠠᠷᠠᠭ᠎ᠠ ᠲᠡᠭᠡᠭᠡᠪᠦᠷᠢᠯᠡᠬᠦ ᠵᠠᠮ ᠢ ᠪᠠᠶᠢᠭᠤᠯᠪᠠ᠃ ᠲᠣᠭᠤᠷᠢᠭ ᠨᠢ ᠬᠥᠬᠡᠬᠤᠲᠠ ᠪᠤᠭᠤᠲᠤ ᠣᠷᠳᠣᠰ ᠤᠨ ᠠᠵᠤ ᠠᠬᠤᠶ ᠶᠢᠨ ᠰᠠᠴᠤᠷᠠᠭᠲᠤ ᠣᠷᠣᠨ ᠳᠤ ᠣᠷᠣᠰᠢᠵᠤ᠂ ᠬᠥᠬᠡᠬᠤᠲᠠ ᠠᠴᠠ 170 ᠭᠠᠷᠤᠶ ᠺᠢᠯᠤᠮᠧᠲᠷ ᠵᠠᠶᠢᠲᠠᠶ︔ ᠪᠤᠭᠤᠲᠤ ᠬᠤᠲᠠ ᠠᠴᠠ 160 ᠭᠠᠷᠤᠶ ᠺᠢᠯᠤᠮᠧᠲᠷ ᠵᠠᠶᠢᠲᠠᠶ᠃ ᠲᠣᠭᠤᠷᠢᠭ ᠨᠢ ᠪᠣᠭᠤᠲᠣ ᠠᠴᠠ ᠮᠠᠨᠵᠣᠣᠷ ᠬᠦᠷᠬᠦ ᠲᠡᠮᠦᠷ ᠵᠠᠮ᠂ ᠬᠦᠬᠡᠬᠤᠲᠠ ᠠᠴᠠ ᠪᠠᠢ ᠴᠧᠩ ᠬᠤᠲᠠ ᠬᠦᠷᠬᠦ ᠵᠠᠰᠠᠮᠠᠯ ᠵᠠᠮ ︵S102︶᠂ ᠪᠣᠭᠤᠳᠣ ᠠᠴᠠ ᠮᠠᠨᠵᠤᠤᠷ ᠬᠦᠷᠬᠦ ᠵᠠᠰᠠᠮᠠᠯ ᠵᠠᠮ ︵S211︶ ᠲᠠᠢ ᠵᠠᠯᠭᠠᠯᠳᠤᠵᠤ᠂ ᠠᠩᠬ᠎ᠠ ᠠᠯᠬᠤᠮ  ᠤᠨ ᠵᠠᠰᠠᠮᠠᠯ ᠵᠠᠮ᠂ ᠲᠡᠮᠦᠷ ᠵᠠᠮ ᠬᠤᠯᠪᠣᠭᠠᠯᠠᠭᠰᠠᠨ ᠵᠠᠮ ᠬᠠᠷᠢᠯᠴᠠᠭ᠎ᠠ ᠪᠦᠷᠢᠯᠳᠦᠪᠡ᠃      ᠲᠣᠭᠤᠷᠢᠭ ᠤᠨ ᠬᠢᠯᠢ ᠳᠣᠲᠣᠷᠠᠬᠢ ᠡᠬᠢ ᠪᠠᠶᠠᠯᠢᠭ ᠡᠯᠪᠡᠭ ᠪᠠᠶᠢᠵᠦ᠂ ᠡᠭᠦᠨ ᠳᠤ ᠬᠦᠷᠡᠩ ᠨᠡᠭᠦᠷᠡᠰᠦ 85 ᠳ᠋ᠦᠩᠰᠢᠭᠤᠷ ᠲᠣᠨ᠂ ᠲᠡᠮᠦᠷ ᠤᠨ ᠠᠭᠤᠷᠬᠠᠶ 10 ᠳ᠋ᠦᠩᠰᠢᠭᠤᠷ ᠲᠣᠨ᠂ ᠹᠣᠰᠹᠣᠷ ᠤᠨ ᠠᠭᠤᠷᠬᠠᠶ 4.1 ᠳ᠋ᠦᠩᠰᠢᠭᠤᠷ ᠲᠣᠨ᠂ ᠴᠣᠬᠤᠢ ᠶᠢᠨ ᠴᠢᠯᠠᠭᠤ 22 ᠳ᠋ᠦᠩᠰᠢᠭᠤᠷ ᠲᠣᠨ᠂ ᠪᠠᠯ ᠴᠢᠯᠠᠭᠤ 1.9 ᠳ᠋ᠦᠩᠰᠢᠭᠤᠷ ᠲᠣᠨ ᠪᠠᠶᠢᠵᠤ᠂ ᠡᠭᠦᠨ ᠠᠴᠠ ᠭᠠᠳᠠᠨ᠎ᠠ᠂ ᠪᠠᠰᠠ ᠬᠤᠪᠣᠷ ᠰᠢᠷᠣᠶ᠂ ᠵᠡᠰ᠂ ᠰᠢᠵᠢᠷ ᠠᠯᠲᠠ᠂ ᠮᠠᠩᠭᠠᠨ ᠴᠢᠯᠠᠭᠤ᠂ ᠪᠠᠯ ᠴᠢᠯᠠᠭᠤ᠂ ᠰᠠᠯᠬᠢᠨ ᠡᠨᠧᠷᠭᠢ᠂ ᠨᠡᠷᠡᠨ ᠤ ᠡᠨᠧᠷᠭᠢ ᠵᠡᠷᠭᠡ ᠣᠯᠠᠨ ᠵᠦᠢᠯ ᠤᠨ ᠡᠬᠢ ᠪᠠᠶᠠᠯᠢᠭ ᠪᠠᠶᠢᠵᠤ᠂ ᠬᠢᠯᠢ ᠶᠢᠨ ᠵᠡᠷᠭᠡᠯᠡᠳᠡᠭᠡ ᠪᠠᠶᠢᠭ᠎ᠠ ᠮᠣᠩᠭᠤᠯ ᠤᠯᠤᠰ ᠤᠨ ᠵᠡᠭᠦᠨ ᠭᠤᠪᠢ᠂ ᠡᠮᠦᠨᠡᠭᠤᠪᠢ ᠠᠶᠢᠮᠠᠭ  ᠲᠤ ᠭᠡᠰᠡᠨ ᠬᠡᠦᠷᠡᠰᠦ᠂ ᠲᠡᠮᠦᠷ ᠤᠨ ᠠᠭᠤᠷᠬᠠᠢ᠂ ᠵᠡᠰ ᠤᠨ ᠠᠭᠤᠷᠬᠠᠢ ᠵᠡᠷᠭᠡ ᠡᠯᠪᠡᠭ ᠪᠠᠶᠠᠯᠢᠭ ᠡᠬᠢ ᠪᠠᠶᠠᠯᠢᠭ ᠪᠠᠶᠢᠨ᠎ᠠ᠃      2014 ᠤᠨ ᠳᠤ ᠪᠠᠶᠢᠭᠤᠯᠤᠭᠳᠠᠭᠰᠠᠨ 600 ᠲᠦᠮᠡᠨ ᠲᠤᠨ ᠢᠰᠦᠯᠳᠦᠭᠰᠡᠨ ᠠᠭᠤᠷᠬᠠᠢ ᠶᠢᠨ ᠬᠦᠳᠡᠷ ᠰᠢᠯᠢᠬᠦ ᠲᠥᠷᠥᠯ ᠵᠥᠢᠯ ᠨᠢ ᠵᠢᠯ ᠳᠤ 200 ᠲᠦᠮᠡᠨ ᠲᠤᠨ ᠲᠡᠮᠦᠷ ᠤᠨ ᠨᠠᠷᠢᠯᠢᠭ ᠨᠤᠨᠲᠠᠭ᠂ 42.3 ᠲᠦᠮᠡᠨ ᠲᠤᠨ ᠬᠤᠪᠤᠷ ᠰᠢᠷᠤᠢ ᠶᠢᠨ ᠨᠠᠷᠢᠨ ᠨᠤᠨᠳᠠᠭ᠂ 40.7 ᠲᠦᠮᠡᠨ ᠲᠤᠨ ᠬᠠᠶᠢᠯᠤᠭᠤᠷ ᠵᠣᠩᠰᠢ ᠶᠢᠨ ᠨᠠᠷᠢᠨ ᠬᠦᠳᠡᠷ᠂ 5.7 ᠲᠦᠮᠡᠨ ᠲᠤᠨ ᠰᠡᠶᠢᠮᠡᠬᠡᠢ ᠨᠠᠷᠢᠯᠢᠭ ᠬᠦᠳᠡᠷ᠂ 172 ᠲᠦᠮᠡᠨ ᠲᠤᠨ ᠰᠺᠠᠨᠳ᠋ ᠡᠯᠪᠡᠭ ᠪᠠᠶᠠᠯᠢᠭ ᠡᠳ᠋ ᠦᠢᠯᠡᠳᠪᠦᠷᠢᠯᠡᠵᠡᠢ᠃ ᠬᠤᠪᠣᠷ ᠰᠢᠷᠤᠢ ᠶᠢᠨ ᠠᠩᠬᠠᠨ ᠤ ᠪᠦᠲᠦᠭᠡᠭᠳᠡᠬᠦᠨ ᠢ ᠪᠣᠯᠪᠠᠰᠤᠷᠠᠭᠤᠯᠬᠤ ᠳᠤ ᠹᠯᠣᠷᠲᠤ ᠴᠠᠬᠢᠭᠤᠷ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ  ᠨᠢ ᠬᠦᠭᠵᠢᠭᠦᠯᠦᠯᠳᠡ ᠰᠠᠭᠤᠷᠢ ᠲᠠᠯᠪᠢᠵᠠᠢ᠃ ᠪᠣᠭᠤᠮᠲᠠ ᠪᠠ ᠡᠬᠢ ᠪᠠᠶᠠᠯᠢᠭ ᠤᠨ ᠳᠠᠪᠠᠭᠤᠯᠢᠭ ᠵᠢᠴᠢ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠲᠦᠰᠢᠭᠯᠡᠨ᠂ ᠲᠣᠭᠤᠷᠢᠭ ᠤᠨ ᠣᠳᠣᠬᠠᠨ ᠳᠤ ᠲᠥᠯᠥᠪᠵᠢᠭᠦᠯᠦᠨ ᠠᠬᠢᠭᠤᠯᠤᠭᠰᠠᠨ ᠭᠤᠤᠯᠳᠠᠯᠭ᠎ᠠ ᠲᠠᠢ ᠲᠥᠷᠥᠯ ᠵᠦᠢᠯ ᠪᠣᠯ᠂ ᠪᠤᠭᠤᠲᠤ ᠶᠢᠨ ᠬᠤᠶᠢᠲᠤ ᠬᠡᠰᠡᠭ ᠤᠨ ᠮᠢᠩᠭᠠᠨ ᠲᠦᠮᠡᠨ ᠺᠢᠯᠣᠸᠠᠲ ᠤᠨ ᠲᠠᠰ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ᠂ ᠹᠯᠣᠷ ᠴᠠᠬᠢᠭᠤᠷ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ᠂ ᠪᠠᠯ ᠴᠢᠯᠠᠭᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠵᠢᠴᠢ ᠮᠠᠨᠳᠤᠯ ᠪᠣᠭᠤᠮᠲᠠ ᠶᠢᠨ ᠣᠯᠠᠨ ᠤᠯᠤᠰ ᠤᠨ ᠲᠡᠮᠦᠷ ᠵᠠᠮ ᠤᠨ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠪᠣᠯᠤᠨ᠎ᠠ᠃      2014 ᠣᠨ ᠳᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ  112 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠶᠢᠯᠢ ᠲᠠᠲᠠᠪᠤᠷᠢ ᠶᠢ 6.5 ᠳ᠋ᠦᠩᠰᠢᠭᠤᠷ ᠲᠥᠭᠦᠷᠢᠭ ᠪᠡᠶᠡᠯᠡᠭᠦᠯᠵᠦ︔ ᠭᠤᠤᠯ ᠪᠣᠯᠬᠤ ᠦᠢᠯᠡᠳᠬᠦᠨ ᠲᠡᠮᠦᠷ ᠤᠨ ᠨᠠᠷᠢᠨ ᠨᠤᠨᠲᠠᠭ ᠭᠠᠷᠤᠯᠲᠠ ᠶᠢ 437 ᠲᠦᠮᠡᠨ ᠲᠣᠨ᠂ ᠴᠣᠬᠤᠶ 20 ᠲᠦᠮᠡᠨ ᠲᠣᠨ ᠪᠡᠶᠡᠯᠡᠭᠦᠯᠦᠪᠡ᠃ 2015 ᠣᠨ ᠤ 1 - 4 ᠰᠠᠷ᠎ᠠ ᠳᠤ᠂ ᠲᠣᠭᠤᠷᠢᠭ ᠨᠢ ᠨᠡᠶᠢᠲᠡ 122 ᠲᠦᠮᠡᠨ ᠲᠣᠨ ᠲᠡᠮᠦᠷ ᠤᠨ ᠨᠠᠷᠢᠯᠢᠭ ᠨᠤᠨᠲᠠᠭ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 16% ᠪᠠᠷ ᠪᠠᠭᠤᠷᠠᠪᠠ︔ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39% ᠪᠠᠷ ᠪᠠᠭᠤᠷᠠᠪᠠ᠃ ︵ᠳᠡᠭᠡᠭᠰᠢ ᠬᠤᠲᠠ ᠶᠢᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠬᠦᠨ ᠤ ᠥᠷᠲᠡᠭ ᠨᠢ 42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27 % ᠪᠠᠷ ᠨᠡᠮᠡᠭᠳᠡᠪᠡ᠃︶      ᠬᠠᠷᠢᠯᠴᠠᠬᠤ ᠬᠠᠶ᠋ᠢᠭ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ︵ᠤᠤᠯ ᠤᠨ ᠠᠵᠢᠯᠳᠠᠨ ᠤ ᠶᠠᠪᠤᠳᠠᠯ ᠤᠨ ᠲᠣᠪᠴᠢᠶ᠎ᠠ ᠶᠢᠨ ᠭᠤᠷᠪᠠᠳᠤᠭᠠᠷ ᠲᠠᠪᠬᠤᠷ︶      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 14᠄ 30-17᠄ 30 ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠦᠭᠡᠢ᠃      ᠬᠠᠷᠢᠭᠤᠴᠠᠯᠭᠠᠲᠠᠨ᠄ ᠰᠦᠨ ᠿᠢ ᠴᠢᠩ      ᠬᠠᠷᠢᠯᠴᠠᠬᠤ ᠤᠲᠠᠰᠤ᠄ 0472 - 8422971 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号