ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠵᠠᠬᠢᠷᠭᠠᠨ ᠤ ᠤᠷᠤᠨ
ᠨᠡᠶᠢᠲᠡᠯᠡᠭᠰᠡᠨ ᠴᠠᠭ᠄
2024/11/18
      ᠳᠠᠷᠬᠠᠨ ᠬᠤᠰᠢᠭᠤᠨ ᠤ ᠪᠦᠬᠦᠯᠢ ᠨᠡᠷ᠎ᠡ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 20 ᠬᠢᠯᠢ ᠬᠢᠵᠠᠭᠠᠷ ᠤᠨ ᠬᠤᠰᠢᠭᠤ ︵ᠬᠤᠲᠠ︶ ᠪᠣᠯᠤᠨ 33 ᠮᠠᠯᠵᠢᠬᠤ ᠬᠤᠰᠢᠭᠤᠨ ᠤ ᠨᠢᠭᠡ ᠪᠣᠯᠤᠨ᠎ᠠ᠃ ᠵᠡᠭᠦᠨ ᠤᠷᠲᠤᠷᠢᠭ ᠤᠨ 109°16'-111°25' ᠂ ᠤᠮᠠᠷᠠᠲᠤ ᠦᠷᠭᠡᠷᠢᠭ ᠤᠨ 41°20°-42°40' ᠲᠤ ᠪᠠᠶᠢᠷᠢᠯᠠᠳᠠᠭ᠃ ᠵᠡᠭᠦᠨ ᠲᠠᠯ᠎ᠠ ᠪᠠᠷ ᠢᠶᠠᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤ ᠲᠠᠢ ᠬᠥᠷᠰᠢᠯᠡᠵᠦ᠂ ᠪᠠᠷᠠᠭᠤᠨᠰᠢ ᠪᠠᠨ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠡᠮᠦᠨ᠎ᠡ ᠲᠠᠯ᠎ᠠ ᠪᠠᠷ ᠢᠶᠠᠨ ᠬᠥᠬᠡᠬᠤᠲᠠ ᠶᠢᠨ ᠦᠴᠤᠸᠠᠨ ᠰᠢᠶᠠᠨ᠂ ᠪᠤᠭᠤᠲᠤ ᠬᠤᠲᠠ ᠶᠢᠨ ᠭᠦᠶᠡᠩ ᠰᠢᠶᠠᠨ ᠲᠠᠢ ᠵᠠᠯᠭᠠᠯᠳᠤᠵᠤ᠂ ᠤᠮᠠᠷᠠᠰᠢ ᠮᠣᠩᠭᠤᠯ ᠤᠯᠤᠰ ᠲᠠᠢ ᠬᠢᠯᠢ ᠵᠠᠯᠭᠠᠯᠳᠤᠵᠤ᠂ ᠤᠯᠤᠰ ᠤᠨ ᠬᠢᠯᠢ ᠶᠢᠨ ᠱᠤᠭᠤᠮ ᠤᠨ ᠣᠷᠳᠣ ᠨᠢ 88.6 ᠺᠢᠯᠤᠮᠧᠲᠷ ᠪᠠᠶᠢᠵᠤ᠂ ᠳᠤᠮᠳᠠᠳᠤ ᠮᠣᠩᠭᠤᠯ ᠤᠨ ᠮᠠᠨᠳᠤᠯ — ᠬᠠᠩᠭᠢ ᠪᠣᠭᠤᠮᠲᠠ ᠪᠣᠯ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠵᠠᠮ ᠤᠨ ᠨᠢᠭᠡ ᠪᠣᠯᠤᠨ᠎ᠠ᠃ ᠪᠥᠬᠦ ᠬᠤᠰᠢᠭᠤᠨ ᠤ ᠶᠡᠷᠦᠩᠬᠡᠶ ᠲᠠᠯᠠᠪᠠᠶ ᠨᠢ 18177 ᠲᠡᠭᠰᠢ ᠳᠥᠷᠪᠡᠯᠵᠢᠨ ᠺᠢᠯᠤᠮᠧᠲᠷ᠂ ᠬᠠᠷᠢᠶᠠᠨ ᠳᠤ ᠨᠢ 7 ᠪᠠᠯᠭᠠᠰᠤ᠂ 2 ᠰᠢᠶᠠᠩ᠂ 3 ᠰᠤᠮᠤ ᠪᠠᠶᠢᠵᠤ᠂ ᠶᠡᠷᠦᠩᠬᠡᠶ ᠬᠥᠮᠦᠨ ᠠᠮᠠ ᠨᠢ 12 ᠲᠦᠮᠡ ︵ᠡᠭᠦᠨ ᠳᠤ ᠴᠥᠭᠡᠨ ᠲᠣᠭᠠᠲᠤ ᠦᠨᠳᠦᠰᠦᠲᠡᠨ 1.83 ᠲᠦᠮᠡᠨ ᠬᠥᠮᠦᠨ︶ ᠪᠤᠢ᠃ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠨᠢ ᠪᠠᠲᠤᠬᠠᠭᠠᠯᠭ᠎ᠠ ᠪᠠᠯᠭᠠᠰᠤ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠠᠵᠤ ᠦᠢᠯᠡᠳᠪᠦᠷᠢ ᠶᠢᠨ ᠬᠤᠳᠠ ᠪᠤᠭᠤᠲᠤ ᠠᠴᠠ ᠴᠥᠮ 160 ᠺᠢᠯᠤᠮᠧᠲᠷ ᠵᠠᠶᠢᠳᠠᠢ᠂ ᠬᠥᠬᠡᠬᠤᠲᠠ ᠪᠤᠭᠤᠲᠤ ᠣᠷᠳᠣᠰ ᠤᠨ ᠬᠤᠶᠠᠷ ᠴᠠᠭ ᠤᠨ ᠠᠵᠤ ᠠᠬᠤᠶ ᠶᠢᠨ ᠨᠥᠯᠥᠭᠡᠯᠡᠬᠦ ᠪᠦᠰᠡ ᠳᠤ ᠣᠷᠣᠰᠢᠵᠤ ᠪᠠᠶᠢᠨ᠎ᠠ᠃      1949 ᠤᠨ ᠤ 9 ᠳ᠋ᠦ᠋ᠭᠡᠷ ᠰᠠᠷ᠎ᠠ ᠶᠢᠨ 19 ᠤ ᠡᠳᠤᠷ ᠳᠠᠷᠬᠠᠨ ᠪᠠᠶᠢᠯᠠ᠂ ᠮᠤᠤᠮᠢᠩᠭᠠᠨ ᠬᠤᠶᠠᠷ ᠬᠤᠰᠢᠭᠤ ᠴᠢᠯᠦᠭᠡᠯᠡᠭᠳᠡᠪᠡ᠃ 1950 ᠣᠨ ᠤ 5 ᠳ᠋ᠤᠭᠠᠷ ᠰᠠᠷ᠎ᠠ ᠶᠢᠨ 1 ᠤ ᠡᠳᠦᠷ ᠪᠠ 6 ᠳ᠋ᠤᠭᠠᠷ ᠰᠠᠷ᠎ᠠ ᠶᠢᠨ 1 ᠤ ᠡᠳᠦᠷ ᠵᠠᠯᠭᠠᠭ᠎ᠠ ᠪᠠᠷ ᠠᠷᠠᠳ ᠤᠨ ᠵᠠᠰᠠᠭ ᠪᠠᠶᠢᠭᠤᠯᠪᠠ᠃ ᠮᠦᠨ ᠲᠤᠰ ᠵᠢᠯ ᠳᠤ ᠳᠠᠷᠬᠠᠨ ᠪᠠᠶᠢᠯᠠ ᠬᠤᠰᠢᠭᠤ ᠶᠢ ᠳᠠᠷᠬᠠᠨ ᠬᠤᠰᠢᠭᠤ ᠪᠣᠯᠭᠠᠪᠠ᠃ 1952 ᠤᠨ ᠤ 10 ᠳ᠋ᠤᠭᠠᠷ ᠰᠠᠷ᠎ᠠ ᠳᠤ ᠵᠠᠰᠠᠭ ᠵᠠᠬᠢᠷᠭᠠᠨ ᠤ ᠤᠷᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠦᠶ᠎ᠡ ᠳᠤ ᠬᠤᠶᠠᠷ ᠬᠤᠰᠢᠭᠤ ᠶᠢ ᠨᠡᠶᠢᠯᠡᠭᠦᠯᠦᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︵ᠳᠦᠭᠦᠮᠴᠢᠯᠡᠭᠡᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︵ᠲᠦᠭᠦᠮ ᠨᠡᠷᠡᠶᠢᠳᠦᠯ ᠨᠢ ᠲᠠᠷᠬᠠᠨ ᠬᠤᠰᠢᠭᠤ︶ ᠪᠣᠯᠭᠠᠪᠠ᠃ 1954 ᠣᠨ ᠳᠤ ᠲᠥᠪ ᠠᠴᠠ ᠤᠤᠯ ᠤᠨ ᠰᠦᠢᠶᠤᠸᠠᠨ ᠮᠤᠵᠢ ᠶᠢᠨ ᠪᠠᠶᠢᠭᠤᠯᠤᠮᠵᠢ ᠶᠢ ᠬᠠᠰᠤᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠠᠶᠢᠮᠠᠭ ︵ᠣᠳᠣ ᠶᠢᠨ ᠤᠯᠠᠭᠠᠨᠴᠠᠪ ᠬᠤᠲᠠ︶ ᠤᠨ ᠬᠠᠷᠢᠶᠠᠨ ᠳᠤ ᠣᠷᠣᠭᠤᠯᠪᠠ︔ 1996 ᠣᠨ ᠤ 1 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠰᠠᠨᠠᠯ ᠤᠨ ᠶᠣᠰᠣᠭᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠪᠤᠭᠤᠲᠤ ᠬᠤᠲᠠ ᠶᠢᠨ ᠬᠠᠷᠢᠶᠠᠯᠠᠯ ᠳᠤ ᠣᠷᠣᠭᠤᠯᠤᠭᠰᠠᠨ ᠠᠴᠠ ᠤᠳᠤ ᠪᠣᠯᠲᠠᠯ᠎ᠠ ᠬᠡᠷᠡᠭᠵᠢᠭᠦᠯᠵᠦ ᠪᠤᠢ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯ ᠥᠪᠥᠷ ᠮᠣᠩᠭᠤᠯ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠵᠠᠮ ᠪᠣᠯᠤᠨ᠎ᠠ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠤᠳᠠᠯᠳᠤᠭᠠᠨ ᠤ ᠳᠣᠬᠢᠶᠠᠯ ᠬᠢᠵᠠᠭᠠᠷᠯᠠᠰᠢ ᠦᠭᠡᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠲᠠᠯ᠎ᠠ ᠨᠤᠲᠤᠭ ᠤᠨ ᠭᠠᠷᠠᠮ᠂ ᠬᠠᠭᠤᠷᠠᠶ ᠵᠠᠮ ᠤᠨ ᠪᠣᠭᠤᠮᠲᠠ︾ ᠶᠢᠨ ᠰᠠᠶᠢᠬᠠᠨ ᠨᠡᠷᠡᠶᠢᠳᠦᠯ ᠲᠠᠢ᠂ ᠬᠤᠰᠢᠭᠤᠨ ᠤ ᠬᠢᠯᠢ ᠳᠣᠲᠣᠷᠠᠬᠢ ᠮᠠᠨᠳᠤᠯ ᠪᠣᠭᠤᠮᠲᠠ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠤᠯᠤᠰ ᠤᠨ ᠨᠢᠭᠡᠳᠦᠭᠡᠷ ᠲᠥᠷᠥᠯ ᠤᠨ ᠭᠠᠳᠠᠭᠠᠳᠤ ᠨᠡᠭᠡᠭᠡᠯᠲᠡ ᠶᠢᠨ ᠪᠣᠭᠤᠮᠲᠠ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ᠂ ᠪᠤᠭᠤᠲᠤ ᠬᠤᠶᠠᠷ ᠬᠤᠲᠠ ᠠᠴᠠ ᠴᠥᠮ 280 ᠺᠢᠯᠤᠮᠧᠲᠷ ᠵᠠᠶᠢᠲᠠᠶ᠂ ᠮᠣᠩᠭᠤᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠠᠴᠠ ᠪᠠᠷᠤᠭ 700 ᠺᠢᠯᠤᠮᠧᠲᠷ ᠵᠠᠶᠢᠲᠠᠶ᠂ ᠵᠡᠭᠦᠨ ᠭᠤᠪᠢ ᠠᠶᠢᠮᠠᠭ ᠤᠨ ᠰᠠᠶᠢᠨᠱᠠᠩᠳᠠ ᠬᠤᠲᠠ ᠶᠢᠨ 258 ᠺᠢᠯᠤᠮᠧᠲᠷ ᠵᠠᠶᠢᠲᠠᠢ᠂ ᠵᠡᠭᠦᠨ ᠪᠠᠷᠠᠭᠤᠨ ᠪᠠ ᠵᠢᠨᠪᠠ ᠶᠢᠨ ᠭᠠᠯᠲᠤ ᠲᠡᠷᠭᠡᠨ ᠤ ᠥᠷᠲᠡᠭᠡ ᠠᠴᠠ 213 ᠺᠢᠯᠤᠮᠧᠲᠷ ᠵᠠᠶᠢᠲᠠᠢ ᠪᠠᠶᠢᠵᠤ᠂ ᠣᠷᠣᠨ ᠪᠠᠶᠢᠷᠢ ᠶᠢᠨ ᠳᠠᠪᠠᠭᠤᠯᠢᠭ ᠮᠠᠰᠢ ᠢᠯᠡᠷᠬᠡᠶ᠃      ᠳᠠᠷᠬᠠᠨ ᠮᠤᠤᠮᠢᠩᠭᠠᠨ ᠪᠣᠯ ᠭᠠᠵᠠᠷ ᠣᠷᠣᠨ ᠤ ᠣᠨᠴᠠᠯᠢᠭ ᠢᠶᠠᠷ ᠢᠯᠡ ᠲᠣᠳᠣ ᠬᠢᠯᠢ ᠬᠢᠵᠠᠭᠠᠷ ᠤᠨ ᠬᠤᠰᠢᠭᠤ ᠰᠢᠶᠠᠨ ᠪᠠᠶᠢᠵᠤ᠂ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠠᠬᠢᠴᠠ ᠲᠠᠰᠤᠷᠠᠯᠲᠠ ᠦᠭᠡᠢ ᠲᠦᠷᠭᠡᠳᠡᠨ᠎ᠡ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠠ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ︽ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠶᠢᠨ ᠪᠠᠭ᠎ᠠ ᠬᠤᠲᠠ ᠪᠠᠯᠭᠠᠰᠤ ᠲᠡᠶᠢᠰᠢ ᠲᠥᠪᠯᠡᠷᠡᠭᠰᠡᠨ︾ ᠪᠠᠷ ᠵᠢᠯᠣᠭᠤᠳᠣᠯᠭ᠎ᠠ ᠪᠣᠯᠭᠠᠵᠤ᠂ ᠪᠠᠲᠤᠬᠠᠭᠠᠯᠭ᠎ᠠ ᠪᠠᠯᠭᠠᠰᠤ 5.4 ᠲᠡᠭᠰᠢ ᠳᠥᠷᠪᠡᠯᠵᠢᠨ ᠺᠢᠯᠤᠮᠧᠲᠷ ᠭᠠᠵᠠᠷ ᠡᠵᠡᠯᠡᠭᠰᠡᠨ ᠰᠢᠨ᠎ᠡ ᠬᠤᠲᠠ ᠲᠣᠭᠤᠷᠢᠭ ᠪᠠ 1.7 ᠲᠡᠭᠰᠢ ᠳᠥᠷᠪᠡᠯᠵᠢᠨ ᠺᠢᠯᠤᠮᠧᠲᠷ ᠤᠨ ᠪᠠᠢ ᠯᠢᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠥᠯᠥᠪᠵᠢᠭᠦᠯᠵᠦ ᠪᠤᠢ᠂ ᠬᠤᠲᠠ ᠶᠢᠨ ᠲᠣᠭᠤᠷᠢᠭ ᠤᠨ ᠲᠥᠯᠥᠪᠵᠢᠭᠦᠯᠭᠡ ᠶᠢᠨ ᠲᠠᠯᠠᠪᠠᠶ ᠨᠢ ᠤᠤᠯ ᠤᠨ ᠬᠠᠭᠤᠴᠢᠨ ᠬᠤᠲᠠ ᠶᠢᠨ ᠲᠣᠭᠤᠷᠢᠭ ᠤᠨ 2.4 ᠲᠡᠭᠰᠢ ᠳᠥᠷᠪᠡᠯᠵᠢᠨ ᠺᠢᠯᠤᠮᠧᠲᠷ ᠪᠠᠶᠢᠭᠰᠠᠨ ᠠᠴᠠ ᠪᠠᠨ 9.5 ᠲᠡᠭᠰᠢ ᠳᠥᠷᠪᠡᠯᠵᠢᠨ ᠺᠢᠯᠤᠮᠧᠲᠷ ᠪᠣᠯᠭᠠᠨ ᠨᠡᠮᠡᠭᠳᠡᠭᠦᠯᠵᠦ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠰᠢᠨ᠎ᠡ ᠲᠠᠷᠢᠶᠠᠯᠠᠬᠤ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠲᠠᠷᠢᠶᠠᠯᠠᠬᠤ ᠮᠠᠯᠵᠢᠬᠤ ᠣᠷᠣᠨ ᠳᠤ 60 ᠭᠤᠤᠯ ᠲᠣᠰᠬᠤᠨ᠂ 140 ᠦᠨᠳᠦᠰᠦᠨ ᠲᠣᠰᠬᠤᠨ ᠤ ᠠᠶᠢᠯ ᠲᠣᠰᠬᠤᠨ ᠤ ᠪᠠᠶᠢᠷᠢᠰᠢᠭᠤᠯᠤᠯ ᠢ ᠪᠣᠶ ᠪᠣᠯᠭᠠᠨ᠂ ︽ᠠᠷᠪᠠ ᠶᠢ ᠪᠦᠷᠢᠨ ᠪᠥᠷᠬᠦᠭᠦᠯᠬᠦ︾ ᠢᠨᠵᠧᠨᠧᠷᠢᠩ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠢᠭᠡᠨᠲᠡ ᠨᠡᠭᠦᠯᠭᠡᠭᠰᠡᠨ ᠬᠠᠭᠤᠴᠢᠨ ᠲᠣᠰᠬᠤᠨ ᠢ ᠵᠡᠷᠭᠡ ᠳᠤᠨᠢ ᠨᠤᠷᠠᠭᠠᠵᠤ ᠲᠡᠭᠰᠢᠯᠡᠭᠦᠯᠵᠦ᠂ ᠲᠠᠷᠢᠶᠠᠴᠢᠨ ᠮᠠᠯᠴᠢᠳ ᠤᠨ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠨᠥᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠲᠡᠶᠢᠰᠢ ᠰᠢᠯᠵᠢᠬᠦ ᠶᠢ ᠲᠦᠯᠬᠢᠨ ᠠᠬᠢᠭᠤᠯᠵᠤ᠂ ᠦᠷᠭᠦᠯᠵᠢᠯᠡᠨ ᠬᠥᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠪᠠ᠃      2012 ᠣᠨ ᠠᠴᠠ ᠨᠠᠭᠠᠰᠢ᠂ ᠮᠠᠨ ᠤ ᠬᠤᠰᠢᠭᠤ ᠤᠷᠢᠳ ᠬᠤᠵᠢᠳ ︽ᠪᠥᠬᠦ ᠤᠯᠤᠰ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ︾᠂ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾᠂ ︽ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠰᠢᠭᠤ︾ ᠪᠠᠷ ᠦᠨᠡᠯᠡᠭᠳᠡᠵᠦ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠢ︾᠂ ︽ᠪᠥᠬᠦ ᠤᠯᠤᠰ ᠤᠨ ᠲᠠᠯ᠎ᠠ ᠨᠤᠲᠤᠭ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠣᠭᠤᠷᠢᠭ︾᠂ ︽ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠵᠢᠱᠢᠶ᠎ᠡ ᠦᠵᠡᠭᠦᠯᠬᠦ ᠬᠤᠰᠢᠭᠤ︾ ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠵᠦ᠂ ︽ᠳᠤᠮᠳᠠᠳᠤ ᠤᠯᠤᠰ ᠤᠨ ᠬᠠᠰᠠᠷ ᠤᠨ ᠰᠣᠶᠣᠯ ᠤᠨ ᠨᠤᠲᠤᠭ︾᠂ ︽ᠳᠤᠮᠳᠠᠳᠤ ᠤᠯᠤᠰ ᠤᠨ ᠮᠣᠩᠭᠤᠯ ᠦᠨᠳᠦᠰᠦᠲᠡᠨ ᠤ ᠨᠡᠭᠦᠳᠡᠯ ᠰᠣᠶᠣᠯ ᠤᠨ ᠰᠤᠳᠤᠯᠭᠠᠨ ᠤ ᠰᠠᠭᠤᠷᠢᠨ ᠭᠠᠵᠠᠷ︾ ᠵᠡᠷᠭᠡ ᠢᠷᠠᠭᠤ ᠠᠯᠳᠠᠷ ᠢ ᠭᠥᠷᠳᠡᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠡᠩᠨᠡᠭᠡᠨ ᠳᠤ ᠤᠷᠤᠭᠰᠢᠲᠠᠶ ᠣᠷᠣᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号