10 ᠰᠠᠷ᠎ᠠ ᠶᠢᠨ 21 ᠤ ᠡᠳᠦᠷ᠂ ᠱᠠᠨᠰᠢ ᠶᠢᠨ ᠰᠢ ᠠᠨ ᠬᠤᠲᠠ ᠶᠢᠨ ᠬᠤ᠋ ᠢ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠴᠠᠭᠳᠠᠭᠠᠨ ᠤ ᠪᠠᠶᠢᠳᠠᠯ ᠤᠨ ᠮᠡᠳᠡᠭᠡᠯᠡᠯ ᠨᠡᠶᠢᠲᠡᠯᠡᠵᠦ᠂ | 19 ᠤ ᠡᠳᠦᠷ ᠤᠨ 17 ᠴᠠᠭ 28 ᠮᠢᠨᠦ᠋ᠲ ᠲᠤ᠂ ᠣᠯᠠᠨ ᠲᠦᠮᠡᠨ ᠤ ᠴᠠᠭᠳᠠᠭ᠎ᠠ ᠳᠤ ᠮᠡᠳᠡᠭᠦᠯᠵᠦ ᠲᠤᠰᠠᠯᠠᠮᠵᠢ | ᠭᠤᠶᠤᠭᠰᠠᠨ ᠤᠲᠠᠰᠤ ᠶᠢ ᠲᠤᠰᠴᠤ᠂ 4 ᠬᠥᠮᠥᠨ ᠴᠢᠨᠯᠢᠩ ᠳᠠᠪᠠᠭ᠎ᠠ ᠶᠢᠨ ᠪᠢᠩ ᠵᠢᠩ ᠳ᠋ᠢᠩ ᠣᠷᠭᠢᠯ ᠳᠤ | ᠬᠠᠰᠢᠭᠳᠠᠯᠠ ᠭᠡᠵᠡᠢ᠃ ᠪᠦᠬᠦ ᠬᠦᠴᠦᠨ ᠢᠶᠠᠷ ᠢᠶᠠᠨ ᠡᠷᠢᠵᠦ ᠠᠪᠤᠷᠠᠭᠰᠠᠨ ᠤ ᠳ᠋ᠦᠩ ᠳᠤ ᠬᠠᠰᠢᠭᠳᠠᠭᠰᠠᠨ 2 ᠬᠥᠮᠥᠨ | ᠨᠢ ᠠᠮᠤᠷ ᠲᠦᠪᠰᠢᠨ ᠢᠶᠠᠷ ᠠᠭᠤᠯᠠᠨ ᠠᠴᠠ ᠪᠠᠭᠤᠵᠤ᠂ ᠨᠥᠭᠦᠭᠡ 2 ᠬᠥᠮᠥᠨ ᠢ ᠣᠯᠵᠤ ᠮᠡᠳᠡᠬᠦ ᠦᠶ᠎ᠡ ᠳᠤ | ᠤᠰᠤᠭᠤᠭᠰᠠᠨ ᠠᠴᠠ ᠪᠣᠯᠵᠤ ᠨᠢᠭᠡᠨᠲᠡ ᠠᠮᠢ ᠨᠠᠰᠤᠨ ᠤ ᠪᠡᠶ᠎ᠡ ᠶᠢᠨ ᠢᠯᠡᠷᠡᠯ ᠦᠭᠡᠢ ᠪᠣᠯᠵᠠᠢ᠃ | ᠠᠪᠤᠷᠠᠨ ᠲᠤᠰᠠᠯᠠᠬᠤ ᠠᠵᠢᠯᠲᠠᠨ ᠤ ᠬᠡᠯᠡᠬᠦ ᠪᠠᠷ᠂ ︽ᠲᠡᠳᠡ ᠦᠵᠡᠮᠵᠢ ᠶᠢᠨ ᠣᠷᠣᠨ ᠠᠴᠠ ᠢᠷᠡᠭᠰᠡᠨ ᠪᠢᠰᠢ᠂ | ᠬᠠᠷᠢᠨ ᠬᠡᠭᠡᠷ᠎ᠡ ᠶᠢᠨ ᠵᠠᠮ ᠢᠶᠠᠷ ᠪᠢᠩ ᠵᠢᠩ ᠳ᠋ᠢᠩ ᠣᠷᠭᠢᠯ ᠳᠤ ᠭᠠᠷᠴᠤ᠂ ᠳᠠᠷᠠᠭ᠎ᠠ ᠡᠳᠦᠷ ᠤᠨ ᠥᠷᠯᠥᠭᠡ ᠶᠢᠨ | ᠡᠭᠦᠯᠡᠨ ᠳᠠᠯᠠᠶ ᠶᠢ ᠰᠣᠨᠢᠷᠬᠠᠬᠤ ᠭᠡᠵᠡᠢ᠂ ᠲᠡᠳᠡᠨ ᠳᠤ ᠦᠨᠳᠦᠰᠦᠨ ᠲᠥᠬᠦᠭᠡᠷᠦᠮᠵᠢ ᠲᠠᠢ᠂ ᠭᠡᠪᠡᠴᠦ ᠭᠡᠨᠡᠳᠲᠡ | ᠲᠡᠭᠷᠢ ᠬᠤᠪᠢᠷᠠᠬᠤ ᠶᠢ ᠰᠠᠨᠠᠵᠤ ᠣᠯᠣᠭᠰᠠᠨ ᠦᠭᠡᠢ︾ ᠭᠡᠵᠡᠢ᠃ ᠨᠠᠰᠤ ᠨᠥᠭᠴᠢᠭᠰᠡᠨ ᠬᠥᠮᠥᠨ ᠤ ᠲᠥᠷᠥᠯ | ᠰᠠᠳᠤᠨ ᠤ ᠬᠡᠯᠡᠬᠦ ᠪᠠᠷ᠂ ᠠᠳᠡᠭᠰᠡᠨ ᠬᠤᠶᠠᠷ ᠬᠥᠮᠥᠨ ᠴᠥᠮ ᠬᠤᠷᠢ ᠭᠠᠷᠤᠢ ᠨᠠᠰᠤᠲᠠᠢ᠂ ᠣᠳᠣᠬᠠᠨ ᠳᠤ ᠨᠢᠭᠡᠨᠲᠡ | ᠨᠤᠲᠤᠭ ᠲᠤ ᠪᠠᠨ ᠠᠪᠠᠴᠢᠵᠤ ᠣᠷᠣᠰᠢᠭᠤᠯᠵᠠᠢ ᠭᠡᠯᠡ᠃ | ᠬᠤ᠋ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠥᠷᠭᠡᠨ | ᠣᠯᠠᠨ ᠢᠷᠭᠡᠳ ᠲᠤ᠂ ᠠᠭᠤᠯᠠᠷᠬᠠᠭ ᠣᠷᠣᠨ ᠤ ᠠᠭᠤᠷ ᠠᠮᠢᠰᠬᠤᠯ ᠬᠤᠪᠢᠷᠠᠯᠲᠠ ᠶᠡᠬᠡᠲᠡᠢ᠂ ᠭᠠᠵᠠᠷ ᠤᠨ ᠪᠠᠶᠢᠴᠠ | ᠪᠤᠳᠤᠯᠢᠶᠠᠨᠲᠠᠢ᠂ ᠮᠠᠰᠢ ᠣᠯᠠᠨ ᠤᠷᠢᠳᠴᠢᠯᠠᠨ ᠮᠡᠳᠡᠰᠢ ᠦᠭᠡᠢ ᠠᠶᠤᠯ ᠲᠦᠭᠰᠢᠭᠦᠷᠢ ᠣᠷᠣᠰᠢᠵᠤ ᠪᠠᠶᠢᠨ᠎ᠠ᠂ ᠪᠢᠩ | ᠵᠢᠩ ᠳ᠋ᠢᠩ ᠣᠷᠭᠢᠯ ᠵᠡᠷᠭᠡ ᠭᠠᠵᠠᠷ ᠤᠨ ᠪᠠᠶᠢᠴᠠ ᠪᠤᠳᠤᠯᠢᠶᠠᠨᠲᠠᠢ ᠣᠷᠣᠨ ᠳᠤ ᠪᠢᠲᠡᠭᠡᠢ ᠳᠤᠷ᠎ᠠ ᠪᠠᠷ ᠢᠶᠠᠨ ᠣᠷᠣᠵᠤ | ᠠᠵᠢᠯᠯᠠᠭ᠎ᠠ ᠬᠢᠭᠡᠷᠡᠢ ᠭᠡᠵᠦ ᠳᠠᠬᠢᠨᠲᠠ ᠰᠠᠨᠠᠭᠤᠯᠪᠠ᠃ |