ᠣᠶᠢᠷ᠎ᠠ ᠳᠤ᠂ XEC ᠭᠡᠰᠡᠨ ᠨᠡᠷ᠎ᠡ ᠲᠠᠢ ᠨᠢᠭᠡ ᠵᠦᠢᠯ ᠤᠨ ᠰᠢᠨ᠎ᠡ ᠣᠨᠳᠣᠣᠰᠢᠯ ᠸᠢᠷᠦ᠋ᠰ ᠣᠯᠠᠨ | ᠤᠯᠤᠰ ᠲᠤ ᠦᠳᠲᠡᠷ ᠲᠦᠷᠭᠡᠨ ᠲᠠᠷᠬᠠᠭᠠᠵᠤ ᠡᠬᠢᠯᠡᠵᠡᠢ᠂ ᠲᠣᠰ ᠣᠨᠳᠣᠣᠰᠢᠯ ᠸᠢᠷᠦ᠋ᠰ ᠢ 2024 ᠣᠨ ᠤ 6 | ᠰᠠᠷ᠎ᠠ ᠳᠤ ᠠᠩᠬ᠎ᠠ ᠤᠳᠠᠭ᠎ᠠ ᠭᠧᠷᠮᠠᠨ ᠤ ᠪᠧᠷᠯᠢᠨ ᠠᠴᠠ ᠢᠯᠡᠷᠡᠭᠦᠯᠵᠦ᠂ ᠳᠠᠷᠠᠭ᠎ᠠ ᠪᠠᠷ ᠨᠢ ᠳ᠋ᠧᠨ᠋ᠮᠠᠷᠺ᠂ ᠬᠤᠯᠠᠨᠳ᠋᠂ | ᠫᠤᠯᠠᠨᠳ᠋᠂ ᠠᠮᠧᠷᠢᠺᠠ᠂ ᠺᠠᠨᠠᠳᠠ ᠵᠡᠷᠭᠡ ᠶᠢ ᠪᠠᠭᠲᠠᠭᠠᠭᠰᠠᠨ 29 ᠤᠯᠤᠰ ᠲᠤ ᠮᠠᠰᠢ ᠲᠦᠷᠭᠡᠨ ᠢᠶᠠᠷ ᠲᠠᠷᠬᠠᠭᠰᠠᠰᠨ | ᠪᠠᠶᠢᠨ᠎ᠠ᠃ ᠬᠤᠯᠪᠣᠭᠳᠠᠯ ᠪᠦᠬᠦᠢ ᠰᠤᠳᠤᠯᠭᠠᠨ ᠢᠯᠡᠷᠬᠡᠶᠢᠯᠡᠭᠰᠡᠨ ᠢᠶᠠᠷ᠂ XEC ᠶᠢᠨ ᠣᠨᠳᠣᠣᠰᠢᠯ ᠸᠢᠷᠦ᠋ᠰ ᠤᠨ | ᠬᠠᠯᠳᠠᠪᠤᠷᠢᠯᠠᠬᠤ ᠴᠢᠨᠠᠷ ᠴᠢᠩᠭ᠎ᠠ᠂ ᠲᠡᠭᠦᠨ ᠤ ᠡᠪᠡᠳᠴᠢᠨ ᠤ ᠢᠯᠡᠷᠡᠯ ᠨᠢ ᠤᠤᠯ ᠤᠨᠣᠨᠳᠣᠣᠰᠢᠯ ᠸᠢᠷᠦ᠋ᠰ ᠲᠠᠢ | ᠠᠳᠠᠯᠢᠪᠲᠤᠷ ᠪᠠᠶᠢᠵᠤ᠂ ᠭᠤᠣᠯᠳᠠᠭᠤ ᠶᠡᠭᠡ ᠬᠠᠯᠠᠭᠤᠷᠠᠬᠤ᠂ ᠬᠠᠨᠢᠶᠠᠬᠤ᠂ ᠬᠤᠭᠤᠯᠠᠢ ᠡᠪᠡᠳᠬᠦ᠂ ᠪᠡᠶ᠎ᠡ ᠡᠪᠡᠳᠬᠦ ᠪᠠ | ᠶᠠᠳᠠᠷᠠᠬᠤ ᠵᠡᠷᠭᠡ ᠢᠯᠡᠷᠡᠯ ᠲᠠᠢ᠂ ᠣᠲᠣ ᠶᠢᠨ ᠪᠠᠶᠢᠭ᠎ᠠ ᠰᠢᠨ᠎ᠡ ᠲᠢᠲᠢᠮ ᠤᠨ ᠸᠠᠺᠼᠢᠨ ᠨᠢ XEC | ᠵᠢᠨᠣᠨᠳᠣᠣᠰᠢᠯ ᠸᠢᠷᠦ᠋ᠰ ᠲᠤ ᠮᠥᠨ ᠬᠦ ᠨᠡᠯᠢᠶᠡᠳ ᠶᠡᠭᠡ ᠬᠠᠮᠠᠭᠠᠯᠠᠬᠤ ᠦᠢᠯᠡᠳᠦᠯ ᠲᠠᠢ ᠪᠠᠶᠢᠨ᠎ᠠ᠃ | ᠤᠳᠤᠬᠠᠨ ᠳᠤ ᠪᠦᠬᠦ ᠪᠥᠮᠪᠥᠷᠴᠡᠭ ᠤᠨ ᠬᠡᠪᠴᠢᠶᠡᠨ ᠳᠠᠬᠢ ᠰᠢᠨ᠎ᠡ ᠲᠢᠲᠢᠮ ᠤᠨ ᠸᠢᠷᠦ᠋ᠰ ᠤᠨ | ᠬᠠᠯᠳᠠᠪᠤᠷᠢᠯᠠᠯ ᠳᠤ ᠮᠥᠨ ᠬᠦ ᠤᠮᠢᠺᠷᠤᠨ ᠤ ᠣᠨᠳᠣᠣᠰᠢᠭᠰᠠᠨ ᠸᠢᠷᠦ᠋ᠰ ︵KP.3.1.1 ᠰᠢᠰᠲ᠋ᠧᠮ ᠭᠤᠤᠯᠯᠠᠵᠦ | ᠪᠠᠶᠢᠨ᠎ᠠ︶ ᠪᠠᠷ ᠳᠠᠪᠠᠭᠤᠯᠢᠭ ᠪᠠᠶᠢᠷᠢᠨ ᠳᠤ ᠳᠡᠯᠭᠡᠷᠡᠵᠤ ᠪᠤᠢ︔ ᠮᠠᠨ ᠤ ᠤᠯᠤᠰ ᠲᠤ ᠭᠤᠣᠯᠳᠠᠭᠤ ᠤᠮᠢᠺᠷᠤᠨ ᠤ | ᠣᠨᠳᠣᠣᠰᠢᠭᠰᠠᠨ ᠸᠢᠷᠦ᠋ᠰ ᠤᠨ JN.1 ᠰᠢᠷᠢᠰ ᠪᠠ XDV ᠰᠢᠷᠢᠰ ᠳᠡᠯᠭᠡᠷᠡᠵᠦ ᠪᠠᠶᠢᠨ᠎ᠠ᠃ ᠡᠨᠡ ᠬᠦ ᠰᠢᠷᠢᠰ ᠨᠢ | ᠭᠤᠣᠯᠳᠠᠭᠤ ᠤᠮᠢᠺᠷᠤᠨ ᠤ ᠣᠨᠳᠣᠣᠰᠢᠭᠰᠠᠨ ᠸᠢᠷᠦ᠋ᠰ ᠤᠨ JN.1 ᠰᠢᠷᠢᠰ ᠪᠠ XDV ᠰᠢᠷᠢᠰ ᠪᠣᠯᠣᠨ᠎ᠠ᠃ | ᠠᠭᠠᠷ ᠤᠨ ᠳᠤᠯᠠᠭᠠᠨ ᠤ ᠠᠭᠠᠵᠢᠮ ᠢᠶᠠᠷ ᠳᠣᠷᠣᠭᠰᠢᠯᠠᠬᠤ ᠵᠢᠴᠢ ᠰᠢᠨ᠎ᠡ ᠲᠢᠲᠢᠮ ᠤᠨ ᠸᠢᠷᠦ᠋ᠰ ᠤᠨ | ᠬᠠᠯᠳᠠᠪᠤᠷᠢᠯᠠᠯ ᠤᠨ ᠦᠶᠡᠯᠡᠯ ᠤᠨ ᠴᠢᠨᠠᠷᠲᠠᠢ ᠬᠤᠪᠢᠷᠠᠯᠲᠠ ᠶᠢ ᠳᠠᠭᠠᠯᠳᠤᠨ᠂ ᠬᠠᠯᠳᠠᠪᠤᠷᠢᠯᠠᠬᠤ ᠲᠦᠭᠰᠢᠭᠦᠷᠢ ᠴᠦ | ᠠᠭᠠᠵᠢᠮ ᠢᠶᠠᠷ ᠨᠡᠮᠡᠭᠳᠡᠬᠦ ᠪᠣᠯᠣᠨ᠎ᠠ᠂ ᠬᠤᠨᠠᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠰᠠᠯᠠᠭ᠎ᠠ ᠮᠦᠴᠢᠷ | ᠠᠴᠠ ᠥᠷᠭᠡᠨ ᠣᠯᠠᠨ ᠬᠤᠲᠠ ᠶᠢᠨ ᠠᠷᠠᠳ ᠲᠤ ᠬᠤᠪᠢ ᠬᠥᠮᠥᠨ ᠤ ᠰᠡᠷᠭᠡᠶᠢᠯᠡᠯᠲᠡ ᠶᠢ ᠰᠠᠶᠢᠲᠤᠷ ᠬᠢᠬᠦ ᠶᠢ | ᠠᠩᠬᠠᠷᠴᠤ᠂ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ | |