ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ  ᠬᠤᠯᠪᠤᠭ᠎ᠠ ᠫᠢᠺ ᠪᠥᠮᠪᠦᠭᠡ ᠶᠢᠨ ᠭᠡᠷ ᠪᠦᠯᠢ ᠶᠢᠨ ᠳᠤᠷ᠎ᠠ ᠰᠣᠨᠢᠷᠬᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/15
      ᠫᠢᠺ ᠪᠥᠮᠪᠦᠭᠡ  ᠨᠢ ᠲᠣᠣᠷ ᠪᠥᠮᠪᠦᠭᠡ᠂ ᠫᠢᠩᠫᠠᠩ ᠪᠥᠮᠪᠦᠭᠡ᠂ ᠥᠲᠥᠨ ᠪᠥᠮᠪᠦᠭᠡ ᠵᠡᠷᠭᠡ ᠪᠥᠮᠪᠦᠭᠡᠨ ᠲᠥᠷᠥᠯ ᠤᠨ ᠬᠥᠳᠡᠯᠭᠡᠭᠡᠨ ᠤ ᠣᠨᠴᠠᠯᠢᠭ ᠢ ᠬᠠᠮᠳᠤᠷᠠᠭᠤᠯᠤᠭᠰᠠᠨ ᠨᠢᠭᠡ ᠵᠦᠢᠯ ᠤᠨ ᠰᠢᠨ᠎ᠡ ᠬᠡᠯᠪᠡᠷᠢ ᠶᠢᠨ ᠬᠥᠳᠡᠯᠭᠡᠭᠡᠨ ᠪᠣᠯᠤᠭᠰᠠᠨ ᠤ ᠬᠤᠪᠢ ᠳᠤ ᠥᠷᠭᠡᠨ ᠣᠯᠠᠨ ᠲᠦᠮᠡᠨ ᠤ ᠳᠤᠷ᠎ᠠ  ᠪᠠᠬ᠎ᠠ  ᠪᠠ  ᠲᠦᠭᠡᠮᠡᠯᠵᠢᠬᠦᠯᠦᠯ ᠢ ᠣᠯᠤᠭᠰᠠᠨ ᠤ  ᠰᠢᠯᠳᠠᠭᠠᠨ ᠨᠢ ᠲᠣᠣᠷ ᠪᠥᠮᠪᠦᠭᠡ ᠪᠠ ᠫᠢᠩᠫᠠᠩ ᠪᠥᠮᠪᠦᠭᠡ ᠲᠠᠢ  ᠠᠳᠠᠯᠢᠳᠬᠠᠪᠠᠯ ᠨᠡᠩ ᠠᠮᠠᠷᠬᠠᠨ  ᠨᠠᠭᠠᠳᠴᠤ ᠴᠢᠳᠠᠬᠤ ᠪᠦᠭᠡᠳ ᠨᠠᠭᠠᠳᠴᠤ ᠲᠠᠭᠤᠰᠬᠠᠵᠤ ᠪᠤᠯᠤᠨ᠎ᠠ᠂  ᠬᠡᠷ ᠪᠦᠯᠢ ᠶᠢᠨ ᠬᠥᠳᠡᠯᠭᠡᠭᠡᠨ ᠤ ᠨᠢᠭᠡ  ᠲᠦᠷᠦᠯ  ᠪᠤᠯᠭᠠᠬᠤ ᠳᠤ ᠲᠤᠩ ᠲᠤᠬᠢᠷᠠᠮᠵᠢᠳᠠᠢ ᠪᠠᠶᠢᠨ᠎ᠠ᠃      ᠫᠢᠺ ᠪᠥᠮᠪᠦᠭᠡ  ᠶᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠷᠡᠭᠦᠯ ᠬᠥᠭᠵᠢᠯᠲᠡ ᠳᠤ  ᠤᠯᠠᠮ ᠨᠢᠭᠡ ᠠᠯᠬᠤᠮ ᠳᠡᠯᠭᠡᠷᠡᠭᠦᠯᠦᠨ ᠲᠦᠭᠡᠮᠡᠯᠵᠢᠭᠦᠯᠵᠦ᠂ ᠨᠠᠩ ᠣᠯᠠᠨ ᠬᠡᠤᠬᠡᠳ ᠪᠠ ᠭᠡᠷ ᠪᠦᠯᠢ ᠳᠤ ᠫᠢᠺ  ᠪᠥᠮᠪᠦᠭᠡ ᠶᠢᠨ ᠲᠠᠮᠢᠷ ᠤᠨ ᠬᠥᠳᠡᠯᠭᠡᠭᠡᠨ ᠤ ᠪᠠᠶᠠᠷ ᠪᠠᠭ᠋ᠠᠳᠤᠯ ᠢ ᠬᠦᠷᠲᠡᠭᠡᠬᠦ ᠶᠢᠨ ᠬᠠᠮᠲᠤ ᠭᠡᠷ ᠪᠦᠯᠢ ᠶᠢᠨ  ᠬᠦᠮᠦᠨ ᠪᠦᠷᠢ ᠶᠢᠨ ᠬᠤᠭᠤᠷᠤᠨᠳᠤᠬᠢ  ᠬᠠᠷᠢᠴᠠᠭ᠎ᠠ ᠶᠢ ᠨᠡᠮᠡᠭᠳᠡᠭᠦᠯᠬᠦ ᠶᠢᠨ ᠲᠥᠯᠥᠭᠡ᠂ 11 ᠰᠠᠷ᠎ᠠ ᠶᠢᠨ 12  ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠫᠢᠺ ᠪᠥᠮᠪᠦᠭᠡ ᠶᠢᠨ ᠭᠡᠷ ᠪᠦᠯᠢ ᠶᠢᠨ ᠳᠤᠷ᠎ᠠ ᠰᠣᠨᠢᠷᠬᠠᠯ ᠤᠨ ᠠᠵᠢᠯᠯᠠᠭ᠎ᠠ ᠶᠢ ᠡᠷᠭᠢᠯᠡᠵᠦ᠂ ᠬᠡᠰᠡᠭ ᠭᠡᠷ ᠪᠦᠯᠢ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃     ᠲᠣᠰ ᠤᠳᠠᠭᠠᠨ ᠤ ᠠᠵᠢᠯᠯᠠᠭ᠎ᠠ ᠶᠢ ᠭᠤᠤᠯᠳᠠᠭᠤ  ᠭᠡᠷ ᠪᠦᠯᠢ ᠶᠢᠨ ᠠᠵᠢᠯᠯᠠᠭ᠎ᠠ ᠶᠢᠨ ᠠᠷᠭ᠎ᠠ ᠮᠠᠶ᠋ᠢᠭ ᠢᠶᠠᠷ ᠥᠷᠨᠢᠭᠦᠯᠵᠦ᠂ ᠬᠡᠷ ᠤᠨ ᠠᠬᠠᠮᠠᠳ ᠢ ᠬᠡᠤᠬᠡᠳ ᠲᠤ ᠪᠠᠨ ᠬᠠᠨᠢ ᠪᠣᠯᠵᠣ ᠬᠠᠮᠲᠤ ᠪᠠᠷ ᠣᠷᠣᠯᠴᠠᠭᠤᠯᠵᠤ᠂ ᠬᠡᠷ ᠪᠦᠯᠢ ᠶᠢᠨ ᠬᠤᠭᠤᠷᠣᠨᠳᠣᠬᠢ ᠤᠷᠤᠯᠳᠤᠭᠠᠨ ᠢᠶᠠᠷ ᠳᠠᠮᠵᠢᠭᠤᠯᠤᠨ᠂ ᠬᠡᠤᠬᠡᠳ ᠤᠳ ᠲᠤ ︽ᠬᠡᠷ︾ ᠪᠠ ︽ᠪᠦᠯᠬᠦᠮᠳᠡᠯ ︾ ᠳᠤ ᠨᠠᠩ ᠭᠦᠨᠵᠡᠭᠡᠶ ᠲᠥᠷᠥᠭᠳᠡᠯ ᠥᠭᠴᠦ᠂ ᠪᠠᠰᠠ ᠬᠡᠷ ᠤᠨ ᠠᠬᠠᠮᠠᠳ ᠢ ᠬᠠᠪᠰᠤᠷᠤᠨ ︽ᠬᠡᠷ ᠪᠦᠯᠢ ᠶᠢᠨ ᠬᠥᠮᠦᠵᠢᠯ ᠤᠨ ᠴᠢᠬᠤᠯᠠ ᠴᠢᠨᠠᠷ︾ ᠲᠤ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠡᠷᠦ ᠪᠤᠰᠤ ᠶᠢᠨ ᠬᠦᠷ ᠬᠥᠭᠵᠢᠶᠡᠨ  ᠲᠠᠢ᠂ ᠬᠡᠦᠬᠡᠳ ᠤᠨ ︽ᠢᠯᠠᠯᠲᠠ ᠤᠯᠬᠤ︾ ᠰᠡᠳᠬᠢᠯᠭᠡ ᠨᠢ ᠭᠡᠷ ᠤᠨ ᠠᠬᠠᠮᠠᠳ ᠤᠨ ᠳᠠᠯᠳᠠ ᠬᠦᠴᠦᠨ ᠢ ᠬᠥᠭᠵᠢᠭᠡᠵᠦ᠂ ︽ᠠᠪᠤ ᠡᠵᠢ ᠴᠢᠷᠮᠠᠶᠢᠭᠠᠷᠠᠢ︾ ᠭᠡᠬᠦ ᠲᠠᠭᠤᠨ ᠳᠤ ᠭᠡᠷ ᠤᠨ ᠠᠬᠠᠮᠠᠳ ᠤᠳ ᠠᠭᠠᠵᠢᠮ ᠢᠶᠠᠷ ︽  ᠵᠢᠩᠬᠢᠨᠢ ᠴᠢᠷᠮᠠᠶᠢᠵᠤ︾  ᠂ ᠤᠷᠤᠯᠳᠤᠭᠠᠨ ᠴᠤ ᠤᠯᠠᠮ ᠬᠦᠷ ᠬᠥᠭᠵᠢᠶᠡᠨ ᠲᠠᠢ ᠪᠣᠯᠪᠠ᠃     ᠲᠣᠰ ᠤᠳᠠᠭᠠᠨ ᠤ ᠬᠥᠳᠡᠯᠭᠡᠭᠡᠨ ᠢᠶᠠᠷ ᠳᠡᠮᠵᠢᠨ ᠬᠡᠤᠬᠡᠳ ᠤᠳ ︽ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ︾ ᠶᠢᠨ ᠲᠤᠬᠠᠶ ᠨᠠᠩ ᠭᠦᠨᠵᠡᠭᠡᠶ ᠲᠥᠷᠥᠭᠳᠡᠯ ᠲᠠᠢ ᠪᠣᠯᠵᠣ᠂ ᠬᠡᠷ ᠤᠨ ᠠᠬᠠᠮᠠᠳ ᠨᠠᠷ ᠴᠦ ᠬᠡᠤᠬᠡᠳ ᠢᠶᠠᠨ ᠬᠡᠷᠬᠢᠨ ᠬᠠᠯᠠᠮᠵᠢᠯᠠᠨ ᠬᠠᠶᠢᠷᠠᠯᠠᠵᠤ᠂ ᠬᠡᠤᠬᠡᠳ ᠲᠤ ᠪᠠᠨ ᠬᠠᠨᠢ ᠪᠣᠯᠬᠤ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠵᠠᠶ᠃ ᠮᠠᠰᠢ ᠣᠯᠠᠨ ᠭᠡᠷ ᠤᠨ ᠠᠬᠠᠮᠠᠳ ᠨᠢ ᠡᠩ ᠤᠨ ᠦᠶ᠎ᠡ ᠳᠤ ᠬᠡᠤᠬᠡᠳ ᠲᠠᠢ ᠪᠠᠨ ᠬᠠᠮᠳᠤ ᠭᠡᠷ ᠪᠦᠯᠢ ᠶᠢᠨ ᠬᠦᠳᠡᠯᠬᠡᠬᠡᠨ ᠳᠤ ᠮᠠᠰᠢ ᠴᠥᠭᠡᠨ ᠤᠷᠤᠯᠴᠠᠳᠠᠭ᠂  ᠮᠦᠨ ᠴᠤ ᠣᠯᠠᠨ ᠲᠠᠢ ᠬᠠᠮᠲᠤ ᠪᠠᠷ ᠡᠶᠢᠮᠦᠷᠬᠦ ᠠᠵᠢᠯᠯᠠᠭ᠎ᠠ ᠳᠤ ᠮᠠᠰᠢ ᠴᠦᠭᠡᠨ ᠣᠷᠣᠯᠴᠠᠵᠤ᠂ ︽ᠫᠢᠺ ᠪᠥᠮᠪᠦᠭᠡ︾  ᠶᠢᠨ ᠠᠵᠢᠯᠯᠠᠭ᠎ᠠ ᠨᠢ ᠪᠡᠶ᠎ᠡ ᠴᠢᠭᠢᠷᠠᠭᠵᠢᠭᠤᠯᠬᠤ ᠪᠠᠷ ᠪᠠᠷᠠᠬᠤ ᠥᠬᠡᠶ ᠪᠠᠰᠠ ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠵᠤ ᠪᠣᠯᠤᠨ᠎ᠠ ᠂ ᠬᠤᠶᠢᠰᠢᠳᠠ ᠡᠶᠢᠮᠦᠷᠬᠦ ᠠᠵᠢᠯᠯᠠᠭ᠎ᠠ ᠳᠤ ᠤᠷᠤᠯᠴᠠᠬᠤ ᠵᠠᠪᠰᠢᠶᠠᠨ ᠨᠡᠩ ᠤᠯᠠᠨ ᠪᠠᠶᠢᠵᠤ᠂ ᠪᠢᠳᠡ ᠪᠠᠰᠠ ᠣᠯᠠᠨ ᠲᠦᠮᠡᠨ ᠤ ᠬᠦᠰᠡᠯ ᠡᠷᠡᠮᠡᠯᠵᠡᠯ ᠢ ᠦᠨᠳᠦᠰᠦᠯᠡᠨ ᠬᠤᠶᠢᠰᠢᠳᠠ ᠨᠠᠩ ᠣᠯᠠᠨ ᠡᠶᠢᠮᠦᠷᠬᠦ ᠠᠵᠢᠯᠯᠠᠭ᠎ᠠ ᠥᠷᠨᠢᠭᠦᠯᠵᠦ᠂ ᠵᠢᠩᠬᠢᠨᠢ ︽ᠣᠯᠠᠨ ᠲᠦᠮᠡᠨ ᠤ ᠳᠤᠮᠳᠠ ᠣᠷᠣᠬᠤ︾᠂ ︽ᠣᠯᠠᠨ ᠲᠦᠮᠡᠨ ᠳᠤ ᠦᠢᠯᠡᠴᠢᠯᠡᠬᠦ︾ ᠶᠢ ᠪᠡᠶᠡᠯᠡᠬᠦᠯᠬᠦ ᠪᠠᠷ ᠬᠦᠰᠡᠵᠦ ᠪᠠᠶᠢᠨ᠎ᠠ  ᠭᠡᠵᠦ ᠢᠯᠡᠳᠭᠡᠵᠡᠬᠡᠪᠡ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号