ᠳᠤᠮᠳᠠᠳᠤ ᠤᠯᠤᠰ ᠤᠨ ᠰᠢᠮ᠎ᠡ ᠲᠡᠵᠢᠭᠡᠯ ᠤᠨ ᠨᠡᠶᠢᠭᠡᠮᠯᠢᠭ ᠠᠴᠠ ᠵᠢᠭᠠᠨ ᠵᠢᠯᠣᠭᠤᠳᠴᠤ᠂ ᠰᠢᠨᠬᠤᠸᠠ | ᠰᠦᠯᠵᠢᠶ᠎ᠡ ᠠᠴᠠ ᠭᠤᠤᠯᠯᠠᠨ ᠡᠷᠭᠢᠯᠡᠵᠦ᠂ ᠲᠠᠩ ᠴᠧᠨ ᠪᠸᠢ ᠵᠢᠶᠠᠨ ᠺᠤᠮᠫᠠᠨᠢ ᠶᠢᠨ ᠬᠠᠮᠵᠢᠨ ᠡᠷᠭᠢᠯᠡᠭᠰᠡᠨ | ᠭᠤᠷᠪᠠᠳᠤᠭᠠᠷ ᠬᠤᠭᠤᠴᠠᠭᠠᠨ ᠤ ︽518 ᠳᠤᠮᠳᠠᠳᠤ ᠤᠯᠤᠰ ᠤᠨ ᠰᠢᠮ᠎ᠡ ᠲᠡᠵᠢᠭᠡᠯ ᠤᠨ ᠪᠠᠶᠠᠷ︾ ᠲᠡᠭᠡᠷ᠎ᠡ᠂ ︽9 | ᠶᠡᠭᠡ ᠵᠠᠩᠭᠢᠯᠠᠭ᠎ᠠ ᠶᠢᠨ ᠰᠢᠮ᠎ᠡ ᠲᠡᠵᠢᠭᠡᠯᠲᠦ ᠡᠳ᠋ ᠢ ᠨᠠᠷᠢᠯᠢᠭ ᠣᠨᠣᠪᠴᠢᠲᠠᠶ ᠪᠠᠷ ᠢᠳᠡᠵᠦ᠂ ᠲᠠᠷᠬᠠᠯᠭ᠎ᠠ ᠪᠠᠨ | ᠰᠢᠨᠵᠢᠯᠡᠬᠦ ᠤᠬᠠᠭᠠᠨᠴᠢ ᠪᠠᠷ ᠰᠠᠶᠢᠵᠢᠷᠠᠭᠤᠯᠬᠤ︾ ᠰᠢᠨᠵᠢᠯᠡᠬᠦ ᠤᠬᠠᠭᠠᠨᠴᠢ ᠰᠢᠮ᠎ᠡ ᠲᠡᠵᠢᠭᠡᠯᠲᠦ ᠡᠳ᠋ ᠤᠨ ᠲᠤᠬᠠᠢ | ᠰᠠᠨᠠᠭᠠᠴᠢᠯᠠᠭ᠎ᠠ ᠶᠢ ᠳᠤᠷᠠᠳᠤᠨ ᠭᠠᠷᠭᠠᠵᠤ᠂ ᠴᠢᠨᠠᠷ ᠰᠠᠶᠢᠲᠠᠶ ᠤᠭᠤᠷᠠᠭ᠂ ᠸᠢᠲ᠋ᠠᠮᠢᠨ ︵A᠂ C᠂ D᠂ E᠂ B | 6︶ ᠵᠢᠴᠢ ᠴᠠᠶᠢᠷ᠂ ᠲᠡᠮᠦᠷ᠂ ᠰᠧᠯᠧᠨ ᠵᠡᠷᠭᠡ 9 ᠶᠡᠭᠡ ᠵᠠᠩᠭᠢᠯᠠᠭ᠎ᠠ ᠶᠢᠨ ᠰᠢᠮ᠎ᠡ ᠲᠡᠵᠢᠭᠡᠯᠲᠦ ᠡᠳ᠋ ᠢ | ᠬᠤᠷᠢᠶᠠᠩᠭᠤᠶᠢᠯᠠᠨ ᠭᠠᠷᠭᠠᠭᠰᠠᠨ ᠤ ᠬᠠᠮᠳᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠭ ᠶᠣᠰᠣ ᠶᠢ ᠨᠠᠷᠢᠨ | ᠲᠣᠳᠣᠷᠬᠠᠶ ᠳᠤᠷᠠᠳᠴᠤ᠂ ᠰᠢᠮ᠎ᠡ ᠲᠡᠵᠢᠭᠡᠯᠲᠦ ᠡᠳ᠋ ᠤᠨ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠶᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ | ᠪᠤᠳᠠᠳᠠᠢ ᠭᠡᠷᠡᠭᠯᠡᠬᠦ ᠲᠠᠯ᠎ᠠ ᠪᠠᠷ᠂ ᠲᠤᠰᠬᠠᠶ ᠮᠡᠷᠭᠡᠵᠢᠯᠲᠡᠨ ᠠᠴᠠ ᠰᠠᠨᠠᠭᠤᠯᠬᠤ ᠳᠠᠭᠠᠨ᠂ ᠢᠳᠡᠭᠡᠨ ᠢ ᠣᠯᠠᠨ | ᠶᠠᠩᠵᠤ ᠶᠢᠨ ᠪᠠᠶᠢᠯᠭᠠᠬᠤ ᠶᠢᠨ ᠰᠠᠭᠤᠷᠢᠨ ᠳᠡᠭᠡᠷ᠎ᠡ᠂ 9 ᠶᠡᠭᠡ ᠵᠠᠩᠭᠢᠯᠠᠭ᠎ᠠ ᠶᠢᠨ ᠰᠢᠮ᠎ᠡ ᠲᠡᠵᠢᠭᠡᠯᠲᠦ ᠡᠳ᠋ ᠢ | ᠭᠤᠤᠯᠳᠠᠯᠭ᠎ᠠ ᠲᠠᠢ ᠠᠩᠬᠠᠷᠤᠨ ᠴᠢᠬᠤᠯᠠᠴᠢᠯᠠᠬᠤ ᠶᠢᠨ ᠬᠠᠮᠲᠤ ᠠᠳᠠᠯᠢ ᠪᠤᠰᠤ ᠬᠥᠮᠦᠰ ᠤᠨ ᠰᠢᠮ᠎ᠡ ᠲᠡᠵᠢᠭᠡᠯ ᠤᠨ | ᠪᠠᠶᠢᠳᠠᠯ ᠢ ᠦᠨᠳᠦᠰᠦᠯᠡᠨ ᠵᠣᠬᠢᠰᠲᠠᠶ ᠲᠣᠬᠢᠷᠠᠭᠤᠯᠵᠤ᠂ ᠣᠨᠣᠪᠴᠢᠲᠠᠶ ᠪᠠᠷ ᠢᠳᠡᠬᠦ ᠬᠡᠷᠡᠭᠲᠡᠶ᠃ ᠵᠢᠱᠢᠶᠡᠯᠡᠪᠡᠯ ᠠᠳᠠᠯᠢ | ᠪᠤᠰᠤ ᠨᠠᠰᠤ᠂ ᠬᠦᠢᠰᠦ᠂ ᠠᠳᠠᠯᠢ ᠪᠤᠰᠤ ᠪᠡᠶ᠎ᠡ ᠶᠢᠨ ᠬᠦᠨᠳᠦ ᠲᠠᠢ ᠬᠥᠮᠦᠰ ᠤᠨ ᠡᠳᠦᠷ ᠪᠦᠷᠢ ᠶᠢᠨ ᠢᠳᠡᠬᠦ | ᠤᠭᠤᠷᠠᠭ ᠤᠨ ᠬᠡᠮᠵᠢᠶ᠎ᠡ ᠨᠢ ᠪᠦᠷ ᠠᠳᠠᠯᠢ ᠦᠭᠡᠢ ᠪᠠᠶᠢᠳᠠᠭ ᠬᠡᠪᠡ᠃ | ᠤ ᠮᠡᠳᠡᠨ᠎ᠡ᠃ |