ᠤᠳᠤ ᠦᠶ᠎ᠡ ᠶᠢᠨ ᠠᠮᠢᠳᠤᠷᠠᠯ ᠨᠢ ᠳᠠᠷᠤᠯᠲᠠ ᠶᠡᠬᠡᠲᠡᠢ ᠪᠠᠶᠢᠳᠠᠭ᠃ ᠠᠵᠢᠯ᠂ ᠭᠡᠷ ᠪᠦᠯᠢ᠂ ᠦᠷ᠎ᠡ ᠬᠡᠦᠬᠡᠳ᠂ | ᠭᠡᠷ ᠪᠠᠶᠢᠰᠢᠩ᠂ ᠲᠡᠷᠭᠡ ᠮᠠᠰᠢᠨ ᠁ ᠭᠡᠳ ᠬᠥᠮᠥᠰ ᠤᠨ ᠪᠡᠶ᠎ᠡ ᠰᠡᠳᠬᠢᠯ ᠢ ᠲᠦᠢᠯ ᠢᠶᠠᠷ ᠵᠦᠳᠡᠭᠡᠵᠦ ᠪᠠᠶᠢᠳᠠᠭ᠃ | ᠵᠣᠬᠢᠬᠤ ᠬᠡᠮᠵᠢᠶᠡᠨ ᠤ ᠳᠠᠷᠤᠯᠲᠠ ᠨᠢ ᠬᠥᠮᠥᠰ ᠤᠨ ᠠᠮᠢᠳᠤᠷᠠᠯ ᠠᠵᠢᠯ ᠦᠢᠯᠡᠰ ᠢ ᠨᠡᠩ ᠢᠯᠡᠭᠦᠦ ᠬᠥᠳᠡᠯᠭᠡᠬᠦ | ᠬᠦᠴᠦᠨ ᠲᠠᠢ ᠪᠣᠯᠭᠠᠵᠤ ᠪᠣᠯᠣᠨ᠎ᠠ᠂ ᠭᠡᠪᠡᠴᠦ ᠳᠠᠷᠤᠯᠲᠠ ᠬᠡᠲᠦᠷᠬᠡᠢ ᠶᠡᠭᠡ ᠪᠣᠯᠪᠠᠯ ᠣᠯᠵᠠ ᠨᠢ ᠭᠠᠷᠤᠵᠠ ᠳᠠᠭᠠᠨ | ᠬᠦᠷᠬᠦ ᠦᠭᠡᠢ ᠪᠣᠯᠣᠨ᠎ᠠ᠃ ᠨᠠᠢᠮᠠᠨ ᠬᠤᠪᠢ ᠶᠢᠨ ᠡᠪᠡᠳᠴᠢᠨ ᠨᠢ ᠳᠠᠷᠤᠯᠲᠠ ᠠᠴᠠ ᠢᠷᠡᠯᠲᠡ ᠲᠠᠢ᠃ ᠡᠨᠡ ᠪᠣᠯ | ᠠᠮᠧᠷᠢᠺᠠ ᠶᠢᠨ ᠰᠡᠳᠬᠢᠯ ᠵᠦᠢ ᠶᠢᠨ ᠤᠬᠠᠭᠠᠨᠲᠠᠨ 2005 ᠣᠨ ᠳᠤ ᠣᠷᠴᠢᠮ ᠤᠨ 20 ᠵᠢᠯ ᠳᠤ ᠨᠡᠶᠢᠲᠡᠯᠡᠭᠰᠡᠨ | ᠰᠤᠳᠤᠯᠭᠠᠨ ᠤ ᠦᠷ᠎ᠡ ᠪᠦᠲᠦᠭᠡᠯ ᠢ ᠮᠥᠷᠳᠡᠨ ᠪᠠᠶᠢᠴᠠᠭᠠᠭᠰᠠᠨ ᠤ ᠳᠠᠷᠠᠭ᠎ᠠ ᠣᠯᠣᠭᠰᠠᠨ ᠳ᠋ᠦᠩᠨᠡᠯᠲᠡ ᠪᠣᠯᠣᠨ᠎ᠠ᠃ | ᠡᠭᠦᠨ ᠠᠴᠠ ᠭᠠᠳᠠᠨ᠎ᠠ᠂ ᠠᠮᠧᠷᠢᠺᠠ ᠶᠢᠨ ᠳᠠᠷᠤᠯᠲᠠ ᠶᠢᠨ ᠬᠠᠮᠢᠶᠠᠷᠤᠯᠲᠠ ᠶᠢᠨ ᠨᠡᠶᠢᠭᠡᠮᠯᠢᠭ ᠠᠴᠠ ᠪᠠᠰᠠ 75% ~ | 90% ᠶᠢᠨ ᠡᠬᠢᠨ ᠤ ᠬᠤᠭᠤᠴᠠᠭᠠᠨ ᠤ ᠳᠣᠲᠣᠷ ᠰᠠᠯᠠᠭᠠᠨ ᠤ ᠡᠪᠡᠳᠴᠢᠨ ᠪᠣᠯ ᠳᠠᠷᠤᠯᠲᠠ ᠠᠴᠠ ᠪᠣᠯᠤᠭᠰᠠᠨ ᠶᠤᠮ | ᠭᠡᠵᠦ ᠵᠢᠭᠠᠵᠤ ᠭᠠᠷᠭᠠᠵᠠᠢ᠃ ᠥᠭᠡᠷ᠎ᠡ ᠪᠠᠷ ᠬᠡᠯᠡᠪᠡᠯ᠂ ᠳᠣᠲᠣᠷ ᠰᠠᠯᠠᠭᠠᠨ ᠤ ᠡᠪᠡᠳᠴᠢᠲᠡᠨ ᠤ ᠳᠣᠲᠣᠷᠠᠬᠢ | ᠲᠤᠯᠤᠭᠠᠨ ᠬᠤᠪᠢ ᠠᠴᠠ ᠶᠢᠰᠦᠨ ᠬᠤᠪᠢ ᠨᠢ ᠭᠤᠣᠯᠳᠠᠭᠤ ᠳᠠᠷᠤᠯᠲᠠ ᠠᠴᠠ ᠪᠣᠯᠵᠤ ᠡᠯ᠎ᠡ ᠵᠦᠢᠯ ᠤᠨ ᠪᠡᠶ᠎ᠡ | ᠮᠠᠬᠠᠪᠤᠳ ᠤᠨ ᠡᠪᠡᠳᠴᠢᠨ ᠳᠤ ᠨᠡᠷᠪᠡᠭᠳᠡᠳᠡᠭ ᠪᠠᠶᠢᠨ᠎ᠠ᠃ ᠡᠳᠡᠭᠡᠷ ᠡᠪᠡᠳᠴᠢᠨ ᠤ ᠣᠯᠠᠩᠬᠢ ᠨᠢ ᠳᠠᠷᠤᠯᠲᠠ ᠬᠡᠲᠦᠷᠬᠡᠢ | ᠶᠡᠭᠡ ᠲᠠᠢ ᠬᠤᠯᠪᠤᠭ᠎ᠠ ᠲᠠᠢ᠃ ᠬᠤᠳᠣᠭᠤᠳᠤ ᠡᠪᠡᠳᠬᠦ᠂ ᠬᠤᠳᠣᠭᠤᠳᠤ ᠴᠢᠨᠦᠷᠡᠬᠦ᠂ ᠴᠢᠨᠠᠭᠰᠢᠯᠠᠪᠠᠯ | ᠬᠤᠳᠣᠭᠤᠳᠤᠨ ᠤ ᠰᠢᠷᠬᠠᠯᠠᠭ᠎ᠠ᠂ ᠨᠤᠭᠤᠯᠤᠭᠤᠷ ᠭᠡᠳᠡᠰᠦᠨ ᠤ ᠰᠢᠷᠬᠠᠯᠠᠭ᠎ᠠ ᠵᠡᠷᠭᠡ ᠰᠢᠩᠭᠡᠭᠡᠯᠲᠡ ᠶᠢᠨ ᠰᠢᠰᠲ᠋ᠧᠮ ᠤᠨ | ᠡᠪᠡᠳᠴᠢᠨ᠂ ᠲᠠᠷᠢᠬᠢ ᠵᠢᠷᠦᠬᠡᠨ ᠰᠤᠳᠠᠯ ᠤᠨ ᠡᠪᠡᠳᠴᠢᠨ᠂ ᠬᠥᠬᠦᠨ ᠪᠤᠯᠴᠢᠷᠬᠠᠢ ᠶᠢᠨ ᠡᠪᠡᠳᠴᠢᠨ᠂ ᠰᠢᠬᠢᠷ | ᠰᠢᠵᠢᠩ ᠡᠪᠡᠳᠴᠢᠨ᠂ ᠪᠠᠮᠪᠠᠢ ᠪᠤᠯᠴᠢᠷᠬᠠᠢ ᠶᠢᠨ ᠡᠪᠡᠳᠴᠢᠨ᠂ ᠵᠢᠷᠮᠦᠰᠦᠯᠡᠬᠦ ᠦᠭᠡᠢ ᠡᠪᠡᠳᠴᠢᠨ᠂ ᠬᠤᠣᠷᠲᠤ | ᠬᠠᠪᠤᠳᠠᠷ᠂ ᠭᠠᠩᠰᠠᠷᠠᠯ ᠤᠨ ᠭᠡᠮ᠂ ᠶᠠᠰᠤᠨ ᠤ ᠡᠳ᠋ ᠠᠯᠳᠠᠭᠳᠠᠬᠤ᠂ ᠨᠦᠢᠷ ᠬᠤᠯᠵᠢᠬᠤ ᠵᠡᠷᠭᠡ ᠡᠪᠡᠳᠴᠢᠨ ᠨᠢ | ᠪᠠᠷᠤᠭ ᠪᠦᠷ ᠳᠠᠷᠤᠯᠲᠠ ᠠᠴᠠ ᠪᠣᠯᠤᠭᠰᠠᠨ ᠶᠤᠮ ᠪᠠᠶᠢᠨ᠎ᠠ᠃ ᠰᠤᠳᠤᠯᠭᠠᠨ ᠠᠴᠠ ᠦᠵᠡᠪᠡᠯ᠂ ᠨᠠᠮ ᠲᠣᠭᠲᠠᠭᠤᠨ | ᠰᠠᠭᠤᠬᠤ᠂ ᠬᠥᠳᠡᠯᠭᠡᠭᠡᠨ ᠬᠢᠬᠦ᠂ ᠳᠠᠭᠤᠤ ᠬᠥᠭᠵᠢᠮ ᠰᠣᠨᠣᠰᠬᠤ᠂ ᠠᠩᠬᠠᠷᠤᠯ ᠢᠶᠠᠨ ᠰᠢᠯᠵᠢᠭᠦᠯᠬᠦ ᠵᠡᠷᠭᠡ ᠨᠢ | ᠳᠠᠷᠤᠯᠲᠠ ᠶᠢ ᠪᠠᠭᠠᠰᠬᠠᠬᠤ ᠳᠤ ᠮᠠᠰᠢ ᠲᠤᠰᠠ ᠲᠠᠢ ᠪᠠᠶᠢᠳᠠᠭ᠃ | |