@ ᠲᠠᠷᠬᠠᠨ ᠮᠤᠤᠮᠢᠩᠭᠠᠨ ᠤ ᠰᠠᠭᠤᠭᠠᠯᠢ ᠠᠷᠠᠳ ᠤᠳ | 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠡᠳᠦᠢ ᠪᠤᠢ︖ | ᠰᠦᠢᠳᠬᠡᠯ ᠢ ᠬᠡᠵᠢᠶ᠎ᠡ ᠲᠤᠰᠢᠶᠠᠬᠤ ᠪᠤᠢ︖ ᠬᠡᠷᠬᠢᠨ ᠲᠤᠰᠢᠶᠠᠬᠤ ᠪᠤᠢ︖ | ᠲᠥᠷᠭᠡᠨ ᠣᠶᠢᠯᠠᠭᠠᠭᠠᠷᠠᠢ᠃ | | ᠨᠢᠭᠡ᠂ ᠰᠦᠢᠳᠬᠡᠯ ᠲᠤᠰᠢᠶᠠᠬᠤ ᠴᠠᠭ | 2025 ᠣᠨ ᠳᠤ ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠤᠨ ᠰᠦᠢᠳᠭᠡᠯ ᠲᠤᠰᠢᠶᠠᠬᠤ ᠴᠠᠭ ᠨᠢ 2024 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠠᠴᠠ | 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ᠂ ᠬᠤᠭᠤᠴᠠᠭ᠎ᠠ ᠬᠡᠲᠦᠷᠡᠪᠡᠯ ᠳᠠᠭᠠᠳᠬᠠᠯ ᠳᠤ | ᠣᠷᠣᠯᠴᠠᠵᠤ ᠰᠦᠢᠳᠭᠡᠯ ᠲᠤᠰᠢᠶᠠᠬᠤ ᠭᠠᠷᠳᠠᠮ ᠢ ᠭᠦᠢᠴᠡᠳᠬᠡᠵᠦ ᠳᠡᠶᠢᠯᠬᠦ ᠦᠭᠡᠢ᠃ | ᠲᠣᠳᠣᠷᠬᠠᠶᠢᠯᠠᠯ᠄ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠣᠯᠴᠠᠭᠰᠠᠳ᠂ ᠬᠦᠴᠢᠷᠳᠡᠯᠲᠡᠶ ᠬᠦᠮᠦᠰ | ᠵᠠᠷᠤᠳᠠᠯ ᠲᠤᠰᠢᠶᠠᠬᠤ ᠬᠤᠭᠤᠴᠠᠭᠠᠨ ᠳᠤ ᠬᠢᠵᠠᠭᠠᠷᠯᠠᠭᠳᠠᠬᠤ ᠦᠭᠡᠶ᠃ | ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ | 1. ᠬᠤᠲᠠ ᠬᠥᠳᠡᠭᠡ ᠶᠢᠨ ᠰᠠᠭᠤᠭᠠᠯᠢ ᠠᠷᠠᠳ ︵ᠬᠤᠲᠠ ᠪᠠᠯᠭᠠᠰᠤ ᠶᠢᠨ ᠰᠠᠭᠤᠭᠠᠯᠢ ᠠᠷᠠᠳ ᠪᠠ ᠮᠠᠯᠴᠢᠨ | ᠲᠠᠷᠢᠶᠠᠴᠢᠨ ᠢ ᠪᠠᠭᠲᠠᠭᠠᠨ᠎ᠠ︶᠂ ᠰᠤᠷᠭᠠᠭᠤᠯᠢ ᠳᠤ ᠪᠠᠶᠢᠭ᠎ᠠ ᠴᠡᠴᠡᠷᠯᠢᠭ ᠤᠨ ᠰᠤᠷᠤᠭᠴᠢ ᠵᠢᠴᠢ ᠰᠤᠷᠬᠤ | ᠨᠠᠰᠤᠨ ᠠᠴᠠ ᠡᠮᠦᠨᠡᠬᠢ ᠬᠡᠤᠬᠡᠳ᠂ ᠰᠠᠶ᠋ᠢ ᠲᠥᠷᠥᠭᠰᠡᠨ ᠬᠡᠤᠬᠡᠳ ᠤᠨ ᠰᠦᠢᠳᠬᠡᠯ ᠲᠤᠰᠢᠶᠠᠬᠤ ᠪᠠᠷᠢᠮᠵᠢᠶ᠎ᠠ ᠨᠢ 400 | ᠲᠥᠭᠦᠷᠢᠭ ᠪᠣᠯᠤᠨ᠎ᠠ᠃ | 2. ᠲᠣᠰ ᠬᠤᠲᠠ ᠶᠢᠨ ᠡᠷᠦᠬᠡ ᠠᠮᠠ ᠲᠠᠢ ᠰᠠᠭᠤᠭᠠᠯᠢ ᠠᠷᠠᠳ ᠪᠢᠰᠢ ᠬᠦᠮᠦᠰ ᠲᠣᠰ ᠬᠥᠮᠦᠨ ᠤ ᠪᠡᠶ᠎ᠡ ᠶᠢᠨ | ᠦᠨᠡᠮᠯᠡᠯ ᠢᠶᠠᠨ ᠠᠪᠴᠤ ᠰᠠᠭᠤᠭ᠎ᠠ ᠭᠠᠵᠠᠷ ᠤᠨ ᠪᠠᠶᠢᠭ᠎ᠠ ᠪᠠᠯᠭᠠᠰᠤ᠂ ᠵᠡᠭᠡᠯᠢ ᠭᠤᠳᠤᠮᠵᠢ ᠶᠢᠨ ᠨᠡᠶᠢᠭᠡᠮ | ᠲᠣᠭᠤᠷᠢᠭ ᠲᠤ ᠣᠴᠢᠪᠠᠯ ᠳᠠᠭᠠᠳᠬᠠᠯ ᠳᠤ ᠣᠷᠣᠯᠴᠠᠵᠤ ᠪᠣᠯᠤᠨ᠎ᠠ᠂ ᠬᠤᠪᠢ ᠬᠥᠮᠦᠨ ᠤ ᠰᠦᠢᠳᠬᠡᠯ ᠲᠤᠰᠢᠶᠠᠬᠤ | ᠪᠠᠷᠢᠮᠵᠢᠶ᠎ᠠ ᠨᠢ 400 ᠲᠥᠭᠦᠷᠢᠭ ᠪᠣᠯᠤᠨ᠎ᠠ᠃ | 3.ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ᠂ ᠥᠨᠥᠴᠢᠨ ᠬᠡᠤᠬᠡᠳ᠂ ᠪᠣᠳᠠᠲᠠᠶ | ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠥᠬᠡᠶ ᠤᠯᠤᠰ ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠭᠡᠰᠢᠭᠦᠨ ᠤ ᠬᠤᠪᠢ | ᠬᠥᠮᠦᠨ ᠤ ᠲᠤᠰᠢᠶᠠᠭᠰᠠᠨ ᠰᠦᠢᠳᠬᠡᠯ ᠢ ᠪᠥᠬᠦ ᠲᠤᠭ᠎ᠠ ᠪᠠᠷ ᠲᠤᠰᠠᠯᠠᠵᠤ ᠳᠠᠭᠠᠳᠬᠠᠯ ᠳᠤ ᠣᠷᠤᠭᠤᠯᠤᠨ᠎ᠠ︔ | 4. ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠬᠥᠳᠡᠭᠡ | ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ | ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ | ᠪᠠ ᠭᠡᠨᠡᠳᠲᠡ ᠶᠢᠨ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠤᠪᠢ ᠬᠥᠮᠦᠨ ᠤ ᠲᠤᠰᠢᠶᠠᠬᠤ ᠵᠠᠷᠤᠳᠠᠯ ᠤᠨ ᠪᠠᠷᠢᠮᠵᠢᠶ᠎ᠠ ᠶᠢᠨ 30% ᠶᠣᠰᠣᠭᠠᠷ ᠡᠮ ᠡᠮᠨᠡᠯᠭᠡ ᠶᠢᠨ | ᠳᠠᠭᠠᠳᠬᠠᠯ ᠤᠨ ᠰᠦᠢᠳᠬᠡᠯ ᠲᠤᠰᠢᠶᠠᠨ᠎ᠠ᠂ ᠲᠤᠬᠠᠶᠢᠯᠠᠪᠠᠯ ᠳᠡᠭᠡᠷᠡᠬᠢ ᠬᠠᠷᠠᠭᠠᠯᠵᠠᠯ ᠢ ᠭᠥᠷᠳᠡᠭᠰᠡᠨ ᠰᠠᠭᠤᠭᠠᠯᠢ | ᠠᠷᠠᠳ ᠤᠨ ᠬᠤᠪᠢ ᠬᠥᠮᠦᠨ ᠤ 120 ᠲᠥᠭᠦᠷᠢᠭ ᠲᠤᠰᠢᠶᠠᠨ᠎ᠠ᠃ | 5. ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯ︽ᠳᠥᠷᠪᠡ ᠶᠢ ᠥᠯᠥ ᠰᠠᠯᠭᠠᠬᠤ︾ | ᠱᠠᠭᠠᠷᠳᠠᠯᠭ᠎ᠠ ᠳᠤ ᠲᠣᠭᠠᠴᠠᠭᠳᠠᠬᠤ ᠬᠥᠮᠦᠰ᠂ ᠬᠦᠨᠳᠦ ᠵᠡᠮᠳᠡᠭᠴᠦᠳ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠪᠠᠷ ᠡᠮ ᠡᠮᠨᠡᠯᠭᠡ ᠶᠢᠨ | ᠳᠠᠭᠠᠳᠬᠠᠯ ᠤᠨ ᠰᠦᠢᠳᠬᠡᠯ ᠲᠤᠰᠢᠶᠠᠨ᠎ᠠ᠂ ᠲᠤᠬᠠᠶᠢᠯᠠᠪᠠᠯ ᠳᠡᠭᠡᠷᠡᠬᠢ ᠬᠠᠷᠠᠭᠠᠯᠵᠠᠯ ᠢ ᠭᠥᠷᠳᠡᠵᠦ ᠪᠠᠶᠢᠭ᠎ᠠ ᠰᠠᠭᠤᠭᠠᠯᠢ | ᠠᠷᠠᠳ ᠬᠤᠪᠢ ᠬᠥᠮᠦᠨ 200 ᠲᠥᠭᠦᠷᠢᠭ ᠲᠤᠰᠢᠶᠠᠨ᠎ᠠ᠃ | ᠭᠤᠷᠪᠠ᠂ ᠣᠯᠭᠤᠮᠵᠢ ᠬᠦᠷᠲᠡᠬᠦ ᠬᠤᠭᠤᠴᠠᠭ᠎ᠠ | 1. ᠬᠤᠲᠠ ᠬᠥᠳᠡᠭᠡ ᠶᠢᠨ ᠰᠠᠭᠤᠭᠠᠯᠢ ᠠᠷᠠᠳ᠂ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ | ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠭᠰᠠᠨ ᠤ ᠳᠠᠷᠠᠭ᠎ᠠ᠂ ᠬᠠᠷᠠᠭᠠᠯᠵᠠᠯ ᠭᠥᠷᠳᠡᠬᠦ ᠴᠠᠭ ᠨᠢ 2025 ᠣᠨ ᠤ 1 ᠰᠠᠷ᠎ᠠ ᠶᠢᠨ 1 ᠤ ᠡᠳᠦᠷ ᠠᠴᠠ | 2025 ᠣᠨ ᠤ 12 ᠰᠠᠷ᠎ᠠ ᠶᠢᠨ 31 ᠤ ᠡᠳᠦᠷ ᠪᠣᠯᠤᠨ᠎ᠠ᠃ | 2. ᠰᠢᠨ᠎ᠡ ᠪᠠᠷ ᠴᠡᠴᠡᠷᠯᠢᠭ ᠲᠤ ᠤᠷᠤᠭᠰᠠᠨ ᠰᠤᠷᠤᠭᠴᠢᠳ ᠤᠨ ᠲᠥᠪᠯᠡᠷᠡᠭᠦᠯᠦᠨ ᠰᠦᠢᠳᠬᠡᠯ ᠲᠤᠰᠢᠶᠠᠬᠤ | ᠬᠤᠭᠤᠴᠠᠭᠠᠨ ᠳᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠪᠠᠯ᠂ ᠣᠯᠭᠤᠮᠵᠢ ᠬᠦᠷᠲᠡᠬᠦ | ᠴᠠᠭ ᠨᠢ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠤ ᠳᠠᠷᠠᠭᠠᠬᠢ ᠡᠳᠦᠷ ᠠᠴᠠ 2025 ᠣᠨ ᠤ 12 | ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠠᠭᠠᠳᠬᠠᠯ ᠳᠤ ᠣᠷᠣᠯᠴᠠᠨ᠎ᠠ᠃ | 3. ᠰᠠᠶ᠋ᠢ ᠲᠥᠷᠥᠭᠰᠡᠨ ᠬᠡᠦᠬᠡᠳ 90 ᠡᠳᠦᠷ ᠤᠨ ᠳᠣᠲᠣᠷ᠎ᠠ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠭᠠᠷᠳᠠᠮ ᠭᠦᠢᠴᠡᠳᠬᠡᠭᠰᠡᠨ ᠪᠣᠯ ᠣᠯᠭᠤᠮᠵᠢ ᠶᠢ ᠣᠯᠵᠤ ᠠᠪᠤᠭᠠᠳ ᠲᠥᠷᠥᠭᠰᠡᠨ ᠡᠳᠦᠷ ᠠᠴᠠ ᠡᠬᠢᠯᠡᠵᠦ | ᠮᠥᠷᠳᠡᠵᠦ ᠪᠣᠯᠤᠨ᠎ᠠ᠃ | 4. ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠬᠥᠳᠡᠯᠦᠩᠭᠦᠶ ᠪᠠᠷ ᠣᠷᠣᠯᠴᠠᠭᠰᠠᠨ | ᠬᠦᠴᠢᠷᠳᠡᠯᠲᠡᠶ ᠣᠯᠠᠨ ᠲᠦᠮᠡᠨ ᠤ ᠬᠠᠷᠠᠭᠠᠯᠵᠠᠯ ᠢ ᠡᠳ᠋ᠯᠡᠬᠦ ᠬᠤᠭᠤᠴᠠᠭ᠎ᠠ ᠨᠢ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠭᠰᠠᠨ ᠤ ᠳᠠᠷᠠᠭᠠᠬᠢ ᠡᠳᠦᠷ ᠨᠢ ᠲᠣᠰ ᠵᠢᠯ ᠤᠨ 12 ᠳ᠋ᠤᠭᠠᠷ ᠰᠠᠷ᠎ᠠ ᠶᠢᠨ 31 ᠤ ᠡᠳᠦᠷ | ᠪᠣᠯᠤᠨ᠎ᠠ᠃ | ᠳᠥᠷᠪᠡ᠂ ᠰᠦᠢᠳᠬᠡᠯ ᠲᠤᠰᠢᠶᠠᠬᠤ ᠠᠷᠭ᠎ᠠ ᠮᠠᠶ᠋ᠢᠭ | ᠸᠢᠴᠠᠲ ᠢᠶᠠᠷ ᠰᠦᠢᠳᠬᠡᠯ ᠲᠤᠰᠢᠶᠠᠬᠤ᠄ | ︵1︶ ᠠᠷᠭ᠎ᠠ ᠨᠢᠭᠡ ᠄ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ | ᠳᠠᠭᠠᠳᠬᠠᠯ ᠤᠨ ᠰᠦᠢᠳᠬᠡᠯ ᠲᠤᠰᠢᠶᠠᠬᠤ︾ ᠵᠢᠵᠢᠭ ᠫᠷᠣᠭ᠍ᠷᠠᠮ ᠢ ᠡᠷᠢᠵᠦ ᠰᠦᠢᠳᠬᠡᠯ ᠲᠤᠰᠢᠶᠠᠬᠤ᠂ ᠰᠦᠢᠳᠬᠡᠯ | ᠲᠤᠰᠢᠶᠠᠭᠰᠠᠨ ᠭᠡᠷᠡᠴᠢ ᠪᠠᠷᠢᠮᠲᠠ ᠮᠡᠳᠡᠭᠦᠯᠬᠦ ᠶᠢ ᠭᠦᠢᠴᠡᠳᠬᠡᠵᠦ ᠪᠣᠯᠣᠨ᠎ᠠ ᠃ | ︵2︶ ᠠᠷᠭ᠎ᠠ ᠬᠤᠶᠠᠷ᠄ ︽ᠮᠢᠨᠤᠬᠢ — ᠲᠣᠭᠠᠴᠠᠭ᠎ᠠ ᠬᠢᠬᠦ — ᠬᠤᠲᠠ ᠶᠢᠨ ᠦᠢᠯᠡᠴᠢᠯᠡᠭᠡ — | ᠨᠡᠶᠢᠭᠡᠮ ᠤᠨ ᠪᠠᠲᠤᠯᠠᠭ᠎ᠠ — ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ︾ | ᠠᠷᠭ᠎ᠠ ᠵᠠᠮ ᠢᠶᠠᠷ ᠳᠠᠮᠵᠢᠭᠤᠯᠤᠨ ᠰᠦᠢᠳᠭᠡᠯ ᠢᠶᠠᠨ ᠲᠤᠰᠢᠶᠠᠨ᠂ ᠰᠦᠢᠳᠭᠡᠯ ᠲᠤᠰᠢᠶᠠᠭᠰᠠᠨ ᠭᠡᠷᠡᠴᠢ ᠪᠠᠷᠢᠮᠲᠠ ᠶᠢ | ᠭᠤᠶᠤᠴᠢᠯᠠᠨ ᠮᠡᠳᠡᠭᠦᠯᠵᠦ ᠬᠡᠷᠡᠭᠵᠢᠭᠦᠯᠦᠨ᠎ᠡ᠃ | ᠲᠣᠭᠠᠴᠢᠭ᠎ᠠ ᠬᠢᠬᠦ ᠡᠷᠳᠡᠨᠢ ᠪᠠᠷ ᠰᠦᠢᠳᠭᠡᠯ ᠲᠤᠰᠢᠶᠠᠬᠤ | ︽ᠬᠤᠲᠠ ᠶᠢᠨ ᠠᠷᠠᠳ ᠤᠨ ᠲᠥᠪ — ᠨᠡᠶᠢᠭᠡᠮ ᠤᠨ ᠪᠠᠲᠤᠯᠠᠭ᠎ᠠ — ᠥᠪᠥᠷ ᠮᠣᠩᠭᠤᠯ ᠤᠨ ᠨᠡᠶᠢᠭᠡᠮ ᠤᠨ | ᠳᠠᠭᠠᠳᠬᠠᠯ ᠤᠨ ᠰᠦᠢᠳᠭᠡᠯ ᠲᠤᠰᠢᠶᠠᠬᠤ︾ ᠳᠠᠷᠠᠭᠠᠯᠠᠯ ᠢᠶᠠᠷ ᠳᠠᠮᠵᠢᠭᠤᠯᠤᠨ ᠰᠦᠢᠳᠭᠡᠯ ᠲᠤᠰᠢᠶᠠᠬᠤ ᠪᠠᠷ ᠰᠦᠢᠳᠬᠡᠯ | ᠲᠤᠰᠢᠶᠠᠬᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠮᠡᠳᠡᠭᠦᠯᠬᠦ ᠶᠢ ᠭᠦᠢᠴᠡᠳᠬᠡᠵᠦ ᠪᠣᠯᠣᠨ᠎ᠠ ᠃ | ᠮᠦᠩᠬᠡ ᠰᠤᠪᠠᠭ ᠢᠶᠠᠷ ᠰᠦᠢᠳᠬᠡᠯ ᠲᠤᠰᠢᠶᠠᠬᠤ᠄ | ︵1︶ ᠠᠷᠭ᠎ᠠ ᠨᠢᠭᠡ᠄ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠬᠤ︾ ᠶᠢ ᠡᠷᠢᠵᠦ᠂ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠶᠢ | ᠬᠢᠵᠦ ᠥᠭᠭᠦᠨ᠎ᠡ᠃ | ︵2︶ ᠠᠷᠭ᠎ᠠ ᠬᠤᠶᠠᠷ᠄ ︽ᠦᠢᠯᠡᠴᠢᠯᠡᠭᠡ — ᠲᠠᠪᠤᠨ ᠳᠠᠭᠠᠳᠬᠠᠯ ᠨᠢᠭᠡ ᠮᠥᠩᠭᠦ — ᠥᠪᠥᠷ | ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠠᠷᠭ᠎ᠠ ᠵᠠᠮ ᠢᠶᠠᠷ ᠳᠠᠮᠵᠢᠭᠤᠯᠤᠨ | ᠰᠦᠢᠳᠬᠡᠯ ᠲᠤᠰᠢᠶᠠᠨ᠂ ᠰᠦᠢᠳᠬᠡᠯ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠭᠡᠷᠡᠴᠢ ᠪᠠᠷᠢᠮᠲᠠ ᠶᠢ ᠬᠢᠵᠦ | ᠥᠭᠭᠦᠨ᠎ᠡ᠃ | ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠰᠦᠢᠳᠭᠡᠯ ᠲᠤᠰᠢᠶᠠᠬᠤ https://etax. | neimenggu.chinatax.gov.cn ᠪᠠᠶᠢᠭᠠᠯᠢ ᠬᠦᠮᠦᠨ ᠤ ᠳᠤᠬᠠᠶᠢᠯᠠᠭᠰᠠᠨ ᠠᠵᠢᠯ ᠤᠨ | ᠦᠢᠯᠡᠴᠢᠯᠡᠭᠡ ᠶᠢ ᠰᠤᠩᠭᠤᠵᠤ᠂ ᠰᠦᠢᠳᠬᠡᠯ ᠲᠤᠰᠢᠶᠠᠨ᠂ ᠰᠦᠢᠳᠬᠡᠯ ᠳᠤᠰᠢᠶᠠᠬᠤ ᠭᠡᠷᠡᠴᠢ ᠪᠠᠷᠢᠮᠳᠠ ᠶᠢ | ᠭᠤᠶᠤᠴᠢᠯᠠᠨ ᠠᠪᠤᠨ᠎ᠠ᠃ | ᠰᠦᠯᠵᠢᠶᠡᠨ ᠭᠠᠳᠠᠨᠠᠬᠢ ᠰᠦᠢᠳᠬᠡᠯ ᠬᠤᠷᠢᠶᠠᠬᠤ ᠠᠷᠭ᠎ᠠ ᠵᠠᠮ᠄ | ︵1︶ ᠪᠠᠩᠬᠢ ᠳᠤ ᠰᠦᠢᠳᠬᠡᠯ ᠲᠤᠰᠢᠶᠠᠬᠤ ᠄ | ᠪᠦᠲᠦᠭᠡᠨ ᠪᠠᠶᠢᠭᠤᠯᠤᠯᠲᠠ ᠶᠢᠨ ᠪᠠᠩᠬᠢ ᠪᠣᠯᠤᠨ ᠭᠤᠸᠠᠩ ᠳ᠋ᠠ ᠪᠠᠩᠬᠢ ᠶᠢᠨ ᠦᠢᠯᠡᠴᠢᠯᠡᠭᠡᠨ ᠤ ᠣᠶᠤᠨᠴᠢ | ᠮᠠᠰᠢᠨ᠂ ᠲᠤᠬᠠᠶᠢᠯᠠᠭᠰᠠᠨ ᠠᠵᠢᠯ ᠤᠨ ᠴᠣᠩᠬᠤ ᠪᠠᠷ ᠳᠠᠮᠵᠢᠭᠤᠯᠤᠨ ᠰᠦᠢᠳᠬᠡᠯ ᠢᠶᠠᠨ ᠲᠤᠰᠢᠶᠠᠨ᠎ᠠ᠃ | ︵2︶ ᠨᠡᠶᠢᠭᠡᠮ ᠲᠣᠭᠤᠷᠢᠭ᠂ ᠦᠢᠯᠡᠴᠢᠯᠡᠭᠡᠨ ᠤ ᠥᠷᠲᠡᠭᠡ ︵ᠲᠣᠰᠬᠤᠨ︶ ᠳᠤ ᠰᠦᠢᠳᠬᠡᠯ ᠲᠤᠰᠢᠶᠠᠬᠤ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠯᠡᠨ POS ᠮᠠᠰᠢᠨ ᠢᠶᠠᠷ ᠺᠠᠷᠲ ᠬᠡᠷᠡᠭᠯᠡᠨ | ᠰᠦᠢᠳᠭᠡᠯ ᠲᠤᠰᠢᠶᠠᠬᠤ᠃ | ︵3︶ ᠡᠯ᠎ᠡ ᠬᠤᠰᠢᠭᠤ ᠰᠢᠶᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ | ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠲᠤᠰᠢᠶᠠᠬᠤ᠃ | ᠮᠠᠨ ᠤ ᠬᠤᠲᠠ ᠶᠢᠨ ᠡᠯ᠎ᠡ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢᠶᠠᠷ ᠳᠠᠮᠵᠢᠭᠤᠯᠤᠨ ᠰᠦᠢᠳᠬᠡᠯ | ᠲᠤᠰᠢᠶᠠᠵᠤ᠂ ᠰᠦᠢᠳᠬᠡᠯ ᠲᠤᠰᠢᠶᠠᠬᠤ ᠭᠡᠷᠡᠴᠢ ᠪᠠᠷᠢᠮᠲᠠ ᠠᠪᠤᠨ᠎ᠠ᠃ | ᠲᠠᠪᠤ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠪᠠᠷᠢᠮᠵᠢᠶ᠎ᠠ | ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠳᠠᠭᠠᠳᠬᠠᠯ ᠳᠤ ᠣᠷᠣᠯᠴᠠᠭᠰᠠᠳ ᠪᠤᠭᠤᠲᠤ ᠬᠤᠲᠠ ᠶᠢᠨ ᠡᠮᠴᠢᠯᠡᠭᠡᠨ ᠤ | ᠳᠠᠭᠠᠳᠬᠠᠯ ᠤᠨ ᠴᠡᠭ ᠲᠣᠭᠲᠠᠭᠠᠭᠰᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠰᠤᠮᠤ ︵ᠰᠢᠶᠠᠩ ᠪᠠᠯᠭᠠᠰᠤ︶ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠭᠠᠴᠠᠭ᠎ᠠ ︵ᠲᠣᠰᠬᠤᠨ︶ ᠶᠢᠨ ᠡᠷᠡᠭᠦᠯ ᠬᠠᠮᠠᠭᠠᠯᠠᠯ ᠤᠨ ᠲᠠᠰᠤᠭ ᠲᠤ | ᠡᠭᠦᠰᠦᠭᠰᠡᠨ ᠡᠭᠦᠳᠡᠨ ᠡᠮᠨᠡᠯᠭᠡ ᠶᠢᠨ ᠬᠠᠮᠢᠶ᠎ᠠ ᠪᠥᠬᠦᠶ ᠡᠮᠴᠢᠯᠡᠭᠡᠨ ᠤ ᠵᠠᠷᠤᠳᠠᠯ ᠢ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠣᠲᠣᠷᠠᠬᠢ ᠵᠠᠷᠤᠳᠠᠯ ᠤᠨ ᠶᠡᠷᠦᠩᠬᠡᠶ ᠲᠤᠭ᠎ᠠ ᠶᠢᠨ 65% ᠶᠢᠨ ᠬᠠᠷᠢᠴᠠᠯ ᠢᠶᠠᠷ ᠲᠠᠩᠰᠠ ᠴᠠᠶᠢᠯᠠᠵᠤ᠂ | ᠬᠥᠮᠦᠨ ᠪᠦᠷᠢ ᠵᠢᠯ ᠳᠤ ᠬᠠᠮᠤᠭ ᠤᠨ ᠥᠨᠳᠥᠷ ᠲᠡᠭᠡᠨ 320 ᠲᠥᠭᠦᠷᠢᠭ ᠬᠦᠷᠴᠦ᠂ ᠲᠤᠬᠠᠶ ᠶᠢᠨ ᠵᠢᠯ ᠳᠤ ᠪᠠᠨ | ᠬᠦᠴᠦᠨ ᠲᠠᠢ᠃ | ᠵᠢᠷᠭᠤᠭ᠎ᠠ᠂ ᠳᠣᠲᠣᠨᠣ ᠰᠠᠨᠠᠭᠤᠯᠤᠮᠵᠢ | ᠪᠥᠬᠦ ᠬᠤᠰᠢᠭᠤᠨ ᠤ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠰᠦᠯᠵᠢᠶᠡᠨ | ᠳᠡᠭᠡᠷ᠎ᠡ ᠪᠤᠶᠤ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠬᠤ ᠠᠷᠭ᠎ᠠ ᠮᠠᠶ᠋ᠢᠭ ᠢᠶᠠᠨ ᠥᠪᠡᠰᠦᠪᠡᠨ ᠰᠣᠩᠭᠤᠵᠤ᠂ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠥᠪᠡᠰᠦᠪᠡᠨ ᠰᠦᠢᠳᠬᠡᠯ ᠲᠤᠰᠢᠶᠠᠵᠤ ᠪᠣᠯᠤᠨ᠎ᠠ᠂ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠤᠶᠤ ᠰᠢᠶᠠᠩ ᠪᠠᠯᠭᠠᠰᠤ᠂ ᠵᠡᠭᠡᠯᠢ ᠭᠤᠳᠤᠮᠵᠢ ᠳᠤ ᠬᠦᠷᠴᠦ | ᠭᠦᠢᠴᠡᠳᠬᠡᠬᠦ ᠴᠢᠬᠤᠯᠠ ᠦᠭᠡᠢ᠃ | ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠬᠥᠮᠦᠰ ︵2024 ᠣᠨ ᠠᠴᠠ ᠡᠮᠦᠨ᠎ᠡ ᠪᠤᠭᠤᠲᠤ ᠬᠤᠲᠠ ᠳᠤ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ︶ ᠢ ᠰᠢᠶᠠᠩ ᠪᠠᠯᠭᠠᠰᠤ᠂ | ᠵᠡᠭᠡᠯᠢ ᠭᠤᠳᠤᠮᠵᠢ ᠠᠴᠠ ᠬᠤᠷᠢᠶᠠᠩᠭᠤᠶᠢᠯᠠᠭᠰᠠᠨ ᠮᠡᠳᠡᠭᠡ ᠵᠠᠩᠭᠢ ᠶᠢ ᠬᠤᠰᠢᠭᠤ ᠰᠢᠶᠠᠨ ᠲᠣᠭᠤᠷᠢᠭ ᠤᠨ ᠡᠮ | ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠮᠡᠳᠡᠭᠦᠯᠦᠨ ᠳᠠᠭᠠᠳᠬᠠᠯ ᠳᠤ | ᠣᠷᠣᠯᠴᠠᠭᠤᠯᠤᠭᠰᠠᠨ ᠤ ᠳᠠᠷᠠᠭ᠎ᠠ ᠰᠠᠶ᠋ᠢ ᠪᠡᠶ᠎ᠡ ᠪᠠᠨ ᠳᠠᠭᠠᠭᠠᠵᠤ ᠰᠦᠢᠳᠭᠡᠯ ᠲᠤᠰᠢᠶᠠᠵᠤ ᠪᠣᠯᠤᠨ᠎ᠠ᠃ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠥᠮᠦᠰ ᠰᠦᠢᠳᠬᠡᠯ ᠲᠤᠰᠢᠶᠠᠭᠰᠠᠨ 3 ᠠᠴᠠ 5 | ᠠᠵᠢᠯᠯᠠᠬᠤ ᠡᠳᠦᠷ ᠤᠨ ᠳᠠᠷᠠᠭ᠎ᠠ᠂ ᠸᠢᠴᠠᠲ ᠤᠨ ᠵᠢᠵᠢᠭ ᠫᠷᠣᠭ᠍ᠷᠠᠮ᠂ ᠸᠢᠴᠠᠲ ᠤᠨ ᠬᠤᠲᠠ ᠶᠢᠨ ᠦᠢᠯᠡᠴᠢᠯᠡᠭᠡ᠂ | ᠲᠣᠭᠠᠴᠢᠭ᠎ᠠ ᠬᠢᠬᠦ ᠡᠷᠳᠡᠨᠢ ᠳᠠᠬᠢ ᠬᠤᠲᠠ ᠶᠢᠨ ᠠᠷᠠᠳ ᠤᠨ ᠲᠥᠪ᠂ ᠡᠯᠧᠺᠲᠷᠣᠨ ᠭᠠᠶᠢᠯᠢ ᠶᠢᠨ ᠶᠠᠪᠤᠳᠠᠯ ᠤᠨ | ᠲᠣᠪᠴᠢᠶ᠎ᠠ APP᠂ ᠮᠥᠩᠬᠡ ᠰᠤᠪᠠᠭ APP᠂ ᠪᠠᠶᠢᠭᠠᠯᠢ ᠬᠥᠮᠦᠨ ᠤ ᠡᠯᠧᠺᠲᠷᠣᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠰᠦᠯᠵᠢᠶ᠎ᠡ ᠵᠡᠷᠭᠡ ︽ᠰᠦᠯᠵᠢᠶᠡᠨ ᠳᠡᠭᠡᠷᠡᠬᠢ︾ ᠠᠷᠭ᠎ᠠ ᠵᠠᠮ ᠵᠢᠴᠢ ᠭᠠᠶᠢᠯᠢ ᠭᠦᠢᠴᠡᠳᠭᠡᠬᠦ | ᠦᠢᠯᠡᠴᠢᠯᠡᠭᠡᠨ ᠤ ᠶᠡᠭᠡ ᠲᠢᠩᠬᠢᠮ ᠢᠶᠠᠷ ᠳᠠᠮᠵᠢᠭᠤᠯᠤᠨ᠂ ᠰᠦᠢᠳᠬᠡᠯ ᠲᠤᠰᠢᠶᠠᠭᠰᠠᠨ ᠲᠡᠮᠳᠡᠭᠯᠡᠯ ᠢ ᠪᠠᠶᠢᠴᠠᠭᠠᠨ | ᠯᠠᠪᠯᠠᠬᠤ ᠪᠠ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠶᠢ ᠭᠠᠷᠭᠠᠵᠤ ᠪᠣᠯᠤᠨ᠎ᠠ᠃ | ᠳᠣᠯᠤᠭ᠎ᠠ᠂ ᠪᠢᠳᠡᠨ ᠲᠠᠢ ᠬᠠᠷᠢᠯᠴᠠᠭᠠᠷᠠᠢ᠃ | |