ᠰᠢᠢᠳᠪᠦᠷᠢᠯᠡᠭᠳᠡᠬᠦᠢ ᠰᠡᠳᠬᠢᠬᠦᠶ — ᠪᠠᠲᠤᠬᠠᠭᠠᠯᠭ᠎ᠠ ᠪᠠᠯᠭᠠᠰᠤ ︽ᠨᠢᠭᠡ ᠪᠠᠷ ᠭᠤᠣᠯᠯᠠᠬᠤ  ᠳᠥᠷᠪᠡ ᠳᠤ ᠣᠷᠣᠬᠤ  ᠣᠯᠠᠨ ᠡᠰᠢᠲᠦ︾ ᠵᠠᠭᠪᠤᠷ ᠢ ᠬᠠᠶᠢᠨ ᠰᠦᠪᠡᠭᠴᠢᠯᠡᠵᠦ ᠠᠳᠠᠯ ᠠᠬᠤᠶ ᠶᠢᠨ ᠬᠠᠮᠢᠶᠠᠷᠤᠯᠲᠠ ᠶᠢᠨ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/11/18
      ᠨᠢᠭᠡ᠂ ᠠᠬᠤᠶ ᠪᠠᠶᠢᠳᠠᠯ ᠪᠠ ᠡᠭᠦᠰᠦᠭᠰᠡᠨ ᠰᠢᠯᠲᠠᠭᠠᠨ      ᠶᠡᠷᠦᠩᠬᠡᠢ ᠱᠦᠵᠢ ᠰᠢ ᠶᠢᠨ ᠫᠢᠩ᠂ ᠦᠨᠳᠦᠰᠦᠨ ᠱᠠᠲᠤᠨ ᠤ ᠵᠠᠰᠠᠯᠲᠠ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠰᠠᠭᠤᠷᠢ ᠴᠢᠨᠠᠷᠲᠠᠢ ᠢᠨᠵᠧᠨᠧᠷᠢᠩ ᠪᠣᠯᠤᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠡᠷᠬᠡᠪᠰᠢ ᠰᠡᠳᠬᠢᠯ ᠳᠡᠭᠡᠨ ᠪᠠᠲᠤ ᠴᠡᠭᠡᠵᠢᠯᠡᠵᠦ᠂ ᠴᠠᠭ ᠢᠮᠠᠭᠲᠠ ᠠᠳᠬᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠳᠠᠯ ᠠᠬᠤᠶ ᠶᠢᠨ ᠬᠠᠮᠢᠶᠠᠷᠤᠯᠲᠠ ᠨᠢ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠬᠡᠮᠵᠢᠬᠦ ᠰᠠᠭᠤᠷᠢ ᠦᠢᠯᠡᠴᠢᠯᠡᠭᠡᠨ ᠤ ᠦᠢᠯᠡᠰ ᠪᠣᠯᠤᠭᠰᠠᠨ ᠤ ᠬᠤᠪᠢ ᠳᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢᠨ ᠰᠠᠶᠢᠨ ᠮᠠᠭᠤ ᠨᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠰᠢᠭᠤᠳ ᠨᠥᠯᠥᠭᠡᠯᠡᠨ᠎ᠡ᠃ ᠪᠠᠲᠤᠬᠠᠭᠠᠯᠭ᠎ᠠ ᠪᠠᠯᠭᠠᠰᠤ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠥᠪ ᠪᠠᠯᠭᠠᠰᠤ ᠪᠣᠯᠤᠭᠰᠠᠨ ᠤ ᠬᠤᠪᠢ ᠳᠤ᠂ ᠪᠥᠬᠦ ᠬᠤᠰᠢᠭᠤᠨ ᠤ ᠴᠣᠷ ᠤᠨ ᠭᠠᠭᠴᠠ ᠨᠡᠶᠢᠭᠡᠮ ᠲᠣᠭᠤᠷᠢᠭ ᠲᠠᠢ ᠰᠢᠶᠠᠩ ᠪᠠᠯᠭᠠᠰᠤ ᠪᠠᠶᠢᠵᠤ᠂ ᠣᠶᠢᠷ᠎ᠠ ᠶᠢᠨ ᠵᠢᠯ ᠳᠤ ᠬᠡᠳᠦ᠋ᠢᠪᠡᠷ ︽ᠬᠤᠪᠢᠰᠬᠠᠯ ᠤᠨ ᠠᠳᠠᠯ ᠠᠬᠤᠶ︾ ᠶᠢ ᠴᠣᠭᠴᠠᠯᠠᠬᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠵᠣᠬᠢᠬᠤ ᠠᠵᠢᠯ ᠥᠷᠨᠢᠭᠦᠯᠦᠭᠰᠡᠨ ᠪᠣᠯᠪᠠᠴᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠳᠤ ᠬᠦᠴᠢᠷᠲᠡᠶ᠂ ᠰᠠᠭᠤᠭᠠᠯᠢ ᠲᠣᠭᠤᠷᠢᠭ ᠤᠨ ᠣᠷᠣᠨ ᠰᠠᠭᠤᠴᠠ ᠶᠢ ᠬᠤᠭᠤᠰᠣᠨ ᠲᠠᠯᠪᠢᠬᠤ ᠨᠣᠷᠮ᠎ᠠ ᠥᠨᠳᠥᠷ᠂ ᠠᠳᠠᠯ ᠠᠬᠤᠶ ᠶᠢᠨ ᠦᠢᠯᠡᠴᠢᠯᠡᠭᠡᠨ ᠤ ᠰᠦᠢᠳᠬᠡᠯ ᠢ ᠬᠤᠷᠢᠶᠠᠨ ᠠᠪᠬᠤ ᠨᠣᠷᠮ᠎ᠠ ᠳᠤᠤᠷ᠎ᠠ ᠵᠡᠷᠭᠡ ᠠᠰᠠᠭᠤᠳᠠᠯ ᠮᠥᠨ ᠬᠦ ᠣᠷᠣᠰᠢᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠯᠭ᠎ᠠ᠂ ᠨᠡᠶᠢᠭᠡᠮ ᠪᠠ ᠣᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ᠃ 2023 ᠣᠨ ᠳᠤ᠂ ᠬᠤᠰᠢᠭᠤᠨ ᠤ ᠨᠠᠮ ᠤᠨ ᠬᠤᠷᠢᠶ᠎ᠠ ᠠᠳᠠᠯ ᠠᠬᠤᠶ ᠶᠢᠨ ᠬᠠᠮᠢᠶᠠᠷᠤᠯᠲᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠪᠣᠯᠭᠠᠪᠠ᠃ ᠡᠭᠦᠨ ᠤ ᠲᠤᠯᠠᠳᠠ᠂ ᠪᠠᠲᠤᠬᠠᠭᠠᠯᠭ᠎ᠠ ᠪᠠᠯᠭᠠᠰᠤ ︽ᠰᠢᠢᠳᠪᠦᠷᠢᠯᠡᠭᠳᠡᠬᠦᠢ ᠰᠡᠳᠬᠢᠬᠦᠶ︾ ᠪᠠᠨ ᠴᠢᠩᠭᠠᠳᠬᠠᠵᠤ᠂ ︽ᠨᠢᠭᠡ ᠪᠠᠷ ᠭᠤᠣᠯᠯᠠᠬᠤ᠂ ᠳᠥᠷᠪᠡ ᠳᠤ ᠣᠷᠣᠬᠤ᠂ ᠣᠯᠠᠨ ᠡᠰᠢᠲᠦ︾ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠳᠤ ᠬᠤᠪᠢᠷᠠᠯᠲᠠ ᠶᠢ ᠬᠠᠷᠠᠭᠤᠯᠵᠤ᠂ ᠪᠣᠳᠠᠲᠤ ᠠᠰᠢᠭ ᠬᠦᠷᠲᠡᠭᠡᠵᠦ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠠᠷ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠪᠠᠷ ᠴᠢᠷᠮᠠᠶᠢᠪᠠ᠃      ᠬᠤᠶᠠᠷ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ      ︵ᠨᠢᠭᠡ︶ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ︾ ᠪᠠᠷ ᠭᠤᠤᠯ ᠪᠣᠯᠭᠠᠵᠤ᠂ ᠬᠤᠪᠢᠰᠬᠠᠯ ᠤᠨ ᠬᠥᠳᠡᠯᠭᠡᠭᠦᠷ ᠢ ᠴᠣᠭᠴᠠᠯᠠᠵᠤ᠂ ᠳᠠᠶᠢᠴᠢᠨ ᠪᠠᠬᠢᠯᠡᠯᠲᠡ ᠶᠢ ᠪᠠᠲᠤ ᠴᠣᠭᠴᠠᠯᠠᠪᠠ      ᠨᠠᠮ ᠤᠨ ᠪᠠᠶᠢᠭᠤᠯᠤᠯᠲᠠ ᠶᠢᠨ ︽ᠲᠦᠰᠢᠭ ᠲᠤᠯᠭᠠᠭᠤᠷᠢ︾ ᠶᠢ ᠪᠠᠬᠢᠵᠢᠭᠦᠯᠵᠦ᠂ ᠵᠠᠰᠠᠯᠲᠠ ᠶᠢᠨ ︽ᠰᠢᠨ᠎ᠡ ᠠᠮᠢᠵᠢᠷᠠᠯ ᠤᠨ ᠬᠦᠴᠦᠨ︾ ᠢ ᠬᠦᠭᠵᠢᠭᠡᠪᠡ᠃ ᠪᠠᠯᠭᠠᠰᠤᠨ ᠤ ᠨᠠᠮ ᠤᠨ ᠬᠤᠷᠢᠶ᠎ᠠ ︽ᠬᠤᠪᠢᠰᠬᠠᠯᠲᠤ ᠠᠳᠠᠯ ᠠᠬᠤᠶ︾ ᠶᠢ ᠡᠭᠦᠳᠦᠨ ᠪᠠᠶᠢᠭᠤᠯᠬᠤ ᠠᠴᠠ ᠭᠠᠷᠳᠠᠵᠤ᠂ 4 ᠠᠳᠠᠯ ᠠᠬᠤᠶ ᠶᠢᠨ ᠬᠠᠮᠢᠶᠠᠷᠤᠯᠲᠠ ᠲᠠᠢ ᠵᠢᠵᠢᠭ ᠲᠣᠭᠤᠷᠢᠭ ᠲᠤ 2 ᠬᠤᠪᠢᠰᠬᠠᠯᠲᠤ ᠠᠳᠠᠯ ᠠᠬᠤᠶ ᠶᠢᠨ ᠬᠤᠯᠪᠣᠭᠠᠲᠤ ᠨᠠᠮ ᠤᠨ ᠡᠭᠦᠷ ᠪᠠᠶᠢᠭᠤᠯᠵᠤ᠂ ︽ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ + ᠵᠢᠵᠢᠭ ᠲᠣᠭᠤᠷᠢᠭ ᠤᠨ ᠠᠳᠠᠯ ᠠᠬᠤᠶ ᠶᠢᠨ ᠵᠥᠪᠯᠡᠯ + ᠠᠳᠠᠯ ᠠᠬᠤᠶ ᠶᠢᠨ ᠺᠣᠮᠫᠠᠨᠢ︾ ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠠᠳᠠᠯ ᠠᠬᠤᠶ ᠶᠢᠨ ᠳᠠᠭᠠᠭᠠᠮᠠᠯ ᠤᠨ ︽ᠬᠤᠤᠰ ᠴᠢᠭᠯᠡᠯ ᠢᠶᠠᠷ ᠣᠷᠣᠵᠤ᠂ ᠰᠣᠯᠪᠢᠴᠠᠨ ᠲᠤᠰᠢᠶᠠᠯ ᠡᠭᠦᠷᠭᠡᠯᠡᠬᠦ︾ ᠶᠢ ᠳᠥᠯᠭᠢᠨ ᠠᠬᠢᠭᠤᠯᠵᠤ᠂ ︽ᠬᠤᠪᠢᠰᠬᠠᠯᠲᠤ ᠠᠳᠠᠯ ᠠᠬᠤᠶ︾ ᠶᠢᠨ ᠵᠢᠱᠢᠶ᠎ᠡ ᠦᠵᠡᠭᠦᠯᠬᠦ ᠴᠡᠭ ᠢ ᠬᠦᠴᠦᠯᠡᠨ ᠪᠣᠶ ᠪᠣᠯᠭᠠᠪᠠ᠃ ᠥᠪᠡᠰᠦᠪᠡᠨ ᠬᠠᠮᠢᠶᠠᠷᠴᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠲᠤ ︽ᠤᠯᠠᠭᠠᠨ ᠬᠠᠮᠢᠶᠠᠷᠤᠭᠴᠢ + ᠥᠮᠴᠢᠲᠡᠨ ᠤ ᠵᠥᠪᠯᠡᠯ + ᠨᠡᠶᠢᠭᠡᠮ ᠲᠣᠭᠤᠷᠢᠭ ᠤᠨ ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ + ᠨᠠᠮ ᠤᠨ ᠭᠡᠰᠢᠭᠦᠨ ᠣᠯᠠᠨ ᠲᠦᠮᠡᠨ︾ ᠭᠡᠬᠦ ᠳᠥᠷᠪᠡᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠴᠠ ᠶᠢ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠶᠢᠨ 7 ᠵᠢᠭᠠᠨ ᠵᠢᠯᠣᠭᠤᠳᠣᠭᠴᠢ ᠶᠢ ᠰᠣᠩᠭᠤᠨ ᠲᠣᠮᠢᠯᠠᠵᠤ᠂ 7 ︽ᠤᠯᠠᠭᠠᠨ ᠬᠠᠮᠢᠶᠠᠷᠤᠭᠴᠢ︾ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠤ ᠣᠴᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠳᠤ ᠲᠠᠰᠤᠷᠠᠯᠲᠠ ᠥᠬᠡᠶ ︽ᠬᠤᠪᠢᠰᠬᠠᠯᠲᠤ ᠠᠮᠢᠵᠢᠷᠠᠯ ᠤᠨ ᠬᠦᠴᠦᠨ︾ ᠣᠯᠭᠤᠪᠠ︔ ᠰᠠᠭᠤᠭᠠᠯᠢ ᠲᠣᠭᠤᠷᠢᠭ ᠤᠨ ᠥᠮᠴᠢᠲᠡᠨ ᠤ ᠵᠥᠪᠯᠡᠯ 13᠂ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ 3 ᠶᠢ ᠪᠠᠶᠢᠭᠤᠯᠵᠤ ᠂ ᠰᠠᠭᠤᠭᠠᠯᠢ ᠠᠷᠠᠳ ᠤᠨ ᠥᠪᠡᠰᠦᠪᠡᠨ ᠬᠠᠮᠢᠶᠠᠷᠬᠤ ᠰᠠᠭᠤᠭᠠᠯᠢ ᠲᠣᠭᠤᠷᠢᠭ ᠤᠨ 4 ᠶᠢ ᠳᠠᠶᠢᠴᠢᠯᠠᠨ᠂ 50 % ᠶᠢᠨ ᠰᠠᠭᠤᠭᠠᠯᠢ ᠲᠣᠭᠤᠷᠢᠭ ᠲᠤ ᠬᠠᠮᠢᠶᠠᠷᠬᠤ ᠬᠥᠮᠦᠨ ᠲᠠᠢ᠂ ᠬᠠᠮᠢᠶᠠᠷᠴᠤ ᠳᠡᠶᠢᠯᠬᠦ᠂ ᠰᠠᠶᠢᠨ ᠬᠠᠮᠢᠶᠠᠷᠴᠤ ᠳᠡᠶᠢᠯᠬᠦ ᠶᠢ ᠪᠡᠶᠡᠯᠡᠭᠦᠯᠵᠦ᠂ 2026 ᠣᠨ ᠪᠣᠯᠬᠤ ᠳᠤ ᠰᠠᠭᠤᠭᠠᠯᠢ ᠲᠣᠭᠤᠷᠢᠭ ᠢ ᠪᠦᠷᠢᠨ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃      ᠵᠠᠰᠠᠯᠲᠠ ᠶᠢᠨ ︽ᠶᠡᠭᠡ ᠬᠠᠮᠲᠤᠷᠠᠯ ᠬᠦᠴᠦᠨ︾ ᠢ ᠨᠢᠭᠲᠠᠷᠠᠭᠤᠯᠵᠤ᠂ ᠦᠷ᠎ᠡ ᠪᠦᠲᠦᠮᠵᠢ ᠶᠢᠨ ︽ᠶᠡᠭᠡ ᠳᠡᠭᠡᠭᠰᠢᠯᠡᠯᠲᠡ︾ ᠶᠢ ᠠᠬᠢᠭᠤᠯᠪᠠ᠃ ᠪᠠᠯᠭᠠᠰᠤᠨ ᠤ ᠨᠠᠮ ᠤᠨ ᠬᠤᠷᠢᠶ᠎ᠠ ︽ᠪᠤᠭᠤᠳᠤ ᠬᠤᠲᠠ ᠶᠢᠨ ᠬᠤᠰᠢᠭᠤᠴᠢ︾ ᠸᠢᠴᠠᠲ ᠤᠨ ᠵᠢᠵᠢᠭ ᠫᠷᠤᠭ᠍ᠷᠠᠮ ᠢ ᠭᠦᠢᠴᠡᠳ ᠠᠰᠢᠭᠯᠠᠨ᠂ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ ᠤ ︽ᠬᠤᠤᠰ ᠨᠡᠷ᠎ᠡ ᠮᠡᠳᠡᠭᠦᠯᠬᠦ᠂ ᠬᠤᠤᠰ ᠦᠢᠯᠡᠴᠢᠯᠡᠭᠡ᠂ ᠬᠤᠤᠰ ᠮᠡᠳᠡᠭᠦᠯᠦᠯᠲᠡ︾ ᠶᠢᠨ ᠠᠵᠢᠯ ᠢ ᠶᠡᠬᠡᠪᠡᠷ ᠥᠷᠨᠢᠭᠦᠯᠵᠦ᠂ ︽ᠲᠥᠬᠦᠮ ᠶᠠᠪᠤᠳᠠᠯ ᠢ ᠪᠠᠷᠢᠨ ᠭᠦᠢᠴᠡᠳᠭᠡᠬᠦ᠂ ᠬᠦᠴᠢᠷ ᠶᠠᠪᠤᠳᠠᠯ ᠢ ᠬᠠᠮᠲᠤᠷᠠᠨ ᠭᠦᠢᠴᠡᠳᠬᠡᠬᠦ᠂ ᠶᠡᠭᠡ ᠶᠠᠪᠤᠳᠠᠯ ᠢ ᠳᠡᠭᠡᠭᠰᠢ ᠮᠡᠳᠡᠭᠦᠯᠬᠦ︾ ᠠᠰᠠᠭᠤᠳᠠᠯ ᠢ ᠲᠠᠰ ᠲᠥᠷᠥᠯ ᠬᠤᠪᠢᠶᠠᠨ ᠰᠢᠢᠳᠪᠦᠷᠢᠯᠡᠬᠦ ᠪᠠ ᠲᠦᠷᠭᠡᠨ ᠲᠤᠰᠬᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠠᠰᠠᠭᠤᠳᠠᠯ ᠤᠨ ᠨᠠᠷᠢᠨ ᠲᠠᠩᠰᠠ ᠪᠠᠷ ᠭᠠᠷᠲᠠᠨ ᠳᠠᠭᠠᠭᠠᠴᠢᠯᠠᠨ ᠬᠠᠷᠢᠯᠴᠠᠬᠤ ᠨᠢᠭᠡᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠡᠳᠡᠷᠭᠦ ᠰᠢᠬᠠᠮᠳᠠᠭᠤᠯᠵᠤ᠂ ᠣᠯᠠᠨ ᠲᠦᠮᠡᠨ ᠤ ᠭᠠᠳᠠᠭᠰᠢ ᠭᠠᠷᠬᠤ ᠳᠤ ᠬᠦᠴᠢᠷ᠂ ᠤᠰᠤ ᠤᠤᠭᠤᠬᠤ ᠳᠤ ᠬᠦᠴᠢᠷ᠂ ᠲᠡᠷᠭᠡ ᠵᠣᠭᠰᠣᠭᠠᠬᠤ ᠳᠤ ᠬᠦᠴᠢᠷ ᠵᠡᠷᠭᠡ ᠲᠦᠪᠡᠭᠳᠡᠵᠦ ᠪᠠᠶᠢᠭ᠎ᠠ 677 ᠬᠡᠷᠡᠭ ᠢ ᠬᠠᠮᠲᠤ ᠪᠠᠷ ᠰᠢᠳᠪᠦᠷᠢᠯᠡᠪᠡ᠃      ᠲᠡᠷᠢᠭᠦᠨ ᠤ ᠬᠢ ᠲᠠᠢ ᠬᠠᠷᠢᠴᠠᠭᠤᠯᠤᠨ ︽ᠵᠢᠩᠬᠢᠨᠢ ᠨᠣᠮ ᠵᠠᠯᠠᠵᠤ︾᠂ ᠠᠵᠢᠯ ᠬᠢᠬᠦ ︽ᠵᠢᠩᠬᠢᠨᠢ ᠴᠢᠳᠠᠪᠤᠷᠢ︾ ᠪᠠᠨ ᠳᠠᠪᠲᠠᠨ ᠪᠣᠯᠪᠠᠰᠤᠷᠠᠭᠤᠯᠤᠨ᠎ᠠ᠃ ᠪᠠᠯᠭᠠᠰᠤᠨ ᠤ ᠨᠠᠮ ᠤᠨ ᠬᠤᠷᠢᠶ᠎ᠠ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠨᠡᠶᠢᠭᠡᠮ ᠲᠣᠭᠤᠷᠢᠭ ᠤᠨ ᠠᠵᠢᠯᠲᠠᠨ᠂ ᠰᠠᠭᠤᠭᠠᠯᠢ ᠠᠷᠠᠳ ᠤᠨ ᠨᠠᠮ ᠤᠨ ᠭᠡᠰᠢᠭᠦᠨ ᠵᠡᠷᠭᠡ ᠶᠢᠨ ᠭᠠᠳᠠᠭᠰᠢ ᠭᠠᠷᠴᠤ ᠲᠣᠭᠤᠷᠢᠨ ᠰᠤᠷᠤᠯᠴᠠᠬᠤ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠲᠡᠷᠢᠭᠦᠨ ᠤ ᠭᠠᠵᠠᠷ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠳ᠋ᠦᠩᠨᠡᠨ ᠬᠤᠪᠢᠶᠠᠯᠴᠠᠵᠤ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠪᠣᠯᠭᠠᠨ ᠰᠣᠯᠢᠯᠴᠠᠪᠠ᠂ ᠡᠨᠡ ᠵᠢᠯ ᠠᠴᠠ ᠨᠠᠭᠠᠰᠢ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠨ ᠰᠤᠷᠤᠯᠴᠠᠬᠤ ᠬᠤᠷᠠᠯ ᠢ 5 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠲᠣᠭᠤᠷᠢᠭ ᠤᠨ ᠶᠡᠷᠦᠩᠬᠡᠶᠢᠯᠡᠨ ᠵᠠᠰᠠᠬᠤ ᠠᠵᠢᠯ ᠤᠨ ᠶᠠᠷᠢᠯᠴᠠᠬᠤ ᠬᠤᠷᠠᠯ ᠢ 14 ᠤᠳᠠᠭ᠎ᠠ ᠬᠤᠷᠠᠯᠳᠤᠭᠤᠯᠵᠤ᠂ ᠰᠠᠭᠤᠭᠠᠯᠢ ᠲᠣᠭᠤᠷᠢᠭ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠰᠣᠯᠢᠯᠴᠠᠭᠠᠨ ᠤ ᠬᠤᠷᠠᠯ ᠢ 8 ᠤᠳᠠᠭ᠎ᠠ ᠬᠤᠷᠠᠯᠳᠤᠭᠤᠯᠵᠤ᠂ ᠰᠠᠭᠤᠭᠠᠯᠢ ᠲᠣᠭᠤᠷᠢᠭ ᠤᠨ ᠵᠠᠰᠠᠯᠲᠠ ᠶᠢᠨ ᠲᠤᠷᠰᠢᠯᠭ᠎ᠠ ᠬᠢᠳᠡᠯ ᠢ ᠬᠠᠮᠲᠤ ᠪᠠᠷ ᠵᠥᠪᠳᠡᠯᠴᠡᠵᠦ᠂ ︽ᠣᠯᠠᠨ ᠴᠡᠭ ᠢᠶᠠᠷ ᠲᠤᠯᠭᠠᠭᠤᠷᠢᠯᠠᠵᠤ᠂ ᠣᠯᠠᠨ ᠡᠰᠢᠵᠢᠬᠦᠯᠦᠨ ᠬᠠᠮᠲᠤ ᠪᠠᠷ ᠵᠠᠰᠠᠬᠤ︾ ᠰᠠᠭᠤᠭᠠᠯᠢ ᠲᠣᠭᠤᠷᠢᠭ ᠤᠨ ᠵᠠᠰᠠᠯᠲᠠ ᠶᠢᠨ ᠰᠢᠨ᠎ᠡ ᠵᠠᠭᠪᠤᠷ ᠢ ᠪᠣᠶ ᠪᠣᠯᠭᠠᠬᠤ ᠶᠢ ᠠᠬᠢᠭᠤᠯᠪᠠ᠃      ︵ᠬᠤᠶᠠᠷ︶ ︽ᠳᠦᠷᠪᠡ ᠶᠢ ᠠᠬᠢᠭᠤᠯᠬᠤ ᠡᠯᠧᠮᠧᠨ᠋ᠲ︾ ᠢᠶᠠᠷ ᠭᠠᠷᠳᠠᠴᠠ ᠪᠣᠯᠭᠠᠵᠤ᠂ ᠤᠨᠢᠨ ᠳᠡᠭᠡᠷ᠎ᠡ ᠨᠢ ᠬᠦᠴᠦᠯᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠠᠰᠠᠯᠲᠠ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ      ᠨᠡᠶᠢᠭᠡᠮ ᠲᠣᠭᠤᠷᠢᠭ ᠢ ᠲᠦᠷᠦᠭᠦᠯᠡᠨ ᠠᠬᠢᠭᠤᠯᠪᠠ᠃ ᠪᠠᠯᠭᠠᠰᠤᠨ ᠤ ᠨᠠᠮ ᠤᠨ ᠬᠤᠷᠢᠶ᠎ᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 3 ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠳᠤ ᠬᠤᠭᠤᠴᠠᠭᠠᠨ ᠳᠤᠮᠳᠠᠬᠢ ᠲᠣᠬᠢᠷᠠᠭᠤᠯᠤᠯᠲᠠ ᠬᠢᠵᠦ᠂ ᠨᠡᠶᠢᠭᠡᠮ ᠲᠣᠭᠤᠷᠢᠭ ᠤᠨ 28 ᠠᠵᠢᠯᠲᠠᠨ ᠢ ᠢᠯᠡ ᠪᠠᠷ ᠤᠷᠢᠨ ᠬᠡᠷᠡᠭᠯᠡᠵᠦ᠂ 28 ᠨᠡᠷ᠎ᠡ ᠨᠡᠶᠢᠭᠡᠮ ᠲᠣᠭᠤᠷᠢᠭ ᠤᠨ ᠵᠠᠯᠠᠭᠤᠴᠤᠳ ᠤᠨ ᠬᠦᠴᠦᠨ ᠢ ᠨᠥᠭᠡᠴᠡᠯᠡᠵᠦ᠂ ᠨᠡᠶᠢᠭᠡᠮ ᠲᠣᠭᠤᠷᠢᠭ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ 3 ᠨᠡᠷᠡᠰ ᠲᠤᠤᠷᠵᠢᠯ ᠤᠨ ᠠᠵᠢᠯᠲᠠᠨ ︽ᠪᠤᠭᠤᠲᠤ ᠬᠤᠲᠠ ᠶᠢᠨ ᠲᠦᠷᠦᠭᠦᠦ ᠪᠦᠯᠦᠭ ᠵᠠᠭᠤᠨ ᠨᠡᠷᠡᠰ ᠣᠳᠣᠨ ᠲᠠᠰ ᠤᠨ ᠲᠤᠤᠷᠵᠢᠯ ᠤᠨ ᠠᠵᠢᠯᠲᠠᠨ︾ ᠤ ᠴᠣᠯᠠ ᠭᠥᠷᠳᠡᠪᠡ᠂ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠲᠦᠷᠦᠭᠦᠯᠡᠨ ᠶᠡᠷᠦᠩᠬᠡᠶᠢᠯᠡᠨ ᠠᠳᠬᠤᠬᠤ᠂ ︽ᠬᠤᠶᠠᠷ ᠵᠥᠪᠯᠡᠯ︾ ᠤᠨ ᠭᠡᠰᠢᠭᠦᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠤᠤᠷᠵᠢᠯ ᠤᠨ ᠠᠵᠢᠯᠲᠠᠨ ᠵᠢᠵᠢᠭ ᠲᠣᠭᠤᠷᠢᠭ ᠢ ᠳᠠᠭᠠᠭᠠᠴᠢᠯᠠᠨ ᠬᠤᠯᠪᠣᠬᠤ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠠᠳᠠᠯ ᠠᠬᠤᠶ ᠶᠢᠨ ᠵᠢᠵᠢᠭ ᠲᠣᠭᠤᠷᠢᠭ ᠤᠨ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠵᠠᠰᠠᠯᠲᠠ ᠶᠢᠨ ᠠᠬᠢᠴᠠ ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃      ᠰᠠᠭᠤᠭᠠᠯᠢ ᠠᠷᠠᠳ ᠰᠠᠨᠠᠭᠠᠴᠢᠯᠠᠭ᠎ᠠ  ᠠᠴᠠ ᠨᠢ ᠠᠬᠢᠭᠤᠯᠪᠠ᠃ ᠪᠠᠯᠭᠠᠰᠤᠨ ᠤ ᠨᠠᠮ ᠤᠨ ᠬᠤᠷᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯ᠎ᠡ ᠨᠡᠶᠢᠭᠡᠮ ᠲᠣᠭᠤᠷᠢᠭ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷ᠂ ᠰᠠᠭᠤᠭᠠᠯᠢ ᠠᠷᠠᠳ ᠤᠨ ᠨᠠᠮ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠬᠦᠷᠴᠦ ᠨᠡᠷ᠎ᠡ ᠮᠡᠳᠡᠭᠦᠯᠵᠦ᠂ ᠥᠮᠴᠢᠲᠡᠨ ᠤ ᠵᠥᠪᠯᠡᠯ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠳᠤ ᠣᠷᠣᠯᠴᠠᠪᠠ᠃ ᠪᠸᠢ ᠴᠧᠨ ᠰᠠᠭᠤᠭᠠᠯᠢ ᠠᠷᠠᠳ ᠤᠨ ᠲᠣᠭᠤᠷᠢᠭ ᠤᠨ ᠠᠵᠤ ᠦᠢᠯᠡᠰ ᠤᠨ ᠵᠥᠪᠯᠡᠯ ᠡᠩ ᠲᠡᠷᠢᠭᠦᠨ ᠳᠤ ᠪᠥᠬᠦ ᠪᠠᠯᠭᠠᠰᠤᠨ ᠳᠤ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ︽ᠰᠢᠨ᠎ᠡ ᠵᠠᠮ︾ ᠢ ᠡᠭᠦᠰᠭᠡᠨ ᠭᠠᠷᠭᠠᠵᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠥᠯᠥ ᠬᠥᠳᠡᠯᠬᠦ ᠬᠥᠷᠥᠩᠭᠡ ᠶᠢᠨ ᠲᠥᠪ ᠪᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠣᠯᠠᠨ ᠤᠳᠠᠭ᠎ᠠ ᠵᠣᠬᠢᠴᠠᠭᠤᠯᠵᠤ᠂ 58 ᠡᠷᠦᠬᠡ ᠰᠠᠭᠤᠭᠠᠯᠢ ᠠᠷᠠᠳ ᠲᠤ ᠬᠡᠷ ᠪᠠᠶᠢᠰᠢᠩ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ ᠠᠮᠵᠢᠯᠲᠠᠲᠠᠶ ᠭᠦᠢᠴᠡᠳᠬᠡᠵᠦ᠂ ᠲᠣᠰ ᠰᠠᠭᠤᠭᠠᠯᠢ ᠠᠷᠠᠳ ᠤᠨ ᠲᠣᠭᠤᠷᠢᠭ ᠤᠨ ᠬᠡᠷ ᠪᠠᠶᠢᠰᠢᠩ ᠭᠦᠢᠴᠡᠳᠭᠡᠬᠦ ᠳᠤ ᠬᠦᠴᠢᠷᠲᠡᠶ ᠪᠠᠶᠢᠭᠰᠠᠨ ᠲᠡᠦᠬᠡ ᠶᠢᠨ ᠦᠯᠡᠳᠡᠭᠳᠡᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠥᠷᠭᠡᠨ ᠣᠯᠠᠨ ᠥᠮᠴᠢᠲᠡᠨ ᠤ ᠬᠦᠴᠦᠲᠡᠶ ᠳᠡᠮᠵᠢᠯᠭᠡ ᠶᠢ ᠣᠯᠵᠤ᠂ ᠪᠤᠰᠤᠳ ᠥᠮᠴᠢᠲᠡᠨ ᠤ ᠵᠢᠵᠢᠭ ᠲᠣᠭᠤᠷᠢᠭ ᠤᠨ ᠬᠡᠷᠡᠭ ᠶᠠᠪᠤᠳᠠᠯ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠵᠤ᠂ ᠠᠳᠠᠯ ᠠᠬᠤᠶ ᠥᠬᠡᠶ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃      ᠳᠦᠷᠢᠮ ᠤᠨ ᠵᠢᠷᠤᠮᠵᠢᠯ ᠢ ᠠᠬᠢᠭᠤᠯᠪᠠ᠃ ᠰᠠᠭᠤᠭᠠᠯᠢ ᠠᠷᠠᠳ ᠤᠨ ᠠᠳᠠᠯ ᠠᠬᠤᠢ ᠶᠢᠨ ᠰᠦᠢᠳᠬᠡᠯ ᠲᠤᠰᠢᠶᠠᠬᠤ ᠬᠦᠰᠡᠯ ᠡᠷᠡᠮᠡᠯᠵᠡᠯ ᠲᠦᠢᠯ ᠤᠨ ᠳᠣᠣᠷ᠎ᠠ ᠪᠠᠶᠢᠭ᠎ᠠ ᠣᠳᠣᠬᠢ ᠪᠠᠶᠢᠳᠠᠯ ᠳᠤ ᠴᠢᠭᠯᠡᠭᠦᠯᠦᠨ᠂ ᠪᠠᠲᠤᠬᠠᠭᠠᠯᠭ᠎ᠠ ᠪᠠᠯᠭᠠᠰᠤ ᠲᠡᠦᠬᠡ ᠶᠢᠨ ᠦᠯᠡᠳᠡᠭᠳᠡᠯ ᠠᠰᠠᠭᠤᠳᠠᠯ ᠳᠤ ᠵᠣᠷᠢᠭᠲᠠᠢ ᠪᠠᠷ ᠰᠢᠭᠤᠳ ᠬᠠᠨᠳᠤᠵᠤ᠂ ᠠᠵᠢᠯ ᠦᠢᠯᠡᠰ ᠤᠨ ᠵᠥᠪᠯᠡᠯ᠂ ᠰᠠᠭᠤᠭᠠᠯᠢ ᠠᠷᠠᠳ ᠤᠨ ᠲᠥᠯᠥᠭᠡᠯᠡᠭᠴᠢ ᠵᠡᠷᠭᠡ ᠪᠠᠷ ᠳᠠᠮᠵᠢᠭᠤᠯᠤᠨ ᠬᠠᠮᠲᠤ ᠪᠠᠷ ᠵᠥᠪᠯᠡᠬᠦ ᠬᠠᠮᠢᠶᠠᠷᠤᠯᠲᠠ ᠶᠢᠨ ᠲᠦᠷᠢᠮ ᠢ ᠬᠠᠮᠲᠤᠪᠠᠷ ᠵᠥᠪᠳᠡᠯᠴᠡᠵᠦ᠂ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ ᠬᠡᠰᠡᠭ ᠵᠢᠵᠢᠭ ᠲᠣᠭᠤᠷᠢᠭ ᠲᠤ ᠲᠣᠰ ᠵᠢᠵᠢᠭ ᠲᠣᠭᠤᠷᠢᠭ ᠤᠨ ᠬᠠᠯᠠᠭᠤᠨ ᠰᠡᠳᠬᠢᠯᠲᠦ ᠰᠠᠭᠤᠭᠠᠯᠢ ᠠᠷᠠᠳ ᠢ ᠤᠷᠢᠨ ᠬᠡᠷᠡᠭᠯᠡᠵᠦ ᠴᠡᠪᠡᠷᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠥᠮᠴᠢᠲᠡᠨ ᠠᠴᠠ ᠥᠪᠡᠰᠦᠪᠡᠨ ᠵᠥᠪᠳᠡᠯᠴᠡᠨ ᠦᠨ᠎ᠡ ᠲᠣᠭᠲᠠᠭᠠᠬᠤ ᠶᠢᠨ ᠬᠠᠮᠲᠤ ᠥᠮᠴᠢᠲᠡᠨ ᠤ ᠭᠥᠯᠢᠶᠡᠨ ᠠᠪᠴᠤ ᠳᠡᠶᠢᠯᠬᠦ ᠠᠷᠭ᠎ᠠ ᠮᠠᠶ᠋ᠢᠭ ᠢᠶᠠᠷ ᠲᠦᠷᠢᠮ ᠲᠣᠭᠲᠠᠭᠠᠵᠤ᠂ ᠪᠸᠢ ᠴᠧᠨ ᠵᠢᠵᠢᠭ ᠲᠣᠭᠤᠷᠢᠭ ᠤᠨ ᠣᠷᠣᠨ ᠰᠠᠭᠤᠴᠠ ᠶᠢᠨ ᠰᠠᠭᠤᠭᠠᠯᠢ ᠡᠷᠦᠬᠡ ᠵᠢᠯ ᠪᠦᠷᠢ 200 ᠲᠥᠭᠦᠷᠢᠭ ᠤᠨ ᠰᠦᠢᠳᠬᠡᠯ ᠬᠤᠷᠢᠶᠠᠵᠤ᠂ ᠲᠡᠷᠭᠡᠨ ᠬᠥᠮᠥᠷᠭᠡ ᠶᠢᠨ ᠰᠠᠭᠤᠭᠠᠯᠢ ᠡᠷᠦᠬᠡ ᠵᠢᠯ ᠪᠦᠷᠢ 100 ᠲᠥᠭᠦᠷᠢᠭ ᠤᠨ ᠰᠦᠢᠳᠬᠡᠯ ᠬᠤᠷᠢᠶᠠᠵᠤ᠂ ᠬᠤᠷᠢᠶᠠᠨ ᠲᠤᠰᠢᠶᠠᠬᠤ ᠨᠣᠷᠮ᠎ᠠ ᠨᠢ 90% ᠳᠤ ᠬᠦᠷᠴᠦ᠂ ᠵᠢᠵᠢᠭ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠠᠷᠢᠭᠤᠨ ᠴᠡᠪᠡᠷ ᠤᠨ ᠵᠠᠷᠤᠳᠠᠯ ᠢ ᠬᠤᠷᠢᠶᠠᠨ ᠲᠤᠰᠢᠶᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃      ᠲᠥᠰᠦᠯ  ᠢ ᠠᠬᠢᠭᠤᠯᠪᠠ᠃ ᠵᠢᠵᠢᠭ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ︽ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ︾ ᠳᠤ ᠲᠦᠰᠢᠭᠯᠡᠨ᠂ 12 ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠪᠠ︔ ︽ᠳᠤᠯᠠᠭᠠᠨ ᠬᠠᠩᠭᠠᠬᠤ ᠢᠨᠵᠧᠨᠧᠷᠢᠩ ᠤᠨ ᠲᠥᠷᠥᠯ ᠵᠦᠢᠯ︾ ᠳᠤ ᠲᠦᠰᠢᠭᠯᠡᠨ᠂ 5 ᠵᠢᠵᠢᠭ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠦᠭᠡᠷᠡᠴᠢᠯᠡᠪᠡ︔ 6 ᠵᠢᠵᠢᠭ ᠲᠣᠭᠤᠷᠢᠭ ᠲᠤ ᠵᠢᠬᠢᠷᠢᠭ ᠮᠠᠶ᠋ᠢᠭ ᠤᠨ ᠰᠠᠭᠤᠭᠠᠯᠢ ᠠᠷᠠᠳ ᠤᠨ ᠠᠵᠢᠯᠯᠠᠭᠠᠨ ᠤ ᠥᠷᠥᠭᠡ 2᠂ ᠬᠠᠭᠤᠴᠢᠨ ᠬᠤᠭᠤᠯᠠᠨ ᠭᠡᠷ 2᠂ ᠬᠡᠤᠬᠡᠳ ᠤᠨ ᠵᠤᠭ᠎ᠠ ᠴᠡᠩᠭᠡᠯ ᠤᠨ ᠲᠠᠯᠠᠪᠤᠷ ᠪᠠᠶᠢᠭᠤᠯᠪᠠ︔ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠴᠠᠬᠢᠯᠭᠠᠨ ᠴᠡᠨᠡᠭᠯᠡᠬᠦ ᠳᠤ ᠬᠦᠴᠢᠷᠲᠡᠶ ᠵᠢᠴᠢ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 10 ᠵᠢᠵᠢᠭ ᠲᠣᠭᠤᠷᠢᠭ ᠲᠤ ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠪᠠ᠃ ᠡᠯ᠎ᠡ ᠲᠦᠷᠦᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠨᠢ ᠰᠠᠭᠤᠭᠠᠯᠢ ᠠᠷᠠᠳ ᠤᠨ ᠲᠣᠭᠤᠷᠢᠭ ᠤᠨ ᠦᠢᠯᠡᠴᠢᠯᠡᠭᠡᠨ ᠤ ᠴᠢᠳᠠᠪᠬᠢ ᠶᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠰᠠᠨᠠᠭᠠᠨ ᠳᠤ ᠨᠡᠶᠢᠴᠡᠭᠦᠯᠵᠦ᠂ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠥᠪᠡᠷᠲᠡᠭᠡᠨ ᠵᠠᠰᠠᠬᠤ ᠢᠲᠡᠭᠡᠯ ᠢ ᠭᠦᠢᠴᠡᠳ ᠬᠥᠭᠵᠢᠭᠡᠪᠡ᠃      ︵ᠭᠤᠷᠪᠠ︶ ︽ᠣᠯᠠᠨ ᠡᠰᠢᠵᠢᠭᠦᠯᠬᠦ ᠵᠠᠰᠠᠯᠲᠠ︾ ᠪᠠᠷ ᠲᠦᠰᠢᠭ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠠᠮᠲᠤ ᠪᠠᠷ ᠵᠠᠰᠠᠬᠤ ᠲᠠᠪᠴᠠᠩ ᠢ ᠪᠠᠶᠢᠭᠤᠯᠪᠠ      ︽ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ︾ ᠳᠤ ᠳᠦᠰᠢᠭᠯᠡᠨ ᠨᠢᠭᠡ ᠪᠦᠯᠦᠭ ᠢ ᠵᠠᠰᠠᠪᠠ᠃ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠡᠴᠡᠷᠯᠢᠭᠵᠢᠭᠦᠯᠦᠭᠰᠡᠨ ᠬᠤᠲᠠ ᠶᠢᠨ ᠶᠠᠪᠤᠳᠠᠯ ᠤᠨ ᠠᠳᠠᠯ ᠠᠬᠤᠶ︾ ᠶᠢᠨ ᠳᠥᠷᠪᠡ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠬᠠᠮᠢᠶᠠᠷᠤᠭᠴᠢ ᠶᠢᠨ ᠡᠵᠡᠩᠨᠡᠯᠲᠡ ᠶᠢᠨ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠪᠥᠬᠦ ᠪᠠᠯᠭᠠᠰᠤᠨ ᠤ 62 ᠵᠢᠵᠢᠭ ᠲᠣᠭᠤᠷᠢᠭ ᠤᠨ ᠬᠤᠭ ᠨᠣᠪᠰᠢ ᠶᠢ ︽ᠨᠢᠭᠡᠳᠦᠯᠲᠡᠶ ᠴᠤᠭᠯᠠᠭᠤᠯᠬᠤ᠂ ᠨᠢᠭᠡᠳᠦᠯᠲᠡᠶ ᠲᠡᠭᠡᠭᠡᠪᠦᠷᠢᠯᠡᠬᠦ᠂ ᠲᠥᠪᠯᠡᠷᠡᠭᠦᠯᠦᠨ ᠰᠢᠢᠳᠪᠦᠷᠢᠯᠡᠬᠦ ︾ ᠶᠢ ᠪᠡᠶᠡᠯᠡᠭᠦᠯᠵᠦ᠂ ᠴᠡᠪᠡᠷᠯᠡᠨ ᠲᠡᠭᠡᠭᠡᠪᠦᠷᠢᠯᠡᠬᠦ ᠶᠠᠪᠤᠴᠠ ᠳᠤ ᠬᠤᠭ ᠨᠣᠪᠰᠢ ᠶᠢ ᠭᠠᠵᠠᠷ ᠢᠶᠠᠷ ᠲᠠᠷᠬᠠᠭᠠᠬᠤ ᠦᠭᠡᠢ᠂ ᠢᠯᠡ ᠭᠠᠷᠭᠠᠬᠤ ᠥᠬᠡᠶ᠂ ᠬᠤᠶᠠᠳᠠᠬᠢ ᠤᠳᠠᠭ᠎ᠠ ᠪᠣᠬᠢᠷᠲᠤᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠤᠭᠰᠠᠨ ᠮᠥᠷᠲᠡᠭᠡᠨ ᠪᠠᠰᠠ ᠬᠤᠲᠠ ᠪᠠᠯᠭᠠᠰᠤᠨ ᠤ ︽ᠳᠦᠷᠢ ᠲᠦᠷᠬᠦ ︾ ᠶᠢ ᠭᠤᠸᠠᠵᠢᠭᠤᠯᠤᠭᠰᠠᠨ ᠪᠠᠶᠢᠨ᠎ᠠ᠃      ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠲᠦᠰᠢᠭᠯᠡᠨ ᠨᠢᠭᠡ ᠪᠦᠯᠦᠭ ᠢ ᠰᠢᠢᠳᠪᠦᠷᠢᠯᠡᠪᠡ᠃ ᠬᠠᠮᠲᠤᠷᠠᠭᠰᠠᠨ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠴᠠᠭᠤᠯᠤᠨ ᠰᠠᠭᠤᠭᠠᠯᠢ ᠲᠣᠭᠤᠷᠢᠭ ᠤᠨ ᠬᠦᠴᠢᠷ ᠠᠰᠠᠭᠤᠳᠠᠯ ᠢ ᠵᠣᠯᠭᠠᠭᠤᠯᠤᠨ ᠲᠠᠨᠢᠵᠤ ᠠᠪᠤᠪᠠ᠃ ᠵᠢᠦ ᠯᠦᠩ ᠱᠠᠨ ᠵᠤᠸᠠᠩ ᠪᠠᠭ᠎ᠠ ᠲᠣᠭᠤᠷᠢᠭ ᠲᠤ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠠᠢ ᠵᠣᠬᠢᠴᠠᠭᠤᠯᠤᠨ ᠭᠤᠣᠯ ᠤᠨ ᠵᠠᠮ ᠢ ᠵᠠᠰᠠᠵᠤ᠂ ᠵᠠᠮ ᠢ ᠥᠷᠭᠡᠳᠬᠡᠵᠦ᠂ ᠭᠡᠷᠡᠯᠲᠦᠭᠦᠯᠭᠡ ᠶᠢ ᠰᠡᠷᠭᠦᠭᠡᠪᠡ︔ ᠵᠢᠶᠠ ᠶᠤᠸᠠᠨ ᠪᠠᠭ᠎ᠠ ᠲᠣᠭᠤᠷᠢᠭ ᠲᠤ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠯᠠᠤ ᠭᠠᠵᠠᠷ ᠢ ᠰᠡᠯᠪᠢᠨ ᠵᠠᠰᠠᠬᠤ ᠶᠢ ᠵᠣᠬᠢᠴᠠᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠳᠤᠯᠠᠪᠠ︔ ᠣᠲᠣ ᠦᠶ᠎ᠡ ᠶᠢᠨ ᠬᠤᠤ ᠲᠢᠩ ᠵᠢᠵᠢᠭ ᠲᠣᠭᠤᠷᠢᠭ ᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠲᠤᠷᠠᠭᠰᠠᠨ ᠬᠠᠶᠢᠯᠤᠰᠢ ᠣᠪᠤᠭ᠎ᠠ ᠶᠢᠨ ᠠᠵᠤ ᠠᠬᠤᠶᠢᠯᠠᠯ ᠤᠨ ᠪᠠᠯᠠ ᠣᠷᠣᠭᠤᠯᠵᠤ ᠵᠢᠵᠢᠭ ᠲᠣᠭᠤᠷᠢᠭ ᠤᠨ ᠵᠠᠮ ᠢ ᠬᠠᠲᠠᠭᠤᠷᠠᠭᠤᠯᠵᠤ᠂ ᠲᠡᠦᠬᠡᠨ ᠦᠯᠡᠳᠡᠭᠳᠡᠯ ᠠᠰᠠᠭᠤᠳᠠᠯ  ᠢ ᠰᠢᠢᠳᠪᠦᠷᠢᠯᠡᠪᠡ︔ ᠳᠤᠯᠠᠭᠠᠨ ᠪᠠᠭ᠎ᠠ ᠲᠣᠭᠤᠷᠢᠭ ᠲᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠯᠠ ᠣᠷᠣᠭᠤᠯᠵᠤ ᠬᠡᠷᠡᠮ ᠢ ᠰᠡᠯᠪᠢᠨ ᠵᠠᠰᠠᠵᠤ᠂ ᠠᠶᠤᠯ ᠲᠦᠭᠰᠢᠭᠦᠷᠢ ᠠᠴᠠ ᠡᠷᠲᠡᠬᠡᠨ ᠵᠠᠶᠢᠯᠠᠭᠤᠯᠬᠤ ᠶᠢ ᠵᠣᠭ᠍᠊ ᠵᠣᠬᠢᠴᠠᠭᠤᠯᠵᠠᠢ᠃ ᠣᠯᠠᠨ ᠰᠠᠯᠠᠭ᠎ᠠ ᠮᠥᠴᠢᠷ ᠵᠣᠬᠢᠴᠠᠯᠳᠤᠨ ᠬᠥᠳᠡᠯᠦᠯᠴᠡᠬᠦ ᠪᠠᠷ ᠳᠠᠮᠵᠢᠭᠤᠯᠤᠨ᠂ ᠵᠢᠵᠢᠭ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠭᠰᠠᠨ ᠪᠥᠭᠡᠳ ᠦᠷᠭᠦᠯᠵᠢᠯᠡᠨ ᠲᠤᠰᠬᠠᠶᠢᠵᠢᠭᠰᠠᠨ ᠠᠳᠠᠯ ᠠᠬᠤᠶ ᠶᠢᠨ ᠦᠢᠯᠡᠴᠢᠯᠡᠭᠡ ᠶᠢ ᠣᠷᠣᠭᠤᠯᠤᠨ ᠠᠪᠴᠢᠷᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠦᠰᠢᠭᠯᠡᠨ ᠨᠢᠭᠡ ᠪᠦᠯᠦᠭ  ᠢ ᠨᠦᠬᠦᠪᠦᠷᠢᠯᠡᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︵ᠭᠠᠵᠠᠷ︶ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠣᠯᠠᠨ ᠲᠦᠮᠡᠨ︾ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠭᠪᠤᠷ ᠢ ᠠᠪᠴᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠭᠦᠯᠪᠡ︔ ᠬᠠᠷᠢᠶ᠎ᠠ ᠣᠷᠣᠨ ᠳᠤ ᠰᠠᠭᠤᠵᠤ ᠪᠠᠶᠢᠭ᠎ᠠ ᠣᠨᠴᠠᠭᠠᠶ ᠬᠥᠮᠦᠰ ᠲᠤ ᠴᠢᠭᠯᠡᠭᠦᠯᠦᠨ ᠬᠡᠷ ᠲᠤᠨᠢ ᠬᠦᠷᠴᠦ ᠲᠣᠬᠤᠨᠢᠭᠤᠯᠬᠤ᠂ ᠰᠡᠳᠬᠢᠴᠡ ᠶᠢᠨ ᠵᠢᠯᠣᠭᠤᠳᠤᠯᠭ᠎ᠠ᠂ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠲᠣᠭᠤᠷᠢᠭ ᠤᠨ ᠥᠪᠡᠷᠲᠡᠭᠡᠨ ᠵᠠᠰᠠᠬᠤ ᠳᠤ ᠣᠷᠣᠯᠴᠠᠬᠤ ᠤᠬᠠᠮᠰᠠᠷᠲᠤ ᠴᠢᠨᠠᠷ᠂ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠶ ᠲᠡᠭᠡᠭᠰᠢᠯᠡᠭᠦᠯᠪᠡ᠃      ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠳᠤ ᠲᠦᠰᠢᠭᠯᠡᠨ ᠨᠢᠭᠡ ᠪᠦᠯᠦᠭ ᠢ ᠵᠣᠷᠢᠭᠵᠢᠭᠤᠯᠪᠠ᠃ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠲᠣᠭᠤᠷᠢᠨ ᠦᠵᠡᠬᠦ᠂ ᠦᠨᠡᠯᠡᠬᠦ᠂ ᠬᠥᠬᠢᠭᠦᠯᠦᠨ ᠰᠠᠶᠢᠰᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠮᠴᠢᠲᠡᠨ ᠤ ᠵᠥᠪᠯᠡᠯ ᠤᠨ ᠦᠢᠯᠡᠳᠦᠯ ᠢ ᠲᠣᠪᠤᠶᠢᠮ᠎ᠠ ᠪᠠᠳᠠᠷᠠᠭᠤᠯᠵᠤ ᠪᠠᠶᠢᠭ᠎ᠠ 31 ᠵᠢᠵᠢᠭ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠬᠤᠭ ᠨᠣᠪᠰᠢ ᠶᠢᠨ ᠲᠡᠷᠭᠡ ᠵᠢᠴᠢ ᠢᠵᠢ ᠪᠦᠷᠢᠨ ᠴᠡᠪᠡᠷᠯᠡᠬᠦ ᠪᠠᠭᠠᠵᠢ ᠬᠡᠷᠡᠭᠰᠡᠯ ᠢ ᠱᠠᠩᠨᠠᠵᠤ᠂ ᠵᠢᠵᠢᠭ ᠲᠣᠭᠤᠷᠢᠭ ᠤᠨ ᠡᠳᠦᠷ ᠲᠤᠲᠤᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠳᠤ ᠬᠡᠷᠡᠭᠯᠡᠨ᠂ ᠣᠯᠠᠨ ᠲᠦᠮᠡᠨ ᠢ ᠪᠦᠲᠦᠮᠵᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠳᠤ ᠣᠷᠣᠯᠴᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠪᠠ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠲᠣᠭᠤᠷᠢᠭ ᠤᠨ ︽ᠠᠯᠤᠰ ᠤᠨ ᠲᠥᠯᠥᠪ︾ ᠢ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃      ᠭᠤᠷᠪᠠ᠂ ᠲᠤᠷᠰᠢᠯᠭ᠎ᠠ ᠰᠡᠩᠬᠡᠷᠡᠭᠦᠯᠦᠯ      ᠠᠳᠠᠯ ᠠᠬᠤᠶ ᠥᠬᠡᠶ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠢ ᠬᠡᠷᠬᠢᠨ ᠨᠠᠩ ᠲᠠᠭᠠᠯᠠᠮᠵᠢᠲᠠᠶ᠂ ᠨᠠᠩ ᠲᠠᠪᠠᠳᠠᠢ᠂ ᠨᠠᠩ ᠲᠠᠭᠠᠳᠠᠢ ᠪᠣᠯᠭᠠᠬᠤ ᠪᠣᠯ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠵᠠᠪᠠᠯ ᠬᠠᠷᠢᠭᠤᠯᠬᠤ ᠰᠡᠳᠦᠪ︾ ᠮᠥᠨ᠂ ᠪᠠᠰᠠ ᠴᠤ ᠠᠷᠠᠳ ᠤᠨ ᠠᠮᠢᠳᠤᠷᠠᠯ ᠳᠤ ᠬᠡᠷᠡᠭᠰᠡᠬᠦ ︽ᠵᠠᠪᠠᠯ ᠬᠠᠷᠢᠭᠤᠯᠬᠤ ᠰᠡᠳᠦᠪ︾ ᠮᠥᠨ᠂ ᠨᠠᠩ ᠴᠤ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ︽ᠵᠠᠪᠠᠯ ᠬᠠᠷᠢᠭᠤᠯᠬᠤ ᠰᠡᠳᠦᠪ︾ ᠮᠥᠨ᠃ ᠵᠠᠰᠠᠭ ᠵᠠᠬᠢᠷᠭᠠᠨ ᠤ ᠬᠠᠮᠢᠶᠠᠷᠤᠯᠲᠠ ᠪᠠ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠣᠷᠭᠠᠨᠢᠭ ᠢᠶᠠᠷ ᠵᠣᠯᠭᠠᠭᠤᠯᠬᠤ ᠪᠠ ᠰᠠᠶᠢᠲᠤᠷ ᠦᠢᠯᠡᠳᠦᠯᠴᠡᠬᠦ ᠶᠢ ᠪᠡᠶᠡᠯᠡᠭᠦᠯᠬᠦ ᠪᠣᠯ ᠬᠤᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠦᠲᠦᠮᠵᠢᠲᠡᠶ ᠠᠷᠭ᠎ᠠ ᠵᠠᠮ ᠮᠥᠨ᠃      ︵ᠨᠢᠭᠡ︶ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠦᠴᠦ ᠪᠠᠨ ᠲᠦᠪᠯᠡᠷᠡᠭᠦᠯᠦᠨ᠎ᠡ      ᠠᠳᠠᠯ ᠠᠬᠤᠢ ᠦᠭᠡᠢ ᠵᠢᠵᠢᠭ ᠲᠣᠭᠤᠷᠢᠭ ᠤᠨ ᠵᠠᠰᠠᠯᠲᠠ ᠨᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠰᠢᠯᠭᠠᠵᠤ ᠪᠠᠶᠢᠳᠠᠭ᠂ ᠡᠷᠬᠡᠪᠰᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠤᠨ ᠵᠠᠰᠠᠯᠲᠠ ᠳᠠᠬᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠲᠥᠪᠯᠡᠩᠭᠦᠶ ᠬᠦᠴᠦᠨ︾ ᠪᠠ ᠨᠡᠶᠢᠭᠡᠮ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠨᠡᠩ ᠣᠯᠠᠨ ᠰᠠᠭᠤᠭᠠᠯᠢ ᠠᠷᠠᠳ ᠢ ᠲᠠᠲᠠᠵᠤ ᠳᠠᠶᠢᠴᠢᠯᠠᠨ ᠵᠠᠰᠠᠯᠲᠠ ᠶᠢᠨ ᠠᠵᠢᠯ ᠳᠤ ᠣᠷᠣᠯᠴᠠᠭᠤᠯᠬᠤ ᠬᠡᠷᠡᠭᠲᠡᠶ᠃      ︵ᠬᠤᠶᠠᠷ︶ ᠠᠷᠠᠳ ᠤᠨ ᠰᠠᠨᠠᠭ᠎ᠠ ᠶᠢ ᠬᠦᠨᠳᠦᠳᠬᠡᠬᠦ ᠶᠢ ᠪᠠᠷᠢᠮᠲᠠᠯᠠᠵᠤ᠂ ᠵᠢᠵᠢᠭ ᠲᠣᠭᠤᠷᠢᠭ ᠤᠨ ᠥᠪᠡᠷᠲᠡᠭᠡᠨ ᠵᠠᠰᠠᠬᠤ ᠠᠮᠢᠵᠢᠷᠠᠯ ᠤᠨ ᠬᠦᠴᠦᠨ ᠢ ᠰᠡᠷᠭᠦᠭᠡᠨ᠎ᠡ      ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ︽ᠪᠢᠯᠵᠤᠤᠬᠠᠢ ᠶᠢ ᠲᠤᠶᠠᠴᠢᠬᠤ︾ ᠠᠷᠭ᠎ᠠ ᠪᠤᠳᠤᠯᠭ᠎ᠠ ᠶᠢ ᠤᠯᠠᠨ ᠲᠦᠮᠡᠨ ᠠᠴᠠ ᠠᠰᠠᠭᠤᠵᠤ᠂ ᠠᠷᠭ᠎ᠠ ᠪᠤᠳᠤᠯᠭ᠎ᠠ ᠶᠢ ᠦᠢᠯᠡᠳᠦᠯᠭᠡ ᠠᠴᠠ ᠠᠰᠠᠭᠤᠵᠤ᠂ ᠪᠣᠳᠠᠲᠠᠢ ᠪᠠᠶᠢᠳᠠᠯ ᠳᠤ ᠴᠢᠭᠯᠡᠭᠦᠯᠦᠨ᠂ ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠲᠡᠢ᠃ ᠥᠮᠴᠢᠲᠡᠨ ᠤ ᠵᠥᠪᠯᠡᠯ ᠤᠨ ᠵᠢᠯᠣᠭᠤᠳᠤᠨ ᠬᠠᠪᠰᠤᠷᠤᠨ ᠲᠡᠳᠬᠦᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠥᠮᠴᠢᠲᠡᠨ ᠤ ᠵᠥᠪᠯᠡᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠳᠠᠶᠢᠴᠢᠯᠠᠨ᠂ ᠰᠠᠭᠤᠭᠠᠯᠢ ᠠᠷᠠᠳ ᠢ ᠭᠦᠢᠴᠡᠳ ᠳᠠᠶᠢᠴᠢᠯᠠᠨ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠳᠤ ᠣᠷᠣᠯᠴᠠᠭᠤᠯᠵᠤ᠂ ᠰᠠᠭᠤᠭᠠᠯᠢ ᠠᠷᠠᠳ ᠤᠨ ᠡᠵᠡᠨ ᠬᠥᠮᠦᠨ ᠤ ᠤᠬᠠᠮᠰᠠᠷ ᠢ ᠴᠢᠩᠭᠠᠷᠠᠭᠤᠯᠤᠨ᠂ ᠡᠶ᠎ᠡ ᠵᠣᠬᠢᠴᠠᠯ ᠲᠠᠢ ᠨᠥᠬᠦᠷᠰᠡᠭ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠶ᠃      ︵ᠭᠤᠷᠪᠠ︶ ᠡᠯᠧᠮᠧᠨ᠋ᠲ ᠤᠨ ᠪᠠᠳᠤᠯᠠᠭ᠎ᠠ ᠶᠢ ᠪᠠᠷᠢᠮᠳᠠᠯᠠᠵᠤ᠂ ᠨᠡᠶᠢᠭᠡᠮ ᠤᠨ ᠡᠬᠢ ᠪᠠᠶᠠᠯᠢᠭ ᠤᠨ ᠬᠦᠳᠡᠯᠭᠡᠬᠦ ᠴᠢᠳᠠᠪᠤᠷᠢ ᠶᠢ ᠬᠦᠭᠵᠢᠭᠡᠨ᠎ᠡ      ᠠᠵᠢᠯ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠵᠠᠰᠠᠭ ᠤᠨ ᠣᠷᠳᠣᠨ ᠵᠠᠮᠴᠢᠯᠠᠭᠴᠢ᠂ ︽ᠵᠢᠯᠣᠭᠤᠳᠤᠭᠴᠢ︾ ᠪᠣᠯᠵᠣ᠂ ᠠᠳᠠᠯᠢ ᠪᠤᠰᠤ ᠵᠢᠵᠢᠭ ᠲᠣᠭᠤᠷᠢᠭ ᠤᠨ ᠪᠠᠶᠢᠳᠠᠯ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ︽ᠢᠯᠡ ᠭᠠᠷ︾ ᠪᠠ ᠵᠠᠬ᠎ᠠ ᠳᠡᠯᠭᠡᠭᠦᠷ ᠤᠨ ︽ᠢᠯᠡ ᠪᠤᠰᠤ ᠭᠠᠷ︾ ᠤᠨ ᠬᠠᠮᠵᠢᠯᠴᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠤᠨ ᠬᠦᠴᠦᠨ ᠵᠦᠢᠯ ᠤᠨ ᠪᠥᠬᠦ ᠶᠠᠪᠤᠴᠠ᠂ ᠪᠥᠬᠦ ᠭᠤᠭᠴᠤᠭ᠎ᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠣᠷᠣᠯᠴᠠᠬᠤ ᠶᠢ ᠬᠥᠲᠥᠯᠦᠨ ᠵᠢᠯᠣᠭᠤᠳᠴᠤ᠂ ᠨᠡᠶᠢᠲᠡ ᠶᠢᠨ ᠠᠰᠠᠷᠠᠮᠵᠢ ᠶᠢ ᠵᠠᠬ᠎ᠠ ᠳᠡᠯᠭᠡᠭᠦᠷᠴᠢᠯᠡᠬᠦ ᠶᠢ ᠪᠦᠲᠦᠮᠵᠢᠲᠡᠶ ᠤᠶᠠᠯᠳᠤᠭᠤᠯᠵᠤ᠂ ᠠᠳᠠᠯ ᠠᠬᠤᠶ ᠥᠬᠡᠶ ᠵᠢᠵᠢᠭ ᠲᠣᠭᠤᠷᠢᠭ ᠤᠨ ︽ᠬᠠᠮᠢᠶᠠᠷᠤᠯᠲᠠ ᠥᠬᠡᠶ︾ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号