ᠬᠥᠬᠡᠬᠤᠲᠠ ᠬᠡᠦᠬᠡᠳ ᠤᠨ ᠲᠤᠬᠠᠢ ᠴᠢᠬᠤᠯᠠ ᠲᠥᠷᠥ ᠶᠢᠨ ᠪᠣᠳᠣᠯᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2024/11/14
      3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠬᠡᠷ ᠪᠦᠯᠢ ᠶᠢᠨ ᠣᠯᠠᠨ ᠶᠠᠩᠵᠤ ᠶᠢᠨ ᠬᠠᠷᠠᠭᠠᠯᠵᠠᠨ ᠠᠰᠠᠷᠠᠬᠤ ᠦᠢᠯᠡᠴᠢᠯᠡᠭᠡᠨ‌‍ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠶᠢᠨ ᠲᠤᠰᠠᠳᠠ᠂ ︽ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠬᠥᠬᠡᠬᠤᠲᠠ ᠶᠢᠨ ᠠᠷᠭ᠎ᠠ ᠬᠡᠮᠵᠢᠶ᠎ᠡ ᠨᠦᠭᠦᠳ︾ ᠢ ᠣᠶᠢᠷ᠎ᠠ ᠳᠤ ᠲᠣᠭᠲᠠᠭᠠᠨ ᠨᠡᠶᠢᠲᠡᠯᠡᠵᠦ᠂ ︽ᠪᠠᠯᠴᠢᠷ ᠪᠠᠭ᠎ᠠ ᠳᠤᠨᠢ ᠦᠰᠭᠡᠨ ᠬᠥᠮᠦᠵᠢᠭᠦᠯᠬᠦ ᠭᠠᠵᠠᠷ ᠲᠠᠢ ᠪᠤᠯᠭᠠᠬᠤ︾ ᠬᠦᠴᠢᠷᠳᠡᠯ ᠢ ᠭ᠊ ‍ᠦ᠋ᠴᠦᠯᠡᠨ ᠰᠢᠢᠳᠪᠦᠷᠢᠯᠡᠭᠦ ᠪᠠᠷ ᠪᠤᠯᠪᠠ᠃             1. ᠬᠡᠷ ᠪᠦᠯᠢ ᠶᠢᠨ ᠬᠡᠦᠬᠡᠳ ᠦᠰᠭᠡᠨ ᠬᠥᠮᠦᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠎ᠠ ● ᠭᠠᠶᠢᠯᠢ ᠲᠤᠰᠢᠶᠠᠭᠴᠢ 3 ᠨᠠᠰᠤᠨ ᠠᠴᠠ ᠳᠣᠷᠣᠭᠰᠢᠬᠢ ᠨᠢᠯᠬ᠎ᠠ ᠦᠷ᠎ᠡ ᠬᠡᠦᠬᠡᠳ ᠤᠨ ᠢᠶᠠᠨ ᠬᠠᠮᠢᠶ᠎ᠠ ᠪᠥᠬᠦᠶ ᠵᠠᠷᠤᠳᠠᠯ ᠢ ᠪᠤᠯ ᠨᠢᠯᠬ᠎ᠠ ᠬᠡᠦᠬᠡᠳ ᠨᠢᠭᠡᠪᠦᠷᠢ  ᠠᠴᠠ ᠰᠠᠷ᠎ᠠ ᠪᠦᠷᠢ 2000 ᠲᠥᠭᠦᠷᠢᠭ ᠤᠨ ᠪᠠᠷᠢᠮᠵᠢᠶ᠎ᠠ ᠪᠠᠷ ᠨᠣᠷᠮ᠎ᠠ ᠲᠣᠭᠲᠠᠭᠠᠨ ᠰᠠᠭᠤᠳᠬᠠᠨ ᠬᠠᠰᠤᠨ᠎ᠠ ︵ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠢᠶᠠᠪᠠᠰᠤ ᠵᠣᠬᠢᠬᠤ ᠭᠠᠶᠢᠯᠢ ᠶᠢᠨ ᠲᠤᠭ᠎ᠠ︶᠃ ● ᠬᠤᠶᠠᠷ ᠬᠡᠦᠬᠡᠳ ᠠᠪᠤᠬᠰᠠᠨ ᠪᠠ ᠭᠤᠷᠪᠠᠨ ᠬᠡᠦᠬᠡᠳ ᠠᠪᠤᠬᠰᠠᠨ ᠬᠥᠬᠡᠬᠤᠲᠠ ᠶᠢᠨ ᠡᠷᠦᠬᠡ ᠠᠮᠠ ᠲᠠᠢ ᠬᠡᠷ ᠪᠦᠯᠢ ᠳᠤ ᠬᠡᠦᠬᠡᠳ ᠦᠰᠭᠡᠨ ᠬᠥᠮᠦᠵᠢᠭᠦᠯᠬᠦ ᠨᠥᠬᠦᠪᠥᠷᠢ ᠮᠥᠩᠭᠦ 5000 ᠲᠥᠭᠦᠷᠢᠭ ᠣᠯᠭᠤᠨ᠎ᠠ︔ ᠴᠡᠴᠡᠷᠯᠢᠭ ᠲᠤ ᠤᠷᠤᠭᠰᠠᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠬᠡᠷ ᠪᠦᠯᠢ ᠶᠢᠨ ᠬᠥᠮᠦᠨ ᠨᠢᠭᠡᠪᠦᠷᠢ ᠳᠤ ᠵᠢᠯ ᠪᠦᠷᠢ 600 ᠲᠥᠭᠦᠷᠢᠭ ᠤᠨ ᠰᠠᠭᠠᠲᠠᠭᠤᠯᠤᠨ ᠬᠥᠮᠦᠵᠢᠭᠦᠯᠬᠦ ᠪᠠᠶᠢᠭᠤᠯᠤᠮᠵᠢ ᠶᠢᠨ ᠬᠠᠷᠠᠭᠠᠯᠵᠠᠨ ᠠᠰᠠᠷᠠᠬᠤ ᠨᠥᠬᠦᠪᠥᠷᠢ ᠣᠯᠭᠤᠨ᠎ᠠ᠃             2. ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠤᠨ᠎ᠠ ● ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠣᠯᠠᠨ ᠬᠡᠦᠬᠡᠳ ᠲᠠᠢ ᠭᠡᠷ ᠪᠦᠯᠢ ᠥᠪᠡᠰᠦᠪᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠳᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ 10 % ᠪᠠᠷ ᠨᠡᠮᠡᠭᠳᠡᠭᠦᠯᠦᠨ᠎ᠡ᠂ ᠲᠤᠬᠠᠶᠢᠯᠠᠪᠠᠯ ᠬᠤᠶᠠᠷ ᠲᠠᠯ᠎ᠠ ᠪᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠ ᠪᠠᠶᠢᠭᠤᠯᠤᠭᠰᠠᠨ ᠪᠤᠯ᠂ ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠨᠢ 110 ᠲᠦᠮᠡᠨ ᠲᠥᠭᠦᠷᠢᠭ ᠪᠣᠯᠤᠨ᠎ᠠ︔ ᠨᠢᠭᠡ ᠯᠡ ᠲᠠᠯ᠎ᠠ ᠶᠢᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠ ᠪᠠᠶᠢᠭᠤᠯᠤᠭᠰᠠᠨ ᠪᠤᠯ᠂ ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠨᠢ 66 ᠲᠦᠮᠡᠨ ᠲᠥᠭᠦᠷᠢᠭ ᠪᠣᠯᠤᠨ᠎ᠠ᠃             3. ᠭᠡᠷ ᠪᠦᠯᠢ ᠶᠢᠨ ᠬᠡᠦᠬᠡᠳ ᠦᠰᠭᠡᠨ ᠬᠦᠮᠦᠵᠢᠬᠦᠯᠬᠦ ᠶᠢ ᠲᠡᠮᠵᠢᠬᠦ ᠡᠷᠴᠢᠮ ᠢ ᠴᠢᠩᠭᠠᠷᠠᠭᠤᠯᠤᠨ᠎ᠠ ● ᠬᠠᠤᠯᠢ ᠶᠣᠰᠣᠭᠠᠷ ᠬᠡᠦᠬᠡᠳ ᠠᠪᠤᠭᠰᠠᠨ ᠬᠡᠷ ᠪᠦᠯᠢ ᠳᠤ᠂ ᠨᠢᠭᠡᠳᠦᠭᠡᠷ᠂ ᠬᠤᠶᠠᠳᠤᠭᠠᠷ ᠬᠡᠦᠬᠡᠳ ᠠᠪᠬᠤ ᠳᠤ ︽98 ᠡᠳᠦᠷ + 2 ᠰᠠᠷ᠎ᠠ︾ ᠶᠢᠨ ᠬᠥᠩᠭᠡᠵᠢᠯᠲᠡ ᠶᠢᠨ ᠴᠢᠯᠥᠭᠡ᠂ ᠭᠤᠷᠪᠠᠳᠤᠭᠠᠷ ᠬᠡᠦᠬᠡᠳ ᠠᠪᠬᠤ ᠳᠤ ︽98 ᠡᠳᠦᠷ + 3 ᠰᠠᠷ᠎ᠠ︾ ᠶᠢᠨ ᠬᠥᠩᠭᠡᠵᠢᠯᠲᠡ ᠶᠢᠨ ᠴᠢᠯᠥᠭᠡ ᠣᠯᠭᠤᠵᠤ᠂ ᠨᠦᠬᠦᠷ ᠲᠤᠨᠢ 25 ᠡᠳᠦᠷ ᠤᠨ ᠰᠤᠪᠢᠯᠠᠯᠲᠠ ᠶᠢᠨ ᠴᠢᠯᠥᠭᠡ ᠣᠯᠭᠤᠨ᠎ᠠ᠂ ᠦᠷ᠎ᠡ ᠬᠡᠦᠬᠡᠳ ᠨᠢ ᠪᠦᠬᠦᠯᠢ 3 ᠨᠠᠰᠤ ᠬᠥᠷᠬᠦ ᠠᠴᠠ ᠡᠮᠦᠨ᠎ᠡ᠂ ᠵᠢᠯ ᠪᠦᠷᠢ ᠨᠦᠬᠦᠷ ᠬᠡᠷᠭᠡᠢ ᠬᠤᠶᠠᠭᠤᠯᠠ ᠳᠤ ᠲᠣ ‍ᠰ ᠲᠤᠰ 10 ᠡᠳᠦᠷ ᠤᠨ ᠬᠡᠦᠬᠡᠳ ᠦᠰᠭᠡᠨ ᠬᠦᠮᠦᠵᠢᠬᠦᠯᠬᠦ ᠴᠢᠯᠥᠭᠡ ᠦᠭᠭᠦᠨ᠎ᠡ᠂ ᠠᠮᠠᠷᠠᠯᠲᠠ ᠶᠢᠨ ᠬᠤᠭᠤᠴᠠᠭᠠᠨ ᠤ ᠴᠠᠯᠢᠩ᠂ ᠠᠰᠠᠷᠠᠮᠵᠢ ᠵᠡᠷᠭᠡ ᠬᠠᠷᠠᠭᠠᠯᠵᠠᠯ ᠢ ᠬᠤᠪᠢᠷᠠᠭᠤᠯᠬᠤ ᠥᠬᠡᠶ᠃             4. ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠷᠠᠭᠠᠯᠵᠠᠨ ᠠᠰᠠᠷᠠᠵᠤ ᠬᠦᠮᠦᠵᠢᠬᠦᠯᠬᠦ ᠶᠢ ᠠᠬᠢᠭᠤᠯᠤᠨ᠎ᠠ ● ᠥᠨᠥᠴᠢᠨ ᠬᠡᠦᠬᠡᠳ᠂ ᠵᠡᠮᠳᠡᠭ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠲᠥᠪᠯᠡᠷᠡᠭᠦᠯᠦᠨ ᠠᠰᠠᠷᠠᠨ ᠲᠡᠵᠢᠭᠡᠬᠦ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ ᠠᠰᠠᠷᠠᠨ ᠬᠥᠮᠦᠵᠢᠭᠦᠯᠬᠦ ᠪᠠᠷᠢᠮᠵᠢᠶ᠎ᠠ ᠶᠢ ᠵᠢᠯ ᠳᠤ 26400 ᠲᠥᠭᠦᠷᠢᠭ ᠲᠤ ᠬᠦᠷᠦᠭᠦᠯᠦᠨ᠎ᠡ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号