11 ᠰᠠᠷ᠎ᠠ ᠶᠢᠨ 11 ᠤ ᠡᠳᠦᠷ ᠤᠨ 4 ᠴᠠᠭ ᠲᠤ᠂ ᠠᠵᠢᠯᠯᠠᠭᠤᠯᠵᠤ ᠬᠠᠮᠠᠭᠠᠯᠠᠬᠤ ᠠᠵᠢᠯᠲᠠᠨ ᠤ ᠡᠴᠦᠰ ᠤᠨ | ᠨᠢᠭᠡ ᠵᠦᠢᠯ ᠤᠨ ᠠᠵᠢᠯᠯᠠᠭᠠᠨ ᠤ ᠵᠢᠭᠠᠪᠤᠷᠢ ᠪᠡᠶᠡᠯᠡᠭᠳᠡᠬᠦ ᠶᠢ ᠳᠠᠭᠠᠯᠳᠤᠨ᠂ 220KV ᠶᠢᠨ ᠲᠦᠩ ᠸᠧᠢ ᠪᠤᠬᠢᠷᠳᠤᠯ | ᠦᠬᠡᠢ ᠮᠠᠲ᠋ᠧᠷᠢᠶᠠᠯ ᠤᠨ ᠬᠦᠴᠦᠳᠡᠯ ᠥᠭᠡᠷᠡᠴᠢᠯᠡᠬᠦ ᠥᠷᠲᠡᠭᠡ ᠵᠢᠩᠬᠢᠨᠢ ᠪᠠᠷ ᠴᠠᠬᠢᠯᠭᠠᠨ ᠠᠪᠴᠤ ᠠᠵᠢᠯᠯᠠᠵᠤ᠂ ᠥᠪᠥᠷ | ᠮᠣᠩᠭᠤᠯ ᠤᠨ ᠲᠦᠩ ᠸᠧᠢ ᠪᠣᠬᠢᠷᠲᠤᠯ ᠦᠭᠡᠢ ᠰᠠᠭᠤᠷᠢ ᠮᠠᠲ᠋ᠧᠷᠢᠶᠠᠯ ᠤᠨ ᠲᠦᠷᠦᠯ ᠵᠦᠢᠯ ᠤᠨ ᠵᠠᠯᠭᠠᠮᠵᠢ ᠲᠠᠩ | ᠮᠠᠰᠢᠨ ᠪᠠ ᠬᠤᠯᠪᠣᠭᠠᠯᠠᠨ ᠬᠥᠳᠡᠯᠦᠯᠴᠡᠵᠦ ᠲᠤᠷᠰᠢᠨ ᠲᠣᠬᠢᠷᠠᠭᠤᠯᠬᠤ ᠵᠢᠴᠢ ᠦᠢᠯᠡᠳᠪᠦᠷᠢᠯᠡᠯ ᠳᠤ ᠨᠠᠶᠢᠳᠠᠪᠤᠷᠢᠲᠠᠢ | ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠪᠠ᠃ | ᠥᠪᠥᠷ ᠮᠣᠩᠭᠤᠯ ᠤᠨ ᠲᠦᠩ ᠸᠧᠶ ᠪᠣᠬᠢᠷᠲᠤᠯ ᠥᠬᠡᠶ ᠰᠠᠭᠤᠷᠢ ᠮᠠᠲ᠋ᠧᠷᠢᠶᠠᠯ ᠤᠨ ᠲᠥᠷᠥᠯ ᠵᠦᠢᠯ ᠤᠨ | ᠡᠵᠡᠯᠡᠬᠦ ᠭᠠᠵᠠᠷ 1045 ᠮᠥ ᠪᠠᠶᠢᠵᠤ᠂ ᠲᠥᠷᠥᠯ ᠵᠦᠢᠯ ᠤᠨ ᠶᠡᠷᠦᠩᠬᠡᠶ ᠲᠠᠯ᠎ᠠ ᠪᠠᠷ ᠵᠢᠯ ᠳᠤ 36 ᠲᠦᠮᠡᠨ ᠲᠣᠨ | ᠪᠣᠬᠢᠷᠲᠤᠯ ᠥᠬᠡᠶ ᠴᠠᠬᠢᠭᠤᠷ ᠤᠨ ᠦᠢᠯᠡᠳᠪᠦᠷᠢᠯᠡᠯ ᠤᠨ ᠱᠤᠭᠤᠮ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠶᠢ | ᠲᠥᠯᠥᠪᠵᠢᠭᠦᠯᠦᠨ ᠪᠠᠶᠢᠭᠤᠯᠵᠤ᠂ ᠨᠡᠶᠢᠲᠡ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠨᠢᠭᠡᠳᠦᠭᠡᠷ | ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠶᠢᠨ | ᠬᠡᠷᠡᠭᠴᠡᠭᠡ 30 ᠲᠦᠮᠡᠨ ᠺᠢᠯᠣᠸᠠᠲ ᠪᠠᠶᠢᠵᠤ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠶᠢ 12 ᠲᠦᠮᠡᠨ ᠲᠣᠨ | ᠪᠣᠯᠭᠠᠬᠤ ᠪᠠᠷ ᠲᠥᠯᠥᠪᠯᠡᠵᠦ ᠪᠣᠶ᠃ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠥᠯᠥᠪᠯᠡᠭᠡ ᠪᠠᠷ ᠴᠠᠬᠢᠯᠭᠠᠨ ᠬᠡᠷᠡᠭᠯᠡᠬᠦ ᠳᠠᠭᠠᠭᠠᠴᠠ ᠨᠢ 50 ᠲᠦᠮᠡᠨ ᠺᠢᠯᠣᠸᠠᠲ ᠪᠠᠶᠢᠵᠤ᠂ | ᠵᠢᠯ ᠤᠨ ᠦᠢᠯᠡᠳᠪᠦᠷᠢᠯᠡᠬᠦ ᠴᠢᠳᠠᠪᠤᠷᠢ ᠶᠢ 24 ᠲᠦᠮᠡᠨ ᠲᠣᠨ ᠳᠤ ᠬᠦᠷᠬᠦ ᠪᠠᠷ ᠲᠥᠯᠥᠪᠯᠡᠵᠦ ᠪᠠᠶᠢᠨ᠎ᠠ᠃ ᠲᠦᠷᠦᠯ | ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠶᠢᠨ ᠲᠥᠯᠥᠭᠡ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠠᠵᠤ | ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠠᠯᠢ ᠴᠢᠳᠠᠬᠤ ᠪᠠᠷ ᠬᠠᠩᠭᠠᠪᠠ᠃ | ︽ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠪᠢᠳᠡᠨ ᠳᠤ ᠮᠠᠰᠢ ᠣᠯᠠᠨ ᠬᠦᠴᠢᠷᠳᠡᠯ | ᠲᠤᠯᠭᠠᠷᠠᠭᠤᠯᠤᠭᠰᠠᠨ᠂ ᠭᠡᠪᠡᠴᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ᠂ | ᠬᠤᠰᠢᠭᠤᠨ ᠤ ᠵᠠᠰᠠᠭ ᠤᠨ ᠣᠷᠳᠣᠨ ᠵᠢᠴᠢ ᠰᠠᠭᠤᠭ᠎ᠠ ᠭᠠᠵᠠᠷ ᠪᠠᠳᠤᠬᠠᠭᠠᠯᠭ᠎ᠠ ᠪᠠᠯᠭᠠᠰᠤ ᠵᠡᠷᠭᠡ ᠰᠠᠯᠠᠭ᠎ᠠ ᠮᠥᠴᠢᠷ | ᠪᠢᠳᠡᠨ ᠳᠤ ᠲᠦᠢᠯ ᠤᠨ ᠶᠡᠭᠡ ᠳᠡᠮᠵᠢᠯᠭᠡ ᠦᠵᠡᠭᠦᠯᠵᠡᠶ᠃ ᠮᠠᠨᠳᠤᠯ ᠪᠣᠯᠤᠨ ᠡᠯ᠎ᠡ ᠱᠠᠲᠤᠨ ᠤ ᠵᠠᠰᠠᠭ ᠤᠨ ᠣᠷᠳᠣᠨ ᠤ | ᠬᠦᠴᠦᠲᠡᠶ ᠬᠠᠪᠰᠤᠷᠤᠯᠭ᠎ᠠ ᠳᠣᠤᠷ᠎ᠠ᠂ ᠪᠢᠳᠡ 220KV ᠲᠦᠩ ᠸᠧᠶ ᠪᠤᠬᠢᠷᠳᠤᠯ ᠦᠬᠡᠢ ᠮᠠᠲ᠋ᠧᠷᠢᠶᠠᠯ ᠤᠨ | ᠬᠦᠴᠦᠳᠡᠯ ᠥᠭᠡᠷᠡᠴᠢᠯᠡᠬᠦ ᠥᠷᠲᠡᠭᠡ ᠶᠢᠨ ᠭᠠᠳᠠᠷ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠤᠭᠳᠠᠭᠰᠠᠨ | ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠲᠠᠮᠵᠢᠨ᠂ ᠨᠡᠯᠢᠶᠡᠳ ᠣᠬᠤᠷ | ᠬᠤᠭᠤᠴᠠᠭᠠᠨ ᠳᠤ᠂ 11 ᠰᠠᠷ᠎ᠠ ᠶᠢᠨ 10 ᠤ ᠡᠳᠦᠷ ᠤᠨ 22 ᠴᠠᠭ ᠤᠨ ᠣᠷᠴᠢᠮ ᠢᠶᠠᠷ ᠴᠠᠬᠢᠯᠭᠠᠨ ᠬᠦᠷᠭᠡᠬᠦ | ᠨᠥᠬᠦᠴᠡᠯ ᠢ ᠠᠮᠵᠢᠯᠲᠠ ᠲᠠᠢ ᠪᠦᠷᠢᠯᠳᠦᠭᠦᠯᠬᠦ ᠶᠢ ᠦᠨᠡᠨ ᠬᠦ ᠪᠠᠲᠤᠯᠠᠪᠠ︾ ᠬᠡᠵᠦ ᠥᠪᠥᠷ ᠮᠣᠩᠭᠤᠯ ᠤᠨ ᠲᠦᠩ | ᠸᠧᠢ ᠪᠣᠬᠢᠷᠲᠤᠯ ᠦᠭᠡᠢ ᠰᠠᠭᠤᠷᠢ ᠮᠠᠲ᠋ᠧᠷᠢᠶᠠᠯ ᠤᠨ ᠲᠦᠷᠦᠯ ᠵᠦᠢᠯ ᠤᠨ ᠵᠢᠯᠣᠭᠤᠳᠬᠤ ᠳᠠᠷᠤᠭ᠎ᠠ ᠳ᠋ᠦ᠋ ᠢ ᠵᠢᠶᠦ᠋ᠨ | ᠢᠯᠠᠯᠲᠠ ᠲᠠᠢ ᠪᠠᠷ ᠴᠠᠬᠢᠯᠭᠠᠨ ᠬᠦᠷᠭᠡᠬᠦ ᠳᠤᠮᠳᠠ ᠲᠤᠯᠭᠠᠷᠠᠭᠰᠠᠨ ᠠᠰᠠᠭᠤᠳᠠᠯ ᠤᠨ ᠲᠤᠬᠠᠢ ᠲᠤᠶᠢᠯ ᠢᠶᠠᠷ ᠰᠡᠳᠬᠢᠯ | ᠲᠤᠭᠳᠤᠯᠤᠨ ᠶᠠᠷᠢᠵᠤ ᠪᠠᠶᠢᠯ᠎ᠠ ᠃ | ︽ ᠮᠠᠨ ᠤ ᠬᠡᠷᠡᠭᠯᠡᠬᠦ ᠴᠠᠬᠢᠯᠭᠠᠨ ᠪᠣᠯ ᠴᠥᠮ ᠪᠠᠷᠢᠯᠭ᠎ᠠ ᠶᠢᠨ ᠲᠦᠷ ᠴᠠᠭ ᠤᠨ ᠴᠠᠬᠢᠯᠭᠠᠨ ᠪᠣᠯᠤᠨ᠎ᠠ᠂ | ᠪᠦᠬᠦ᠋ᠢᠯᠡ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠲᠠᠩ ᠮᠠᠰᠢᠨ ᠪᠠ ᠬᠤᠯᠪᠣᠭᠠᠯᠠᠨ ᠬᠥᠳᠡᠯᠦᠯᠴᠡᠵᠦ | ᠲᠤᠷᠰᠢᠨ ᠲᠤᠬᠢᠷᠠᠭᠤᠯᠵᠤ᠂ ᠲᠠᠩ ᠮᠠᠰᠢᠨ ᠤ ᠳᠠᠭᠠᠭᠠᠴᠠ ᠶᠢᠨ ᠶᠡᠭᠡ ᠲᠠᠯ᠎ᠠ ᠶᠢ ᠴᠥᠮ ᠡᠬᠢᠯᠡᠭᠦᠯᠬᠦ ᠶᠢᠨ ᠠᠷᠭ᠎ᠠ | ᠦᠭᠡᠢ ᠪᠠᠶᠢᠵᠠᠢ︾ ︽ᠴᠠᠬᠢᠯᠭᠠᠨ︾ ᠪᠣᠯ ᠥᠪᠥᠷ ᠮᠣᠩᠭᠤᠯ ᠤᠨ ᠲᠦᠩ ᠸᠧᠢ ᠪᠣᠬᠢᠷᠲᠤᠯ ᠦᠭᠡᠢ ᠰᠠᠭᠤᠷᠢ | ᠮᠠᠲ᠋ᠧᠷᠢᠶᠠᠯ ᠤᠨ ᠲᠦᠷᠦᠯ ᠵᠦᠢᠯ ᠤᠨ ᠬᠤᠶᠢᠰᠢᠳᠠ ᠶᠢᠨ ᠪᠦᠳᠦᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ | ᠵᠠᠩᠭᠢᠯᠠᠭ᠎ᠠ ᠶᠢᠨ ᠬᠦᠴᠦᠨ ᠵᠦᠢᠯ ᠪᠣᠯᠤᠨ᠎ᠠ᠂ 220KV ᠶᠢᠨ ᠲᠦᠩ ᠸᠧᠢ ᠪᠤᠬᠢᠷᠳᠤᠯ ᠦᠬᠡᠢ ᠮᠠᠲ᠋ᠧᠷᠢᠶᠠᠯ ᠤᠨ | ᠬᠦᠴᠦᠳᠡᠯ ᠥᠭᠡᠷᠡᠴᠢᠯᠡᠬᠦ ᠥᠷᠲᠡᠭᠡ ᠶᠢᠨ ᠠᠮᠵᠢᠯᠲᠠ ᠲᠠᠢ ᠪᠠᠷ ᠴᠠᠬᠢᠯᠭᠠᠨ ᠬᠦᠷᠭᠡᠬᠦ ᠠᠵᠢᠯᠯᠠᠭ᠎ᠠ ᠨᠢ ᠬᠢᠵᠠᠭᠠᠷᠯᠠᠵᠦ | ᠪᠠᠶᠢᠭ᠎ᠠ ᠠᠰᠠᠭᠤᠳᠠᠯ ᠢ ᠰᠢᠢᠳᠪᠦᠷᠢᠯᠡᠵᠠᠢ ᠃ | ᠠᠮᠵᠢᠯᠲᠠ ᠲᠠᠢ ᠪᠠᠷ ᠴᠠᠬᠢᠯᠭᠠᠨ ᠬᠦᠷᠭᠡᠵᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ︽ | ᠬᠤᠷᠳᠤᠴᠠ ᠪᠠᠨ ᠲᠦᠷᠭᠡᠳᠭᠡᠬᠦ ᠳᠠᠷᠤᠪᠴᠢ︾ ᠶᠢ ᠳᠠᠷᠤᠪᠠ᠃ ᠳᠠᠷᠠᠭ᠎ᠠ ᠠᠯᠬᠤᠮ ᠤᠨ ᠲᠥᠷᠥᠯ ᠵᠦᠢᠯ ᠢ ᠲᠦᠯᠬᠢᠨ | ᠠᠬᠢᠭᠤᠯᠬᠤ ᠳᠤ ᠳ᠋ᠦ᠋ ᠢ ᠵᠢᠶᠦ᠋ᠨ᠄ ︽220KV ᠶᠢᠨ ᠲᠦᠩ ᠸᠧᠢ ᠪᠤᠬᠢᠷᠳᠤᠯ ᠦᠬᠡᠢ ᠮᠠᠲ᠋ᠧᠷᠢᠶᠠᠯ ᠤᠨ | ᠬᠦᠴᠦᠳᠡᠯ ᠥᠭᠡᠷᠡᠴᠢᠯᠡᠬᠦ ᠥᠷᠲᠡᠭᠡ ᠶᠢᠨ ᠴᠠᠬᠢᠯᠭᠠᠨ ᠬᠦᠷᠭᠡᠬᠦ ᠠᠴᠠ ᠡᠮᠦᠨ᠎ᠡ ᠪᠢᠳᠡ ᠦᠨᠳᠦᠰᠦᠨ ᠳᠡᠭᠡᠨ ᠮᠠᠰᠢᠨ | ᠮᠧᠬᠠᠨᠢᠭ ᠠᠵᠢᠯ ᠳᠠᠭᠤᠰᠴᠤ᠂ ᠴᠠᠬᠢᠯᠭᠠᠨ ᠢᠷᠡᠭᠰᠡᠨ ᠤ ᠳᠠᠷᠠᠭ᠎ᠠ ᠳᠠᠩ ᠮᠠᠰᠢᠨ ᠪᠠ ᠬᠤᠯᠪᠣᠭᠠᠯᠠᠨ ᠬᠥᠳᠡᠯᠦᠯᠴᠡᠵᠦ | ᠲᠤᠷᠰᠢᠨ ᠲᠣᠬᠢᠷᠠᠭᠤᠯᠵᠤ ᠪᠣᠯᠤᠨ᠎ᠠ᠂ ᠮᠠᠨ ᠤ ᠪᠣᠳᠠᠰ ᠤᠨ ᠮᠠᠲ᠋ᠧᠷᠢᠶᠠᠯ᠂ ᠲᠦᠭᠦᠬᠡᠶ ᠮᠠᠲ᠋ᠧᠷᠢᠶᠠᠯ ᠵᠡᠷᠭᠡ ᠨᠢ ᠴᠥᠮ | ᠵᠠᠯᠭᠠᠭ᠎ᠠ ᠪᠠᠷ ᠦᠷᠬᠦᠯᠵᠢᠯᠡᠨ ᠬᠦᠷᠴᠤ᠂ ᠬᠦᠮᠦᠷᠭᠡ ᠳᠤ ᠤᠷᠤᠭᠤᠯᠤᠨ᠂ ᠬᠤᠯᠪᠣᠭᠠᠯᠠᠨ ᠬᠥᠳᠡᠯᠦᠯᠴᠡᠵᠦ ᠲᠤᠷᠰᠢᠨ | ᠲᠣᠬᠢᠷᠠᠭᠤᠯᠵᠤ ᠳᠠᠭᠤᠰᠤᠭᠰᠠᠨ ᠤ ᠳᠠᠷᠠᠭ᠎ᠠ ᠳᠠᠷᠤᠶ ᠲᠦᠷᠭᠡᠨ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠵᠤ᠂ | ᠡᠨᠡ ᠵᠢᠯ ᠤᠨ ᠡᠴᠦᠰ᠂ ᠢᠷᠡᠬᠦ ᠵᠢᠯ ᠤᠨ ᠡᠬᠢ ᠠᠴᠠ ᠡᠮᠦᠨ᠎ᠡ ᠮᠠᠨ ᠤ ᠲᠥᠬᠦᠭᠡᠷᠦᠮᠵᠢ 12 ᠲᠦᠮᠡᠨ ᠲᠣᠨ ᠤ | ᠴᠢᠳᠠᠪᠦᠷᠢ ᠳᠤ ᠬᠦᠷᠭᠡᠬᠦ ᠪᠠᠷ ᠲᠦᠯᠦᠪᠯᠡᠵᠦ ᠪᠠᠶᠢᠨ᠎ᠠ︾ ᠭᠡᠵᠦ ᠬᠡᠯᠡᠪᠡ᠃ | | | |