1 - 10 ᠳ᠋ᠤᠭᠠᠷ ᠰᠠᠷ᠎ᠠ ᠳᠤ ᠪᠥᠬᠦ ᠣᠷᠣᠨ ᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ | 1665 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.5% ᠪᠠᠷ | ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶᠡᠨ ᠤ ᠨᠡᠮᠡᠭᠳᠡᠯ ᠤᠨ ᠬᠤᠷᠳᠤᠴᠠ ᠠᠴᠠ 16.8 | ᠵᠠᠭᠤᠨ ᠤ ᠴᠡᠭ ᠢᠶᠠᠷ ᠥᠨᠳᠥᠷᠵᠢᠪᠡ᠃ ᠡᠭᠦᠨ ᠳᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ | 1317 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 25.1% ᠪᠠᠷ ᠨᠡᠮᠡᠭᠳᠡᠪᠡ᠂ | ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 334 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 34.6% ᠪᠠᠷ ᠨᠡᠮᠡᠭᠳᠡᠪᠡ᠃ ᠠᠶᠢᠮᠠᠭ ᠬᠤᠲᠠ ᠪᠠᠷ ᠬᠤᠪᠢᠶᠠᠨ ᠦᠵᠡᠪᠡᠯ᠂ 6 ᠠᠶᠢᠮᠠᠭ | ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶᠡᠨ ᠤ ᠨᠡᠮᠡᠭᠳᠡᠯ ᠤᠨ ᠬᠤᠷᠳᠤᠴᠠ ᠨᠢ ᠪᠥᠬᠦ | ᠣᠷᠣᠨ ᠤ ᠬᠢ ᠠᠴᠠ ᠥᠨᠳᠥᠷ ᠪᠠᠶᠢᠨ᠎ᠠ᠃ ᠡᠭᠦᠨ ᠳᠤ᠂ ᠠᠯᠠᠱᠠ ᠠᠶᠢᠮᠠᠭ ᠤᠨ ᠰᠢᠨ᠎ᠡ ᠡᠨᠧᠷᠭᠢ ᠪᠠᠷ ᠴᠠᠬᠢᠯᠭᠠᠨ | ᠭᠠᠷᠭᠠᠭᠰᠠᠨ ᠬᠡᠮᠵᠢᠶ᠎ᠡ 85% ᠪᠠᠷ ᠨᠡᠮᠡᠭᠳᠡᠵᠦ᠂ ᠣᠷᠳᠣᠰ ᠬᠤᠲᠠ ᠶᠢᠨ ᠰᠢᠨ᠎ᠡ ᠡᠨᠧᠷᠭᠢ ᠪᠠᠷ ᠴᠠᠬᠢᠯᠭᠠᠨ | ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 51.2% ᠢᠶᠠᠷ ᠨᠡᠮᠡᠭᠳᠡᠵᠦ᠂ ᠤᠯᠠᠭᠠᠨᠴᠠᠪ ᠬᠤᠲᠠ ᠶᠢᠨ | ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 48.4% ᠪᠠᠷ | ᠨᠡᠮᠡᠭᠳᠡᠪᠡ᠃ ︵ᠡᠨᠧᠷᠭᠢ ᠶᠢᠨ ᠲᠣᠪᠴᠢᠶ᠎ᠠ︶ |