ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠠᠩᠭᠢᠯᠠᠭ᠎ᠠ ᠶᠢᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠦᠢᠯ ᠤᠨ | ᠣᠨᠣᠪᠴᠢᠲᠠᠶ ᠪᠠᠷ ᠨᠠᠶᠢᠳᠠᠪᠤᠷᠢᠵᠢᠭᠤᠯᠤᠨ᠂ ᠮᠡᠷᠭᠡᠵᠢᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠲᠣᠭᠲᠠᠯᠴᠠᠭ᠎ᠠ ᠶᠢ | ᠢᠳᠡᠪᠬᠢᠲᠡᠢ ᠲᠡᠭᠦᠯᠳᠡᠷᠵᠢᠭᠦᠯᠵᠦ᠂ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠤ ᠨᠥᠭᠡᠴᠡ ᠬᠦᠴᠦᠨ ᠢ ᠶᠡᠭᠡ ᠪᠠᠷ | ᠠᠭᠤᠳᠠᠯᠤᠨ ᠪᠤᠶᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠲᠦᠷᠭᠡᠳᠬᠡᠨ᠎ᠡ᠃ ᠡᠨᠡ ᠵᠢᠯ᠂ ᠬᠥᠬᠡᠬᠤᠲᠠ ᠶᠢᠨ | ᠰᠢᠨ᠎ᠡ ᠪᠠᠷ ᠨᠡᠮᠡᠭᠳᠡᠭᠰᠡᠨ ᠮᠡᠷᠭᠡᠵᠢᠯ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ 15 ᠪᠠᠶᠢᠵᠤ᠂ ᠶᠡᠷᠦᠩᠬᠡᠢ | ᠲᠤᠭ᠎ᠠ ᠨᠢ 37 ᠪᠣᠯᠵᠤ᠂ ᠪᠥᠬᠦ ᠣᠷᠣᠨ ᠤ ᠲᠡᠷᠢᠭᠦᠨ ᠳᠤ ᠣᠷᠣᠪᠠ᠃ ᠲᠦᠷᠦᠭᠦᠦ ᠭᠤᠷᠪᠠᠨ ᠤᠯᠠᠷᠢᠯ ᠳᠤ᠂ | ᠤᠯᠠᠷᠢᠭᠤᠯᠤᠭᠰᠠᠨ ᠦᠷ᠎ᠡ ᠪᠦᠲᠦᠭᠡᠯ ᠢ ᠨᠡᠶᠢᠲᠡ 1411 ᠵᠦᠢᠯ ᠰᠢᠩᠭᠡᠬᠡᠨ ᠠᠪᠴᠤ᠂ ᠮᠡᠷᠭᠡᠵᠢᠯ ᠤᠨ ᠭᠡᠷ᠎ᠡ ᠶᠢᠨ | ᠠᠷᠠᠯᠵᠢᠶ᠎ᠠ ᠪᠦᠲᠦᠭᠰᠡᠨ ᠲᠤᠭ᠎ᠠ 18.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 104.9% ᠪᠠᠷ ᠨᠡᠮᠡᠭᠳᠡᠵᠦ᠂ ᠪᠥᠬᠦ ᠣᠷᠣᠨ ᠤ 40.3% ᠶᠢ ᠡᠵᠡᠯᠡᠪᠡ᠃ | ᠣᠶᠢᠷ᠎ᠠ ᠳᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠤᠷᠭᠠᠨ ᠤ ᠨᠡᠶᠢᠲᠡᠯᠡᠭᠰᠡᠨ 2024 ᠣᠨ ᠤ ᠲᠠᠷᠢᠶᠠᠯᠠᠩ ᠤᠨ ︽ᠤᠴᠢ ᠮᠡᠷᠭᠡᠵᠢᠯ︾ ᠤᠨ ᠨᠡᠷᠡᠰ ᠤᠨ | ᠵᠢᠭᠰᠠᠭᠠᠯᠲᠠ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠨᠡᠪᠴᠢᠭᠦᠯᠦᠭᠰᠡᠨ ᠠᠵᠤ ᠠᠬᠤᠶᠢᠯᠠᠯ — ᠥᠪᠥᠷ ᠮᠣᠩᠭᠤᠯ ᠤᠨ ᠬᠤᠤ ᠺᠤᠸᠠᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ᠬᠤᠨᠢᠨ ᠤ ᠪᠡᠶ᠎ᠡ ᠶᠢᠨ ᠬᠡᠮᠵᠢᠭᠦᠷᠯᠢᠭ ᠢᠶᠠᠷ ᠬᠡᠮᠵᠢᠨ ᠲᠣᠭᠲᠠᠭᠠᠬᠤ | ᠰᠢᠰᠲ᠋ᠧᠮ︾ ᠠᠮᠵᠢᠯᠲᠠᠲᠠᠢ ᠰᠣᠩᠭᠤᠭᠳᠠᠪᠠ᠃ ︵ᠬᠥᠬᠡᠬᠤᠲᠠ ᠶᠢᠨ ᠵᠠᠰᠠᠭ ᠤᠨ ᠣᠷᠳᠣᠨ︶ |