11 ᠰᠠᠷ᠎ᠠ ᠶᠢᠨ 14 ᠤ ᠡᠳᠦᠷ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠵᠡᠭᠦᠨ ᠵᠠᠮ ᠤᠨ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠭᠤᠤ ᠳ᠋ᠠᠨ ᠨᠠᠷ ᠲᠠᠷᠬᠠᠨ ᠰᠤᠮᠤᠨ ᠳᠤ ᠬᠦᠷᠴᠦ | ᠪᠠᠶᠢᠴᠠᠭᠠᠨ ᠰᠤᠳᠤᠯᠤᠯᠲᠠ ᠬᠢᠵᠦ᠂ ᠤᠷᠢᠳ ᠬᠤᠵᠢᠳ ᠮᠥᠩᠭᠦᠨ ᠵᠠᠰᠠᠯ ᠴᠢᠮᠡᠭᠯᠡᠯ ᠤᠨ ᠡᠳ᠋ ᠦᠢᠯᠡᠳᠬᠦ᠂ ᠡᠮᠡᠭᠡᠯ | ᠦᠢᠯᠡᠳᠬᠦ᠂ ᠳᠠᠷᠬᠠᠨ ᠬᠤᠪᠴᠠᠰᠤ ᠦᠢᠯᠡᠳᠬᠦ᠂ ᠮᠣᠩᠭᠤᠯ ᠰᠢᠲᠠᠷ᠎ᠠ ᠶᠢᠨ ᠰᠡᠶᠢᠯᠦᠮᠡᠯ ᠵᠡᠷᠭᠡ ᠪᠣᠳᠠᠰ ᠤᠨ ᠪᠤᠰᠤ | ᠰᠣᠶᠣᠯ ᠤᠨ ᠥᠪ ᠪᠠ ᠬᠠᠳᠠᠨ ᠵᠢᠷᠤᠭ᠂ ᠠᠯᠲᠠᠨ ᠤᠯᠤᠰ ᠤᠨ ᠰᠡᠷᠭᠡᠶᠢᠯᠡᠯᠳᠡ ᠶᠢᠨ ᠭᠤᠤ᠂ ᠠᠨᠳᠠ ᠪᠦᠷᠭᠦᠭᠡ | ᠡᠷᠲᠡᠨ ᠤ ᠬᠤᠲᠠ ᠶᠢᠨ ᠪᠠᠭᠤᠷᠢ ᠶᠢ ᠲᠣᠭᠤᠷᠢᠨ ᠦᠵᠡᠵᠦ᠂ ᠤᠬᠠᠭᠤᠯᠬᠤ ᠭᠡᠰᠢᠭᠦᠨ ᠸᠠᠩ ᠪᠠᠶᠠᠰᠬᠤᠯᠠᠩ ᠪᠠᠷ᠎ᠠ | ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠤᠯᠳᠠ ᠳᠤ᠂ ᠸᠠᠩ ᠪᠠᠶᠠᠰᠬᠤᠯᠠᠩ ᠵᠠᠮ ᠲᠤᠵᠢ ᠳᠤ ᠳᠠᠷᠬᠠᠨ ᠰᠤᠮᠤ ᠶᠢᠨ ᠰᠣᠶᠣᠯ | ᠢᠷᠭᠡᠨᠰᠢᠯ ᠤᠨ ᠲᠡᠦᠬᠡ ᠪᠣᠯᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠬᠤᠶᠠᠷ | ᠲᠠᠯ᠎ᠠ ᠪᠠᠷ ᠢᠶᠠᠨ ᠰᠣᠶᠣᠯ ᠵᠢᠭᠤᠯᠴᠢᠯᠠᠯ ᠢ ᠬᠡᠷᠬᠢᠨ ᠨᠡᠩ ᠰᠠᠶᠢᠲᠤᠷ ᠠᠬᠢᠭᠤᠯᠬᠤ᠂ ᠬᠦᠴᠦ ᠪᠠᠨ ᠬᠠᠮᠲᠤᠳᠬᠠᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠭᠠᠷ ᠬᠤᠯᠪᠣᠨ ᠰᠣᠶᠣᠯ ᠤᠨ ᠬᠥᠭᠵᠢᠯ ᠴᠡᠴᠡᠭᠯᠡᠯ ᠢ ᠬᠠᠮᠲᠤᠪᠠᠷ ᠪᠠᠶᠢᠭᠤᠯᠬᠤ ᠰᠠᠶᠢᠨ ᠰᠠᠶᠢᠬᠠᠨ | ᠬᠦᠰᠡᠯ ᠡᠷᠡᠮᠡᠯᠵᠡᠯ ᠢᠶᠠᠨ ᠢᠯᠡᠳᠬᠡᠪᠡ᠃ | ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠨᠢ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠵᠡᠭᠦᠨ | ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠣᠯᠤᠨ ᠳᠠᠷᠬᠠᠨ ᠰᠤᠮᠤ ᠶᠢᠨ ᠨᠠᠮ ᠤᠨ | ᠬᠤᠷᠢᠶ᠎ᠠ ᠶᠢᠨ ᠬᠤᠭᠤᠷᠣᠨᠳᠣᠬᠢ ᠣᠶᠢᠯᠠᠭᠠᠯᠴᠠᠭ᠎ᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠤᠶᠠᠷ | ᠭᠠᠵᠠᠷ ᠤᠨ ᠰᠣᠶᠣᠯ ᠤᠨ ᠰᠣᠯᠢᠯᠴᠠᠭ᠎ᠠ ᠳᠤ ᠬᠥᠭᠦᠷᠭᠡ ᠲᠠᠯᠪᠢᠵᠤ᠂ ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ | ᠰᠣᠶᠣᠯ ᠵᠢᠭᠤᠯᠴᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠬᠠᠮᠵᠢᠯᠴᠠᠭᠤᠯᠤᠨ ᠬᠠᠮᠲᠤ ᠪᠠᠷ ᠤᠷᠤᠭᠰᠢᠯᠠᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ |