ᠴᠢᠬᠤᠯᠠ ᠮᠡᠳᠡᠭᠡ︕ ᠥᠪᠥᠷ ᠮᠣᠩᠭᠤᠯ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/15
      10 ᠳ᠋ᠤᠭᠠᠷ ᠰᠠᠷ᠎ᠠ ᠶᠢᠨ 31 ᠤ ᠡᠳᠦᠷ ᠠᠴᠠ 11 ᠳ᠋ᠦ᠋ᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠲᠤᠰᠬᠠᠢ ᠰᠡᠳᠦᠪ ᠬᠤᠪᠢᠶᠠᠨ 7 ᠲᠠᠯᠠᠪᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 23 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠤᠷᠢᠨ ᠣᠷᠣᠯᠴᠠᠭᠤᠯᠵᠤ᠂ ᠬᠠᠮᠢᠶ᠎ᠠ ᠪᠦᠬᠦᠢ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠠ ᠲᠠᠨᠢᠯᠴᠠᠭᠤᠯᠵᠤ ᠪᠠᠷ ᠪᠠᠶᠢᠨ᠎ᠠ᠃      ᠥᠪᠥᠷ ᠮᠣᠩᠭᠤᠯ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠠᠩ ᠰᠠᠶᠢᠲᠤᠷ ᠤᠷᠮᠠᠰᠢᠭᠤᠯᠤᠨ ᠵᠣᠷᠢᠭᠵᠢᠭᠤᠯᠪᠠ      10 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠢᠷᠢᠰ ᠭᠤᠣᠯ ᠰᠡᠳᠦᠪ ᠤᠨ ᠨᠢᠭᠡᠳᠦᠭᠡᠷ ᠲᠠᠯᠠᠪᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ ᠵᠡᠷᠭᠡ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ︽ᠲᠥᠷᠥᠯ ᠵᠦᠢᠯ ᠤᠨ ᠨᠠᠷᠢᠨ ᠳᠠᠩᠰᠠ︾ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ ᠺᠠᠳ᠋ᠷ ᠠᠵᠢᠯᠲᠠᠨ ᠤ ᠶᠠᠪᠤᠳᠠᠯ ᠤᠨ ᠳᠦᠷᠢᠮ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠳᠦᠷᠢᠮ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠵᠡᠷᠭᠡ 4 ᠲᠠᠯ᠎ᠠ ᠶᠢ ᠠᠬᠢᠭᠤᠯᠬᠤ ᠲᠤᠬᠠᠢ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 16 ᠭᠤᠣᠯᠳᠠᠯᠭ᠎ᠠ ᠪᠣᠯᠬᠤ ᠥᠭᠡᠷᠡᠴᠢᠯᠡᠯᠲᠡ ᠶᠢᠨ ᠵᠦᠢᠯᠡᠰ ᠢ ᠳᠤᠷᠠᠳᠤᠨ ᠭᠠᠷᠭᠠᠵᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠰᠢᠨ᠎ᠡ ᠨᠢᠭᠡᠨ ᠡᠭᠡᠯᠵᠢᠨ ᠤ ᠥᠭᠡᠷᠡᠴᠢᠯᠡᠯᠲᠡ ᠶᠢ ᠦᠳᠲᠡᠷ ᠲᠦᠷᠭᠡᠨ ᠡᠬᠢᠯᠡᠭᠦᠯᠵᠦ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃      ᠤᠨᠤᠯ ᠢᠶᠠᠷ ᠵᠡᠪᠰᠡᠭᠯᠡᠬᠦ ᠲᠠᠯ᠎ᠠ ᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠪᠠ᠃ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠶᠢᠨ ᠳᠦᠷᠢᠮ ᠢ ᠪᠦᠷᠢᠨᠰᠢᠭᠦᠯᠦᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠳᠤᠷᠢᠳᠬᠤ ᠪᠠᠭ ᠤᠨ ᠨᠣᠮ ᠤᠩᠰᠢᠬᠤ ᠠᠩᠭᠢ᠂ ︽ᠨᠢᠭᠡᠳᠦᠭᠡᠷ ᠵᠥᠪᠯᠡᠬᠦ ᠰᠡᠳᠦᠪ︾᠂ ᠲᠤᠰᠬᠠᠢ ᠰᠡᠳᠦᠪᠲᠦ ᠨᠠᠮ ᠤᠨ ᠬᠢᠴᠢᠶᠡᠯ ᠵᠡᠷᠭᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠥᠨᠥ ᠵᠢᠯ ᠲᠢᠩᠬᠢᠮ ᠲᠣᠪᠴᠢᠶᠠᠨ ᠲᠡᠰ ᠤᠨ ᠺᠠᠳ᠋ᠷᠴᠤᠳ ᠢ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ 5 ᠬᠤᠭᠤᠴᠠᠭ᠎ᠠ ᠵᠠᠯᠭᠠᠭ᠎ᠠ ᠪᠠᠷ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷᠴᠤᠳ ᠢ ᠴᠥᠮ ᠪᠣᠯᠪᠠᠰᠤᠷᠠᠭᠤᠯᠬᠤ ᠶᠢ ᠪᠡᠶᠡᠯᠡᠭᠦᠯᠦᠨ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠥᠭᠡᠷᠡᠴᠢᠯᠡᠯᠲᠡ ᠬᠥᠭᠵᠢᠯᠲᠡ ᠶᠢᠨ ᠠᠬᠢᠭᠤᠯᠤᠭᠴᠢ ᠪᠣᠳᠠᠲᠠᠢ ᠠᠵᠢᠯᠯᠠᠭᠴᠢ ᠪᠣᠯᠭᠠᠬᠤ ᠪᠠᠷ ᠴᠢᠷᠮᠠᠶᠢᠪᠠ᠃      ᠺᠠᠳ᠋ᠷ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ᠂ ᠺᠠᠳ᠋ᠷᠴᠤᠳ ᠤᠨ ᠳᠤᠷ᠎ᠠ ᠪᠠᠷ ᠦᠢᠯᠡᠳᠬᠦᠢ᠂ ᠦᠯᠦ ᠦᠢᠯᠡᠳᠬᠦᠢ᠂ ᠦᠢᠯᠡᠳᠬᠦᠢ ᠵᠣᠷᠢᠭ ᠦᠭᠡᠢ᠂ ᠦᠢᠯᠡᠳᠬᠦᠢ ᠳᠤᠷ ᠴᠢᠳᠠᠮᠠᠭᠠᠢ ᠪᠤᠰᠤ ᠪᠠᠶᠢᠬᠤ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠡᠢ᠃ ᠠᠵᠢᠯ ᠤᠨ ᠠᠮᠵᠢᠯᠲᠠ ᠶᠢᠨ ᠦᠵᠡᠯᠲᠡ ᠶᠢᠨ ᠵᠥᠷᠢᠶ᠎ᠡ ᠶᠢ ᠰᠡᠷᠭᠡᠶᠢᠯᠡᠬᠦ ᠪᠠ ᠵᠠᠯᠠᠷᠠᠭᠤᠯᠤᠨ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠠᠮᠵᠢᠯᠲᠠ ᠶᠢᠨ ᠰᠢᠯᠭᠠᠨ ᠬᠢᠨᠠᠬᠤ ᠶᠢ ᠰᠠᠶᠢᠵᠢᠷᠠᠭᠤᠯᠵᠤ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠢᠩᠬᠢᠨᠢ ᠠᠮᠵᠢᠯᠲᠠ ᠭᠠᠷᠭᠠᠯᠭᠠᠨ᠎ᠠ᠃ ᠪᠥᠬᠦ ᠣᠷᠣᠨ ᠤ ᠣᠲᠣ ᠶᠢᠨ ᠲᠤᠰᠢᠶᠠᠯ ᠢᠶᠠᠨ ᠡᠭᠦᠷᠭᠡᠯᠡᠬᠦ ᠳᠤ ᠲᠣᠬᠢᠷᠠᠬᠤ ᠦᠭᠡᠢ 169 ᠺᠠᠳ᠋ᠷ ᠲᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠬᠢᠵᠦ᠂ ᠴᠢᠳᠠᠪᠤᠷᠢ ᠲᠠᠢ ᠶᠢ ᠨᠢ ᠳᠡᠪᠰᠢᠭᠦᠯᠬᠦ᠂ ᠰᠢᠯᠢᠳᠡᠭ ᠢ ᠨᠢ ᠱᠠᠩᠨᠠᠬᠤ᠂ ᠴᠢᠳᠠᠪᠤᠷᠢ ᠦᠭᠡᠢ ᠶᠢ ᠨᠢ ᠪᠠᠭᠤᠯᠭᠠᠬᠤ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠲᠠᠢ ᠪᠣᠯᠬᠤ ᠶᠢ ᠠᠬᠢᠭᠤᠯᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠯᠳᠠᠰᠢ ᠶᠢ ᠠᠭᠤᠴᠢᠯᠠᠬᠤ ᠪᠠ ᠵᠠᠯᠠᠷᠠᠭᠤᠯᠬᠤ 8 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠵᠤ ᠭᠠᠷᠭᠠᠭᠰᠠᠨ 199 ᠨᠡᠷᠡᠰ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠳᠣᠲᠣᠷᠠᠬᠢ 157 ᠬᠥᠮᠥᠨ ᠢ ᠳᠡᠪᠰᠢᠭᠦᠯᠦᠭᠡᠳ ᠴᠢᠬᠤᠯᠠᠴᠢᠯᠠᠨ ᠬᠡᠷᠡᠭᠯᠡᠵᠦ᠂ ᠺᠠᠳ᠋ᠷᠴᠤᠳ ᠤᠨ ᠥᠷᠢᠰᠦᠯᠳᠦᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠠᠢ᠃ ᠵᠠᠯᠠᠭᠤ ᠺᠠᠳ᠋ᠷᠴᠤᠳ ᠤᠨ ︽ᠨᠢᠭᠡ ᠵᠠᠭᠤ ᠭᠤᠷᠪᠠᠨ ᠮᠢᠩᠭᠠᠨ︾ ᠰᠢᠯᠢᠳᠡᠭ ᠴᠢᠳᠠᠪᠤᠷᠢᠲᠠᠨ ᠬᠥᠮᠥᠵᠢᠭᠦᠯᠦᠨ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠺᠠᠳ᠋ᠷᠴᠤᠳ ᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠨᠢᠭᠡᠳᠦᠭᠡᠷ ᠹᠷᠣᠨᠲ ᠲᠤ ᠣᠴᠢᠭᠤᠯᠵᠤ ᠪᠠᠶᠢᠭᠠᠳ ᠬᠥᠮᠥᠵᠢᠭᠦᠯᠦᠨ ᠪᠣᠯᠪᠠᠰᠤᠷᠠᠭᠤᠯᠵᠤ᠂ ᠺᠠᠳ᠋ᠷᠴᠤᠳ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠪᠢᠶᠠᠰ ᠴᠢᠳᠠᠪᠤᠷᠢ ᠶᠢ ᠨᠢ ᠴᠢᠩᠭᠠᠷᠠᠭᠤᠯᠪᠠ᠃      ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠲᠠᠯ᠎ᠠ ᠪᠠᠷ᠂ ︽ᠲᠠᠪᠤᠨ ᠪᠠᠬᠢᠯᠡᠯᠲᠡ︾ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠬᠦᠷᠢᠶ᠎ᠡ ᠡᠯ᠎ᠡ ᠱᠠᠲᠤ ᠳᠡᠰ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠠᠬᠢᠭᠤᠯᠪᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠡᠳᠬᠦᠵᠦ ᠬᠥᠲᠥᠯᠥᠨ ᠳᠠᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠢᠶᠠᠨ ᠮᠥᠷᠦ᠋ᠢᠴᠡᠵᠦ ᠮᠠᠩᠯᠠᠢ ᠪᠣᠯᠬᠤ ᠪᠠᠷ ᠴᠢᠷᠮᠠᠶᠢᠬᠤ︾ ᠵᠡᠷᠭᠡ 3 ᠵᠦᠢᠯ ᠤᠨ ᠠᠵᠢᠯᠯᠠᠭᠠᠨ ᠢ ᠬᠡᠷᠡᠭᠵᠢᠭᠦᠯᠵᠦ᠂ ᠰᠤᠯᠠ ᠳᠣᠷᠣᠢ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠳᠠᠬᠢᠨ ᠳᠠᠪᠲᠠᠨ ᠵᠢᠭᠰᠠᠭᠠᠨ ᠪᠠᠶᠢᠴᠠᠭᠠᠵᠤ ᠴᠡᠭᠴᠡᠯᠡᠭᠰᠡᠨ ᠪᠠᠶᠢᠨ᠎ᠠ᠃ ᠬᠤᠲᠠ ᠬᠥᠳᠡᠭᠡᠨ ᠤ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ︽ᠤᠮᠠᠷᠠᠲᠤ ᠬᠢᠯᠢ ᠶᠢᠨ ᠬᠤᠪᠢᠰᠬᠠᠯᠲᠤ ᠲᠣᠣᠷᠵᠢᠯ ᠵᠠᠰᠠᠯᠲᠠ ᠶᠢᠨ ᠦᠢᠯᠡᠴᠢᠯᠡᠭᠡᠨ ᠤ ᠠᠵᠢᠯ ᠤᠨ ᠵᠦᠭᠯᠡᠭᠦᠷ︾ ᠵᠡᠷᠭᠡ ᠶᠢ ᠳᠣᠭᠲᠠᠭᠠᠨ᠂ ᠲᠣᠣᠷᠵᠢᠯ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠠᠵᠢᠯᠲᠠᠳ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ︽ᠴᠢᠳᠠᠯ ᠠᠴᠠ ᠨᠢ ᠬᠡᠲᠦᠷᠡᠭᠦᠯᠵᠦ ᠪᠠᠶᠢᠭ᠎ᠠ︾ ᠲᠣᠪᠤᠶᠢᠮ᠎ᠠ ᠠᠰᠠᠭᠤᠳᠠᠯ ᠤᠳ ᠢ ᠲᠥᠪᠯᠡᠷᠡᠭᠦᠯᠦᠨ ᠴᠡᠭᠴᠡᠯᠡᠵᠦ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠵᠡᠷᠭᠡ ᠪᠠᠷ ᠳᠠᠮᠵᠢᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠳᠤᠮᠳᠠᠴᠢ ᠪᠠᠷ 225 ᠵᠦᠢᠯ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠠᠵᠢᠯ ᠤᠨ ᠶᠠᠪᠤᠳᠠᠯ ᠢ ᠳᠤᠮᠳᠠᠴᠢ ᠪᠠᠷ 60 ᠭᠠᠷᠤᠢ ᠵᠦᠢᠯ ᠴᠥᠬᠡᠳᠬᠡᠵᠦ᠂ ᠦᠨᠳᠦᠰᠦᠨ ᠱᠠᠲᠤᠨ ᠠᠴᠠ ᠵᠢᠭᠡᠯᠡᠵᠦ ᠬᠡᠷᠡᠭᠯᠡᠭᠰᠡᠨ 1592 ᠬᠥᠮᠥᠨ ᠢ ᠠᠵᠢᠯ ᠤᠨ ᠪᠠᠶᠢᠷᠢᠨ ᠳᠤ ᠨᠢ ᠪᠤᠴᠠᠭᠠᠬᠤ ᠶᠢ ᠰᠢᠮᠳᠠᠭᠤᠯᠪᠠ᠃      ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠬᠤ ᠲᠠᠯ᠎ᠠ ᠪᠠᠷ᠂ ᠴᠢᠳᠠᠪᠤᠷᠢᠲᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠲᠥᠪ ᠳᠥᠷᠪᠡᠨ ᠬᠦᠷᠢᠶᠡᠯᠡᠩ ᠲᠣᠭᠤᠷᠢᠭ︾ ᠢᠶᠠᠨ ᠪᠠᠶᠢᠷᠢ ᠵᠦᠷᠢᠭᠦᠯᠦᠨ ᠬᠥᠭᠵᠢᠭᠦᠯᠬᠦ ᠶᠢ ᠳᠡᠮᠵᠢᠵᠦ᠂ ᠬᠤᠸᠠᠢ ᠷᠧᠦ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ ᠵᠡᠷᠭᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠪᠠᠶᠢᠩᠭᠤ ᠶᠢᠨ ᠴᠢᠨᠠᠷᠲᠠᠢ ᠰᠣᠯᠢᠯᠴᠠᠭ᠎ᠠ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠪᠡ᠃ ︽ᠬᠤᠶᠠᠷ ᠠᠵᠢᠯᠯᠠᠭᠠᠨ ᠭᠤᠷᠪᠠᠨ ᠢᠨᠵᠧᠨᠧᠷᠢᠩ︾ ᠢᠶᠠᠷ ᠵᠢᠯᠣᠭᠤᠳᠤᠮᠵᠢ ᠪᠣᠯᠭᠠᠵᠤ᠂ ᠳᠡᠭᠡᠳᠦ ᠲᠠᠰ ᠤᠨ ᠴᠢᠳᠠᠪᠤᠷᠢᠲᠠᠳ ᠢ ᠣᠷᠣᠭᠤᠯᠤᠨ ᠠᠪᠴᠢᠷᠠᠭᠰᠠᠨ ᠪᠠ ᠬᠦᠮᠦᠵᠢᠭᠦᠯᠪᠡ᠃ ᠬᠥᠮᠥᠵᠢᠭᠦᠯᠵᠦ 5 ᠬᠦᠮᠦᠨ ᠨᠢ ︽ᠡᠷᠳᠡᠮᠲᠡᠳ ᠢ ᠬᠥᠬᠢᠭᠦᠯᠬᠦ ᠬᠥᠭᠡᠮᠦ᠋ᠷᠡᠨ ᠲᠥᠯᠥᠪᠯᠡᠭᠡ︾ ᠪᠠᠷ ᠰᠤᠩᠭᠤᠭᠳᠠᠵᠤ᠂ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠦᠷᠦᠯ ᠵᠦᠢᠯ ᠳᠤ 1 ᠬᠥᠮᠥᠨ ᠰᠣᠩᠭᠤᠭᠳᠠᠵᠤ᠂ ᠤᠯᠤᠰ ᠤᠨ ᠭᠤᠣᠯᠳᠠᠯᠭ᠎ᠠ ᠪᠣᠯᠬᠤ ᠴᠢᠳᠠᠪᠤᠷᠢᠲᠠᠳ ᠢ ᠳᠡᠮᠵᠢᠬᠦ ᠲᠥᠯᠥᠪᠯᠡᠭᠡ ᠳᠤ 14 ᠬᠥᠮᠥᠨ ᠰᠤᠩᠭᠤᠭᠳᠠᠵᠤ᠂ ᠤᠯᠤᠰ ᠤᠨ ᠭᠠᠷᠮᠠᠭᠠᠢ ᠢᠨᠵᠧᠨᠧᠷ ᠢᠶᠠᠷ 2 ᠬᠥᠮᠥᠨ ᠰᠤᠩᠭᠤᠭᠳᠠᠪᠠ᠃      ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠᠰᠠ 4 ᠵᠦᠢᠯ ᠤᠨ ᠭᠤᠣᠯᠳᠠᠯᠭ᠎ᠠ ᠪᠣᠯᠬᠤ ᠥᠭᠡᠷᠡᠴᠢᠯᠡᠯᠲᠡ ᠶᠢᠨ ᠳᠦᠷᠢᠮ ᠤᠨ ᠪᠢᠴᠢᠭ ᠮᠠᠲ᠋ᠧᠷᠢᠶᠠᠯ ᠨᠡᠶᠢᠲᠡᠯᠡᠪᠡ᠂ ᠲᠡᠳᠡᠭᠡᠷ ᠲᠤ ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠲᠠᠰ ᠢ ᠵᠡᠷᠭᠡ ᠪᠠᠷ ᠬᠡᠷᠡᠭᠵᠢᠭᠦᠯᠬᠦ ᠲᠣᠭᠲᠠᠭᠠᠯ ᠢ ᠨᠠᠶᠢᠳᠠᠪᠤᠷᠢᠵᠢᠭᠤᠯᠬᠤ᠂ ᠲᠤᠰᠬᠠᠢ ᠮᠡᠷᠭᠡᠵᠢᠯ ᠤᠨ ᠲᠥᠷᠥᠯ ᠤᠨ ᠠᠯᠪᠠᠲᠠᠨ ᠢ ᠲᠥᠷᠥᠯ ᠬᠤᠪᠢᠶᠠᠨ ᠬᠠᠮᠢᠶᠠᠷᠬᠤ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠠᠷᠭ᠎ᠠ ᠶᠢ ᠨᠡᠶᠢᠲᠡᠯᠡᠬᠦ᠂ ᠪᠠᠶᠢᠭᠤᠯᠭ᠎ᠠ ᠶᠢᠨ ᠰᠤᠷᠲᠠᠯ ᠢ ᠰᠠᠶᠢᠵᠢᠷᠠᠭᠤᠯᠬᠤ ᠵᠡᠷᠭᠡ ᠶᠢ ᠪᠠᠭᠲᠠᠭᠠᠪᠠ᠃      ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠳᠤᠪᠤᠶᠢᠯᠭᠠᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ      11 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠤᠣᠯ ᠰᠡᠳᠦᠪᠲᠦ ᠬᠤᠶᠠᠳᠤᠭᠠᠷ ᠲᠠᠯᠠᠪᠤᠷ ᠤᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ — ︽ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠲᠤᠰᠬᠠᠢ ᠲᠠᠯᠠᠪᠤᠷ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠴᠠ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠪᠠᠨ ᠲᠠᠨᠢᠯᠴᠠᠭᠤᠯᠪᠠ᠃      ᠥᠪᠥᠷ ᠮᠣᠩᠭᠤᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠵᠤ᠂ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠪᠠᠷ ᠳᠠᠮᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠪᠠᠲᠤᠯᠠᠨ ᠳᠡᠮᠵᠢᠬᠦ ᠡᠷᠴᠢᠮ ᠢᠶᠠᠨ ᠴᠢᠩᠭᠠᠷᠠᠭᠤᠯᠪᠠ᠃ ᠣᠳᠣᠬᠠᠨ ᠪᠣᠯᠲᠠᠯ᠎ᠠ᠂ ᠠᠰᠠᠭᠤᠳᠠᠯ ᠢ ᠰᠢᠢᠳᠪᠦᠷᠢᠯᠡᠬᠦ᠂ ᠬᠠᠷᠢᠯᠴᠠᠵᠤ ᠦᠢᠯᠡᠴᠢᠯᠡᠬᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ᠂ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠳᠥᠷᠪᠡᠨ ᠠᠵᠢᠯ ᠤᠨ ᠲᠣᠭᠲᠠᠯᠴᠠᠭ᠎ᠠ ᠶᠢ ᠪᠠᠶᠢᠭᠤᠯᠪᠠ᠃      ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠣᠨᠴᠠᠯᠢᠭᠲᠤ ᠳᠠᠪᠠᠭᠤᠯᠢᠭ ᠢ ᠬᠠᠷᠠᠭᠤᠯᠤᠭᠰᠠᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠣᠭᠲᠠᠴᠠ ᠪᠠᠨ ᠲᠦᠷᠭᠡᠳᠬᠡᠨ ᠲᠡᠭᠦᠯᠳᠡᠷᠵᠢᠭᠦᠯᠪᠠ ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ︽1+7︾ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠨᠠᠶᠢᠳᠠᠪᠤᠷᠢᠵᠢᠭᠤᠯᠤᠨ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ ᠠᠬᠢᠭᠤᠯᠵᠤ᠂ ︽ᠬᠠᠮᠢᠶᠠᠷᠤᠯᠲᠠ ᠶᠢᠨ ᠵᠥᠪᠯᠡᠯ + ᠺᠣᠮᠫᠠᠨᠢ︾ ᠶᠢᠨ ᠬᠡᠪ ᠵᠠᠭᠪᠤᠷ ᠢ ᠢᠳᠡᠪᠬᠢᠲᠡᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠪᠡ᠃ 1 – 9 ᠳ᠋ᠦ᠋ᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ ᠪᠥᠬᠦ ᠵᠢᠯ ᠤᠨ 7% ᠶᠢᠨ ᠵᠢᠱᠢᠭᠰᠡᠨ ᠬᠠᠷᠠᠯᠲᠠ ᠠᠴᠠ ᠥᠨᠳᠥᠷ ᠪᠣᠯᠪᠠ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 12.2% ᠢᠶᠠᠷ ᠨᠡᠮᠡᠭᠳᠡᠨ᠂ ᠪᠡᠯᠡ ᠣᠷᠣᠭᠤᠯᠤᠯᠲᠠ ᠶᠢᠨ ᠵᠣᠭᠤᠰᠤᠨ ᠤ ᠲᠤᠭ᠎ᠠ ᠨᠢ ᠵᠢᠯ ᠤᠨ ᠲᠥᠯᠥᠪᠯᠡᠭᠡ ᠶᠢᠨ ᠢᠶᠠᠨ 82.4% ᠶᠢ ᠪᠡᠶᠡᠯᠡᠭᠦᠯᠪᠡ᠃      ᠡᠳ᠋ ᠤᠨ ᠵᠠᠰᠠᠭ ᠤᠨ ᠬᠦᠷᠢᠶᠡᠨ ᠳᠤ᠂ ᠥᠪᠥᠷ ᠮᠣᠩᠭᠤᠯ ᠪᠠᠭᠤᠯᠭᠠᠬᠤ ᠶᠣᠰᠣᠲᠠᠢ ᠶᠢ ᠨᠢ ᠪᠦᠬᠦᠨ ᠢ ᠪᠠᠭᠤᠯᠭᠠᠬᠤ ᠵᠠᠷᠴᠢᠮ ᠶᠣᠰᠣᠭᠠᠷ᠂ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠳᠠᠬᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠨ ᠲᠦᠯᠬᠢᠨ ᠠᠬᠢᠭᠤᠯᠵᠤ᠂ ᠡᠳ᠋ ᠬᠥᠷᠥᠩᠭᠡ ᠶᠢᠨ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠠᠭᠤᠵᠢᠭᠤ ᠪᠣᠯᠭᠠᠪᠠ᠃ ᠡᠭᠦᠨ ᠤ ᠬᠠᠮᠲᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠢ ᠬᠢᠨᠠᠨ ᠵᠥᠪᠰᠢᠶᠡᠷᠡᠬᠦ ᠴᠣᠪᠣᠷᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠡᠷᠡᠭᠯᠡᠬᠦ ᠲᠠᠯ᠎ᠠ ᠪᠠᠷ ᠬᠢ ᠡᠵᠡ ᠮᠡᠳᠡᠬᠦ ᠡᠷᠬᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ ᠮᠥᠩᠭᠦ ᠶᠢᠨ ᠲᠣᠭᠠᠴᠠᠭ᠎ᠠ ᠬᠢᠬᠦ ᠠᠰᠢᠭᠯᠠᠮᠵᠢ ᠶᠢ ᠳᠡᠭᠡᠭᠰᠢᠯᠡᠭᠦᠯᠪᠡ᠃      ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠤᠰᠬᠠᠶᠢᠵᠢᠯᠲᠠ᠂ ᠪᠠᠷᠢᠮᠵᠢᠶᠠᠵᠢᠯᠲᠠ᠂ ᠬᠡᠪᠴᠢᠶᠡᠵᠢᠯᠲᠡ ᠪᠠ ᠪᠣᠬᠢᠷᠲᠤᠯ ᠦᠭᠡᠶᠢᠵᠢᠯᠲᠡ ᠶᠢ ᠬᠦᠴᠦᠯᠡᠨ ᠳᠡᠭᠡᠭᠰᠢᠯᠡᠭᠦᠯᠵᠦ᠂ ︽ᠳᠥᠭᠦᠮ ᠳᠥᠲᠡ ᠪᠦᠭᠡᠳ ᠥᠨᠳᠥᠷ ᠪᠦᠲᠦᠮᠵᠢᠲᠡᠶ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠥᠬᠦ ᠭᠤᠭᠴᠤᠭ᠎ᠠ ᠪᠥᠬᠦ ᠬᠡᠯᠬᠢᠶ᠎ᠡ ᠶᠢ ᠬᠠᠮᠤᠷᠤᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ︾ ᠶᠢ ᠲᠦᠷᠭᠡᠳᠬᠡᠨ ᠪᠠᠶᠢᠭᠤᠯᠵᠤ᠂ ᠣᠳᠣᠬᠠᠨ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠨᠢᠭᠡᠨᠲᠡ 3000 ᠲᠦᠮᠡᠨ ᠮᠦ ᠳᠤ ᠬᠦᠷᠴᠦ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠨᠢᠭᠡᠨᠲᠡ ᠪᠥᠬᠦ ᠣᠷᠣᠨ ᠤ 70% ᠶᠢᠨ ᠦᠬᠡᠷ ᠬᠤᠨᠢ ᠲᠡᠵᠢᠭᠡᠨ ᠦᠷᠡᠵᠢᠭᠦᠯᠵᠤ ᠪᠠᠶᠢᠭ᠎ᠠ ᠶᠢ ᠬᠠᠮᠤᠷᠪᠠ᠃      ᠭᠠᠳᠠᠭᠠᠳᠤ ᠨᠡᠭᠡᠭᠡᠯᠲᠡ ᠶᠢᠨ ᠲᠠᠯ᠎ᠠ ᠪᠠᠷ᠂ ᠥᠪᠥᠷ ᠮᠣᠩᠭᠤᠯ ᠬᠢᠯᠢ ᠶᠢᠨ ᠪᠣᠭᠤᠮᠲᠠ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠬᠢᠯᠢ ᠶᠢᠨ ᠪᠣᠭᠤᠮᠲᠠ ᠶᠢᠨ ᠪᠣᠭᠤᠮᠲᠠ ᠪᠠᠷ ᠣᠷᠣᠭᠤᠯᠵᠤ ᠭᠠᠷᠭᠠᠬᠤ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠵᠦᠢᠯᠡᠰ ᠪᠣᠯᠭᠠᠪᠠ᠃ ᠡᠨᠡ ᠵᠢᠯ ᠤᠨ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠵᠤ᠂ ᠬᠢᠯᠢ ᠶᠢᠨ ᠪᠣᠭᠤᠮᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠡᠷᠢᠶᠡᠨ ᠬᠤᠳᠠ᠂ ᠭᠠᠭᠴᠠᠮᠣᠳᠤ᠂ ᠮᠠᠨᠳᠤᠯ᠂ ᠵᠡᠭᠦᠨ ᠬᠠᠲᠠᠪᠴᠢ ᠵᠡᠷᠭᠡ ᠬᠢᠯᠢ ᠶᠢᠨ ᠪᠣᠭᠤᠮᠲᠠ ᠨᠢ ᠣᠶᠤᠨᠲᠤ ᠪᠣᠭᠤᠮᠲᠠ ᠶᠢᠨ ᠴᠡᠭ ᠢ ᠪᠦᠲᠦᠭᠡᠨ ᠪᠠᠶᠢᠭᠤᠯᠤᠨ ᠬᠡᠷᠡᠭᠯᠡᠵᠦ᠂ ᠰᠢᠯᠭᠠᠨ ᠭᠡᠷᠡᠴᠢᠯᠡᠬᠦ ᠴᠠᠭ ᠢ 50% ᠣᠷᠴᠢᠮ ᠢᠶᠠᠷ ᠪᠠᠭᠠᠰᠬᠠᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠢ ᠬᠢᠨᠠᠨ ᠬᠠᠮᠢᠶᠠᠷᠬᠤ ᠠᠵᠢᠯ ᠳᠤᠮᠳᠠ ᠪᠠᠨ ᠠᠯᠳᠠᠭᠳᠠᠯ ᠲᠠᠢ ᠠᠵᠤ ᠠᠬᠤᠶᠢᠯᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠯᠳᠠᠭᠳᠠᠯ ᠢ ᠪᠠᠭᠠᠰᠬᠠᠵᠤ ᠠᠯᠳᠠᠭᠳᠠᠯ ᠢ ᠵᠠᠰᠠᠬᠤ ᠠᠵᠢᠯ ᠢᠶᠠᠨ ᠭᠦᠨᠵᠡᠭᠡᠢ ᠠᠬᠢᠭᠤᠯᠪᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠳᠠᠭᠠᠯᠲᠠ ᠠᠵᠤ ᠠᠬᠤᠶᠢᠯᠠᠯ ᠤᠨ ᠠᠯᠳᠠᠭᠳᠠᠯ ᠤᠨ ᠬᠡᠪᠴᠢᠶ᠎ᠡ 21.4% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.9 ᠵᠠᠭᠤᠨ ᠤ ᠴᠡᠭ ᠢᠶᠠᠷ ᠪᠠᠭᠤᠷᠠᠪᠠ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠭᠳᠠᠯ ᠲᠠᠢ 11 ᠳᠠᠭᠠᠯᠲᠠ ᠠᠵᠤ ᠠᠬᠤᠶᠢᠯᠠᠯ ᠤᠨ 3 ᠨᠢ ᠠᠰᠢᠭ ᠣᠯᠵᠠᠪᠤᠷᠢ ᠲᠠᠢ ᠪᠣᠯᠵᠤ᠂ 4 ᠨᠢ ᠠᠯᠳᠠᠭᠳᠠᠯ ᠢᠶᠠᠨ ᠪᠠᠭᠠᠰᠬᠠᠭᠠᠳ᠂ ᠨᠡᠶᠢᠲᠡ 2.4 ᠳ᠋ᠦᠩᠰᠢᠭᠤᠷ ᠲᠥᠭᠦᠷᠢᠭ ᠠᠯᠳᠠᠭᠳᠠᠯ ᠢᠶᠠᠨ ᠪᠠᠭᠠᠰᠬᠠᠪᠠ᠃      ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠭᠦᠨᠵᠡᠭᠡᠶᠢᠷᠡᠭᠦᠯᠵᠦ ᠰᠢᠨ᠎ᠡ ᠡᠭᠦᠳᠦᠯᠲᠡ ᠶᠢᠨ ᠲᠣᠭᠲᠠᠯᠴᠠᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ      11 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ — ︽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠭᠦᠨᠵᠡᠭᠡᠶᠢᠷᠡᠭᠦᠯᠵᠦ ᠰᠢᠨ᠎ᠡ ᠡᠭᠦᠳᠦᠯᠲᠡ ᠶᠢᠨ ᠲᠣᠭᠲᠠᠯᠴᠠᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠶ᠎ᠡ︾ ᠭᠡᠬᠦ ᠲᠤᠰᠬᠠᠶ ᠲᠠᠯᠠᠪᠤᠷ ᠤᠨ ᠬᠤᠷᠠᠯ ᠢ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠪᠠ᠃      ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠣᠭᠤᠷᠢᠨ ᠳᠤ᠂ ᠥᠪᠥᠷ ᠮᠣᠩᠭᠤᠯ ᠴᠢᠳᠠᠪᠤᠷᠢᠲᠠᠨ ᠢ ᠬᠥᠮᠦᠵᠢᠭᠦᠯᠬᠦ᠂ ᠲᠥᠪᠯᠡᠷᠡᠭᠦᠯᠬᠦ᠂ ᠦᠨᠡᠯᠡᠬᠦ᠂ ᠪᠠᠲᠤᠯᠠᠬᠤ ᠵᠡᠷᠭᠡ ᠵᠠᠩᠭᠢᠯᠠᠭ᠎ᠠ ᠶᠢᠨ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠦᠨ ᠲᠥᠷᠥ ᠶᠢᠨ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠪᠡ᠃ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠪᠣᠳᠠᠲᠠᠶᠢᠵᠢᠭᠤᠯᠵᠤ᠂ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠣᠯᠭᠤᠮᠵᠢ ᠶᠢᠨ ᠪᠠᠲᠤᠯᠠᠭ᠎ᠠ ︽ᠭᠤᠷᠪᠠ ᠶᠢ ᠨᠢᠭᠡᠳᠬᠡᠬᠦ︾ ᠶᠢ ᠪᠡᠶᠡᠯᠡᠭᠦᠯᠦᠭᠰᠡᠨ ᠤ ᠬᠠᠮᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠦᠷᠢᠮ ᠢ ᠲᠡᠭᠦᠯᠳᠡᠷᠵᠢᠭᠦᠯᠬᠦ᠂ ᠠᠵᠤ ᠦᠢᠯᠡᠰ ᠪᠠ ᠰᠤᠷᠭᠠᠨ ᠬᠥᠮᠦᠵᠢᠯ ᠴᠢᠳᠠᠪᠤᠷᠢᠲᠠᠨ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠵᠡᠷᠭᠡ 17 ᠵᠦᠢᠯ ᠤᠨ ᠭᠤᠤᠯᠳᠠᠯᠭ᠎ᠠ ᠪᠣᠯᠬᠤ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠬᠠᠮᠢᠶ᠎ᠠ ᠪᠥᠬᠦᠶ ᠭᠠᠵᠠᠷ ᠣᠷᠣᠨ ᠨᠢᠭᠡᠴᠢ ᠨᠦᠭᠦᠳ ᠤᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ᠂ ᠤᠷᠢᠳᠴᠢᠯᠠᠨ ᠰᠦᠪᠡᠭᠴᠢᠯᠡᠬᠦ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠵᠢᠴᠢ ᠪᠦᠯᠬᠦᠮ ᠨᠡᠶᠢᠲᠡ ᠶᠢ ᠬᠥᠲᠥᠯᠦᠨ ᠬᠥᠮᠦᠵᠢᠭᠦᠯᠵᠦ᠂ ᠴᠢᠳᠠᠪᠤᠷᠢᠲᠠᠨ ᠤ ᠦᠢᠯᠡᠴᠢᠯᠡᠭᠡᠨ ᠤ ︽ᠨᠢᠭᠡ ᠺᠣᠳ᠋ ᠢᠶᠠᠷ ᠨᠡᠪᠲᠡᠷᠡᠬᠦ︾ ᠲᠣᠭᠲᠠᠯᠴᠠᠭ᠎ᠠ ᠶᠢ ᠪᠣᠶ ᠪᠣᠯᠭᠠᠵᠤ᠂ ᠺᠣᠳ᠋ ᠣᠯᠭᠤᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠤᠬᠡᠳ ᠨᠢ ᠰᠤᠷᠭᠠᠭᠤᠯᠢ ᠳᠤ ᠰᠣᠷᠣᠯᠴᠠᠬᠤ᠂ ᠡᠮᠴᠢᠯᠡᠭᠡ ᠡᠷᠡᠭᠦᠯᠵᠢᠯ ᠵᠡᠷᠭᠡ ᠲᠠᠯ᠎ᠠ ᠪᠠᠷ ᠬᠦᠨᠳᠦᠳᠬᠡᠬᠦ ᠪᠠ ᠳᠥᠭᠦᠮᠯᠡᠬᠦ ᠦᠢᠯᠡᠴᠢᠯᠡᠭᠡ ᠬᠠᠩᠭᠠᠨ᠎ᠠ᠃      ᠥᠪᠥᠷ ᠮᠣᠩᠭᠤᠯ ᠴᠢᠳᠠᠪᠤᠷᠢᠲᠠᠨ ᠢ ᠦᠨᠡᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠯᠢᠳᠡᠭ᠂ ᠳᠠᠯᠳᠠ ᠬᠦᠴᠦᠨ ᠪᠦᠬᠦᠢ ᠨᠡᠩ ᠣᠯᠠᠨ ᠴᠢᠳᠠᠪᠤᠷᠢᠲᠠᠨ ᠢ ᠦᠢᠯᠡᠴᠢᠯᠡᠭᠡᠨ ᠤ ᠪᠠᠲᠤᠯᠠᠭ᠎ᠠ ᠪᠠ ᠭᠤᠣᠯᠳᠠᠯᠭ᠎ᠠ ᠲᠠᠢ ᠳᠡᠮᠵᠢᠬᠦ ᠬᠡᠪᠴᠢᠶᠡᠨ ᠳᠤ ᠣᠷᠣᠭᠤᠯᠪᠠ᠂ ᠡᠨᠡ ᠵᠢᠯ ᠠᠴᠠ ᠡᠬᠢᠯᠡᠨ᠂ ᠥᠪᠥᠷ ᠮᠣᠩᠭᠤᠯ ᠣᠷᠣᠭᠤᠯᠤᠨ ᠠᠪᠴᠢᠷᠠᠭᠰᠠᠨ ᠳᠡᠭᠡᠳᠦ ᠲᠡᠰ ᠤᠨ ᠴᠢᠳᠠᠪᠤᠷᠢᠲᠠᠨ ᠢ ︽ᠬᠠᠮ ᠬᠦᠴᠦᠨ ᠵᠦᠢᠯ ᠲᠠᠢ ᠲᠠᠲᠠᠨ ᠠᠪᠴᠢᠷᠠᠬᠤ︾ ᠪᠤᠶᠤ ᠲᠤᠰ ᠭᠠᠵᠠᠷ ᠲᠤ ᠨᠠᠶᠢᠳᠠᠨ ᠪᠦᠯᠬᠦᠮ ᠵᠣᠬᠢᠶᠠᠨ ᠪᠠᠶᠢᠭᠤᠯᠬᠤ ᠶᠢ ᠨᠢ ᠳᠡᠮᠵᠢᠨ᠎ᠡ᠃ ᠵᠢᠯ ᠪᠦᠷᠢ ᠲᠤᠰ ᠭᠠᠵᠠᠷ ᠣᠷᠣᠨ ᠤ ᠨᠢᠭᠡ ᠠᠴᠠ ᠵᠢᠷᠭᠤᠳᠤᠭᠠᠷ ᠲᠥᠷᠥᠯ ᠤᠨ ᠴᠢᠳᠠᠪᠤᠷᠢᠲᠠᠨ ᠢᠶᠠᠷ ᠲᠡᠷᠢᠭᠦᠯᠡᠭᠰᠡᠨ 50 ᠨᠡᠷᠡᠰ ᠣᠷᠴᠢᠮ ᠤᠨ ᠪᠦᠯᠬᠦᠮ ᠨᠡᠶᠢᠲᠡ ᠶᠢ ᠰᠣᠩᠭᠤᠨ ᠬᠥᠮᠥᠵᠢᠭᠦᠯᠵᠦ᠂ ᠵᠣᠬᠢᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠬᠦ ᠶᠢᠨ ᠬᠠᠮᠲᠤ᠂ ᠬᠥᠮᠦᠨ ᠬᠡᠷᠡᠭᠯᠡᠬᠦ ᠨᠢᠭᠡᠴᠢ ᠪᠣᠯᠤᠨ ᠴᠢᠳᠠᠪᠤᠷᠢᠲᠠᠨ ᠳᠤ ᠤᠯᠠᠮ ᠨᠢᠭᠡ ᠠᠯᠬᠤᠮ ᠡᠷᠬᠡ ᠣᠯᠭᠤᠨ ᠴᠢᠯᠦᠭᠡᠲᠡᠢ ᠪᠠᠶᠢᠯᠭᠠᠨ᠎ᠠ᠃      ᠥᠪᠥᠷ ᠮᠣᠩᠭᠤᠯ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠭᠤᠣᠯ ᠴᠣᠭᠴᠠ ᠪᠣᠯᠬᠤ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠪᠠᠶᠢᠭᠤᠯᠬᠤ ᠶᠢ ᠨᠢ ᠳᠡᠮᠵᠢᠨ᠎ᠡ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡᠳᠬᠡᠯ ᠮᠥᠩᠭᠦᠨ ᠤ ᠳᠦᠷᠢᠮ ᠪᠠᠶᠢᠭᠤᠯᠬᠤ ᠶᠢ ᠠᠬᠢᠭᠤᠯᠵᠤ᠂ ᠲᠥᠷᠥᠯ ᠬᠤᠪᠢᠶᠠᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠪᠠᠶᠢᠭᠠᠳ ᠠᠵᠤ ᠠᠬᠤᠶᠢᠯᠠᠯ ᠤᠨ ᠬᠢᠨ ᠤ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠨᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠱᠠᠲᠤᠯᠠᠨ ᠪᠤᠶᠢᠵᠢᠬᠤ ᠲᠣᠭᠲᠠᠴᠠ ᠶᠢ ᠪᠦᠷᠢᠨᠰᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠳ ᠤᠨ ᠵᠠᠬ᠎ᠠ ᠳᠡᠯᠭᠡᠭᠦᠷᠴᠢᠯᠡᠭᠰᠡᠨ ᠠᠯᠤᠰ ᠢᠷᠡᠭᠡᠳᠦᠶ ᠲᠠᠢ ᠲᠤᠰᠬᠠᠶ ᠠᠰᠢᠭ ᠤᠨ ᠮᠡᠷᠭᠡᠵᠢᠯ ᠰᠢᠯᠢᠨ ᠰᠣᠩᠭᠤᠬᠤ ᠶᠢ ᠨᠢ ᠵᠣᠷᠢᠭᠵᠢᠭᠤᠯᠵᠤ᠂ ᠲᠤᠰᠬᠠᠶ ᠠᠰᠢᠭ ᠤᠨ ᠨᠡᠭᠡᠭᠡᠯᠲᠡ ᠬᠢᠬᠦ ᠵᠥᠪᠰᠢᠶᠡᠷᠡᠯ᠂ ᠤᠷᠢᠳ ᠢᠶᠠᠷ ᠬᠡᠷᠡᠭᠯᠡᠵᠦ ᠳᠠᠷᠠᠭ᠎ᠠ ᠨᠢ ᠰᠦᠢᠳᠬᠡᠯ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠨᠢ ᠳᠡᠮᠵᠢᠨ᠎ᠡ᠃      ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠥᠪᠥᠷ ᠮᠣᠩᠭᠤᠯ ᠲᠡᠷᠢᠭᠦᠨ ᠤ ᠬᠢᠴᠢᠶᠡᠯ ᠲᠥᠷᠥᠯ ᠤᠨ ᠰᠢᠯᠢᠳᠡᠭ ᠢ ᠪᠣᠢ ᠪᠣᠯᠭᠠᠬᠤ ᠠᠵᠢᠯᠯᠠᠭᠠᠨ ᠢ ᠬᠡᠷᠡᠭᠵᠢᠭᠦᠯᠵᠦ᠂ ᠡᠪᠡᠰᠦᠨ ᠤ ᠤᠬᠠᠭᠠᠨ᠂ ᠠᠮᠢ ᠠᠬᠤᠶ ᠶᠢᠨ ᠤᠬᠠᠭᠠᠨ᠂ ᠢᠳᠡᠭᠡᠨ ᠤ ᠵᠦᠢᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠤᠭᠰᠠᠭᠠᠲᠠᠨ ᠤ ᠵᠦᠢ ᠵᠡᠷᠭᠡ ᠳᠠᠪᠠᠭᠤᠯᠢᠭ ᠤᠨᠴᠠᠯᠢᠭᠳᠤ ᠰᠢᠨᠵᠢᠯᠡᠭᠡᠨ ᠤ ᠰᠠᠯᠠᠭ᠎ᠠ ᠶᠢ ᠭᠤᠤᠯᠳᠠᠯᠭ᠎ᠠ ᠲᠠᠢ ᠪᠣᠢ ᠪᠣᠯᠭᠠᠵᠤ ᠪᠠᠶᠢᠭᠠᠳ ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭ᠎ᠠ ᠲᠡᠶᠢᠰᠢ ᠲᠡᠮᠡᠦᠯᠦᠭᠦᠯᠦᠨ᠎ᠡ᠃ ᠰᠦ ᠰᠠᠭᠠᠯᠢ ᠶᠢᠨ ᠦᠢᠯᠡᠰ᠂ ᠬᠤᠪᠣᠷ ᠰᠢᠷᠣᠢ᠂ ᠡᠨᠧᠷᠭᠢ ᠵᠡᠷᠭᠡ ᠬᠦᠷᠢᠶᠡᠨ ᠤ ᠲᠣᠭᠤᠷᠢᠨ ᠳᠤ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠵᠣᠬᠢᠶᠠᠨ ᠪᠠᠶᠢᠭᠤᠯᠵᠤ᠂ ᠴᠢᠳᠠᠪᠤᠷᠢᠲᠠᠨ ᠢ ᠬᠥᠮᠥᠵᠢᠭᠦᠯᠬᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠬᠠᠮᠵᠢᠯᠴᠠᠨ ᠠᠬᠢᠭᠤᠯᠤᠨ᠎ᠠ᠃ ᠪᠠᠰᠠ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠪᠣᠯᠤᠨ ᠪᠡᠭᠡᠵᠢᠩ ᠲᠢᠶᠠᠨᠵᠢᠨ ᠾᠧᠪᠸᠢ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠬᠤᠯᠪᠣᠭᠠᠯᠠᠨ ᠬᠥᠮᠦᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠤᠯᠪᠣᠭᠠᠯᠠᠨ ᠰᠢᠨ᠎ᠡ ᠶᠢ ᠡᠭᠦᠳᠬᠦ᠂ ᠲᠠᠪᠴᠠᠩ ᠢ ᠬᠤᠯᠪᠣᠭᠠᠯᠠᠨ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠠᠬᠢᠭᠤᠯᠵᠤ ᠪᠠᠶᠢᠭᠠᠳ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠪᠠ ᠡᠬᠢ ᠪᠠᠶᠠᠯᠢᠭ ᠢ ᠬᠠᠮᠲᠤ ᠬᠦᠷᠲᠡᠬᠦ ᠠᠵᠢᠯ ᠢ ᠰᠠᠶᠢᠲᠤᠷ ᠬᠢᠨ᠎ᠡ᠃      ᠡᠭᠦᠨ ᠤ ᠬᠠᠮᠲᠤ᠂ ᠵᠢᠯ ᠪᠦᠷᠢ ᠶᠡᠭᠡ ᠳᠡᠭᠡᠳᠦ ᠰᠤᠷᠭᠠᠭᠤᠯᠢ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 100 ᠣᠷᠴᠢᠮ ᠤᠨ ᠰᠢᠯᠢᠳᠡᠭ ᠵᠠᠯᠠᠭᠤ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 30 ᠣᠷᠴᠢᠮ ᠳᠠᠭᠠᠭᠤᠯᠤᠭᠴᠢ ᠵᠠᠯᠠᠭᠤ ᠴᠢᠳᠠᠪᠤᠷᠢᠲᠠᠨ ᠤ ᠰᠢᠨ᠎ᠡ ᠡᠭᠦᠳᠦᠯᠲᠡ ᠶᠢᠨ ᠪᠦᠯᠬᠦᠮ ᠨᠡᠶᠢᠲᠡ ᠶᠢ ᠰᠢᠯᠢᠨ ᠰᠣᠩᠭᠤᠵᠤ᠂ ᠭᠤᠣᠯᠳᠠᠭᠤ 35 ᠪᠦᠬᠦᠯᠢ ᠨᠠᠰᠤᠨ ᠠᠴᠠ ᠳᠣᠷᠣᠭᠰᠢᠬᠢ ᠵᠠᠯᠠᠭᠤ ᠴᠢᠳᠠᠪᠤᠷᠢᠲᠠᠨ ᠪᠠ 40 ᠨᠠᠰᠤᠨ ᠠᠴᠠ ᠳᠣᠷᠣᠭᠰᠢᠬᠢ ᠳᠠᠭᠠᠭᠤᠯᠤᠭᠴᠢ ᠴᠢᠳᠠᠪᠤᠷᠢᠲᠠᠨ ᠤ ᠪᠦᠯᠬᠦᠮ ᠨᠡᠶᠢᠲᠡ ᠲᠡᠶᠢᠰᠢ ᠳᠡᠮᠵᠢᠯᠭᠡ ᠦᠵᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠵᠠᠯᠠᠭᠤ ᠴᠢᠳᠠᠪᠤᠷᠢᠲᠠᠨ ᠪᠠ ᠥᠨᠳᠥᠷ ᠬᠢᠷᠢ ᠲᠦᠪᠰᠢᠨ ᠲᠠᠢ ᠪᠠᠭᠰᠢ ᠨᠠᠷ ᠢ ᠬᠥᠮᠥᠵᠢᠭᠦᠯᠦᠨ᠎ᠡ᠃  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号