ᠡᠮᠨᠡᠯᠭᠡ ᠶᠢᠨ ᠬᠤᠷᠢᠶᠠᠨ ᠤ ᠪᠠᠶᠢᠴᠠᠭᠠᠯᠲᠠ ᠶᠢᠨ ᠳ᠋ᠦᠩ ᠢ ᠪᠥᠬᠦ ᠤᠯᠤᠰ ᠢᠶᠠᠷ ᠢᠶᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠤᠬᠠᠢ‌‍ᠰᠦ᠋ᠯᠵᠢᠶᠡᠨ ᠨᠠᠶᠢᠵᠠ ᠨᠠᠷ ᠤᠨ ᠰᠠᠨᠠᠭᠤᠯᠭ᠎ᠠ ᠶᠢ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2024/11/12
      ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠤ ᠮᠡᠳᠡᠭᠡ ᠪᠠᠷ ᠂ ᠰᠦᠯᠵᠢᠶᠡᠨ ᠨᠠᠶᠢᠵᠠ ᠨᠠᠷ ᠤᠨ ᠳᠤᠷᠠᠳᠤᠭᠰᠠᠨ ︽ ᠡᠮᠨᠡᠯᠭᠡ ᠶᠢᠨ ᠬᠤᠷᠢᠶᠠᠨ ‍ᠤ‌‍ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠦᠭᠡᠢ ᠪᠠᠶᠢᠬᠤ ︾ ᠵᠡᠷᠭᠡ ᠠᠰᠠᠭᠤᠳᠠᠯ ᠳᠤ ᠴᠢᠭᠯᠡᠭᠦᠯᠦᠨ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ‌ᠮᠡᠨᠳᠦ ᠶᠢᠨ ᠵᠥᠪᠯᠡᠯ ᠤᠨ ᠲᠥᠯᠥᠪᠵᠢᠭᠦᠯᠦᠨ ᠬᠥᠭᠵᠢᠭᠦᠯᠬᠦ ᠪᠠ ᠮᠡᠳᠡᠭᠡ ᠵᠠᠩᠭᠢᠵᠢᠯᠲᠠ ᠶᠢᠨ ᠵᠤᠷᠭᠠᠨ ᠤ ᠬᠠᠷᠢᠭᠤᠯᠲᠠ᠄ ︽ ︿ᠡᠷᠡᠭᠦᠯ ᠡᠩᠬᠡ ᠳᠤᠮᠳᠠᠳᠤ ᠤᠯᠤᠰ2030﹀ ᠲᠥᠯᠦᠪᠵᠢᠭᠦᠯᠭᠡ ᠶᠢᠨ ᠬᠥᠲᠥᠯᠪᠦᠷᠢ ︾ ︽ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ‌ᠵᠠᠩᠭᠢᠵᠢᠯᠲᠠ ᠶᠢᠨ ᠲᠥᠯᠦᠪᠵᠢᠭᠦᠯᠭᠡ ︾ ︽ ᠪᠥᠬᠦ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠪᠠᠨ ᠬᠠᠷᠢᠯᠴᠠᠨ‌ᠨᠡᠪᠲᠡᠷᠡᠯᠴᠡᠵᠦ ᠬᠠᠮᠲᠤᠪᠠᠷ ᠡᠳ᠋ᠯᠡᠬᠦ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵2023 ︱ 2025 ᠣᠨ︶ ︾ ᠵᠡᠷᠭᠡ ᠬᠠᠮᠢᠶ᠎ᠠ‌‍ᠪᠦ᠋ᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠦᠬᠦ ᠤᠯᠤᠰ ᠤᠨ ᠡᠮ ᠡᠮᠨᠡᠯᠭᠡ‌ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠵᠦ ᠂ ᠬᠠᠮᠲᠤᠪᠠᠷ ᠡᠳ᠋ᠯᠡᠬᠦ ᠶᠢ ᠦᠷᠭᠦᠯᠵᠢᠯᠡᠨ ᠠᠬᠢᠭᠤᠯᠵᠤ ᠂ ᠣᠷᠣᠨ‌‍ᠪᠦ᠋ᠰᠡ ᠶᠢᠨ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠂ ᠡᠯᠧᠺᠲᠷᠣᠨ ᠡᠷᠡᠭᠦᠯ‌ᠮᠡᠨᠳᠦ ᠶᠢᠨ ᠺᠠᠷᠲ ᠪᠣᠯᠣᠨ ᠪᠤᠰᠤᠳ ᠺᠠᠷᠲ ᠤᠨ ᠺᠣᠳ᠋ ᠢ ᠬᠠᠮᠵᠢᠯᠴᠠᠨ ᠬᠡᠷᠡᠭᠯᠡᠬᠦ ᠶᠢ ᠳᠡᠯᠭᠡᠷᠡᠭᠦᠯᠵᠦ ᠂ ᠴᠤᠷ ᠤᠨ ᠭᠠᠭᠴᠠ ᠭᠤᠣᠯ ᠬᠡᠯᠬᠢᠶᠡᠰᠦ ᠶᠢ ᠪᠠᠶᠢᠭᠤᠯᠵᠤ ᠂ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠨᠡᠪᠲᠡᠷᠡᠭᠦᠯᠵᠦ ᠬᠠᠮᠲᠤᠪᠠᠷ ᠡᠳ᠋ᠯᠡᠬᠦ ᠂ ᠡᠯᠧᠺᠲᠷᠣᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠵᠢᠷᠤᠮᠵᠢᠭᠤᠯᠤᠨ‌‍ᠪᠠᠶᠢᠴᠠᠭᠠᠨ ᠯᠠᠪᠯᠠᠬᠤ ᠶᠢ ᠠᠬᠢᠭᠤᠯᠵᠤ ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ ᠭᠡᠵᠡᠢ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号