ᠬᠢᠴᠢᠶᠡ︕ ᠡᠳᠡᠭᠡᠷ ᠦᠢᠯᠡ ᠪᠠᠶᠢᠳᠠᠯ ᠲᠠᠢ ᠤᠴᠠᠷᠠᠪᠠᠯ ᠲᠠ ᠪᠠᠷᠤᠭ ᠬᠢᠯᠢ ᠶᠢᠨ ᠭᠠᠳᠠᠨᠠᠬᠢ ᠲᠠᠩᠨᠠᠭᠤᠯ ᠳᠤ ᠭᠡᠲᠡᠭᠳᠡᠭᠰᠡᠨ ᠮᠠᠭᠠᠳ ᠦᠭᠡᠢ︕
ᠨᠡᠶᠢᠲᠡᠯᠡᠭᠰᠡᠨ ᠴᠠᠭ᠄
2024/11/14
      5 ᠰᠠᠷ᠎ᠠ ᠶᠢᠨ 10 ᠤ ᠡᠳᠦᠷ᠂ ᠤᠯᠤᠰ ᠤᠨ ᠠᠮᠤᠷ ᠲᠦᠪᠰᠢᠨ ᠤ ᠶᠠᠮᠤᠨ ︽︿ᠬᠠᠯᠠᠭᠤᠨ ᠰᠡᠳᠬᠢᠯᠲᠦ ᠬᠥᠮᠦᠨ﹀ ᠨᠢ ︿ᠤᠨᠳᠤᠤ ᠪᠤᠳᠤᠯ ᠲᠠᠢ ᠬᠥᠮᠦᠨ﹀ ᠪᠤᠯᠵᠤ ᠬᠤᠪᠢᠷᠠᠬᠤ ᠠᠴᠠ ᠬᠢᠴᠢᠶᠡᠭᠡᠷᠡᠢ︾ ᠭᠡᠬᠦ ᠵᠣᠬᠢᠶᠠᠯ ᠨᠡᠶᠢᠲᠡᠯᠡᠵᠦ᠂ ᠵᠣᠬᠢᠶᠠᠯ ᠳᠠᠭᠠᠨ᠂ ᠮᠠᠨ ᠤ ᠤᠯᠤᠰ ᠤᠨ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠭᠦᠨᠵᠡᠭᠡᠶᠢᠷᠡᠨ ᠬᠥᠭᠵᠢᠬᠦ ᠶᠢ ᠳᠠᠭᠠᠯᠳᠤᠨ᠂ ᠦᠯᠡᠮᠵᠢ ᠤᠯᠠᠨ ᠠᠵᠤ ᠠᠬᠤᠶᠢᠯᠠᠯ᠂ ᠲᠦᠷᠦᠯ ᠵᠦᠢᠯ ᠭᠠᠳᠠᠭᠠᠳᠤ ᠳᠤ ᠰᠠᠯᠠᠭ᠎ᠠ ᠨᠠᠮᠠᠭ᠎ᠠ ᠪᠠᠨ ᠳᠡᠯᠭᠡᠵᠦ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠡᠭᠦᠨ ᠤ ᠵᠡᠷᠭᠡᠪᠡᠷ᠂ ᠬᠢᠯᠢ ᠶᠢᠨ ᠭᠠᠳᠠᠨᠠᠬᠢ ᠲᠠᠩᠨᠠᠭᠤᠯ ᠤᠨ ᠨᠢᠭᠤᠴᠠ ᠮᠡᠳᠡᠭᠡᠨ ᠤ ᠪᠠᠶᠢᠭᠤᠯᠭ᠎ᠠ ᠣᠷᠳᠣ ᠬᠤᠭᠤᠴᠠᠭ᠎ᠠ ᠪᠠᠷ ᠮᠠᠨ ᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶᠡᠨ ᠳᠠᠬᠢ ᠳᠠᠪᠠᠭᠤᠯᠢᠭ ᠠᠵᠤ ᠠᠬᠤᠶᠢᠯᠠᠯ ᠤᠨ ᠳᠣᠲᠣᠭᠠᠳᠤ ᠪᠠᠶᠢᠳᠠᠯ ᠢ ᠮᠡᠳᠡᠬᠦ ᠪᠠᠷ ᠭᠤᠷᠢᠳᠠᠵᠤ᠂ ᠭᠠᠳᠠᠭᠠᠳᠤ ᠳᠤ ᠰᠠᠭᠤᠭ᠎ᠠ ᠭᠤᠤᠯᠳᠠᠯᠭ᠎ᠠ ᠲᠠᠢ ᠬᠥᠮᠦᠰ ᠢ ᠠᠵᠢᠬᠯᠠᠨ ᠠᠩᠬᠠᠷᠴᠤ᠂ ᠵᠦᠢᠯ ᠵᠦᠢᠯ ᠤᠨ ᠠᠷᠭ᠎ᠠ ᠪᠠᠷᠢᠯ ᠢᠶᠠᠷ ᠲᠡᠳᠡᠨ ᠲᠠᠢ ᠤᠶᠢᠷᠠᠳᠴᠤ ᠲᠡᠳᠡᠨ ᠢ ᠪᠡᠶ᠎ᠡ ᠳᠡᠭᠡᠨ ᠲᠠᠲᠠᠬᠤ᠂ ᠨᠢᠭᠤᠴᠠ ᠮᠡᠳᠡᠭᠡ ᠶᠢ ᠲᠠᠩᠨᠠᠬᠤ ᠪᠠ ᠨᠡᠪᠴᠢᠯᠲᠡ ᠬᠢᠵᠦ ᠤᠷᠪᠠᠭᠤᠯᠬᠤ ᠠᠵᠢᠯᠯᠠᠭ᠎ᠠ ᠬᠢᠵᠦ ᠪᠠᠶᠢᠨ᠎ᠠ᠃ ︽ᠬᠠᠯᠠᠭᠤᠨ ᠰᠡᠳᠬᠢᠯᠲᠦ ᠬᠥᠮᠦᠨ︾ ᠤ ᠵᠠᠩᠴᠢ ᠶᠢ ᠨᠥᠮᠥᠷᠴᠤ᠂ ᠮᠠᠨ ᠤ ᠭᠠᠳᠠᠭᠠᠳᠤ ᠳᠤ ᠰᠠᠭᠤᠭ᠎ᠠ ᠬᠥᠮᠦᠰ ᠲᠤ ᠠᠪᠴᠤ ᠪᠠᠶᠢᠭ᠎ᠠ ᠡᠳᠦᠢ ᠲᠡᠳᠦᠢ ︽ᠪᠦᠰᠡᠯᠡᠨ ᠠᠩᠨᠠᠬᠤ︾ ᠠᠷᠭ᠎ᠠ ᠪᠠᠷᠢᠯ ᠨᠢ ᠮᠠᠰᠢ ᠴᠢᠩᠭ᠎ᠠ ᠮᠡᠬᠡᠯᠡᠬᠦ ᠴᠢᠨᠠᠷ ᠲᠠᠢ ᠪᠠᠶᠢᠳᠠᠭ ᠪᠣᠯᠬᠤᠷ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠪᠦᠲᠦᠮᠵᠢᠲᠡᠶ ᠪᠠᠷ ᠰᠡᠷᠭᠡᠶᠢᠯᠡᠬᠦᠬᠡᠷᠡᠭᠲᠡᠶ ᠭᠡᠵᠦ ᠲᠤᠷᠠᠳᠴᠠᠢ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号