ᠨᠢᠭᠡ᠂ ᠠᠬᠤᠢ ᠪᠠᠶᠢᠳᠠᠯ ᠪᠠ ᠡᠭᠦᠰᠦᠭᠰᠡᠨ ᠰᠢᠯᠳᠠᠭᠠᠨ | ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠤᠨ ᠪᠤᠢ | ᠪᠣᠯᠤᠭᠰᠠᠨ ᠰᠢᠯᠲᠠᠭᠠᠨ ᠪᠤᠳᠤᠯᠢᠶᠠᠨᠲᠠᠶ᠂ ᠴᠠᠭ ᠤᠨ ᠠᠯᠭᠠᠰᠠᠯ ᠣᠷᠳᠣ᠂ ᠬᠤᠯᠪᠣᠭᠳᠠᠬᠤ ᠬᠡᠪᠴᠢᠶ᠎ᠡ ᠥᠷᠭᠡᠨ ᠪᠣᠯᠬᠤᠷ | ᠣᠯᠠᠨ ᠲᠦᠮᠡᠨ ᠤ ᠠᠮᠢᠳᠤᠷᠠᠯ ᠢ ᠵᠣᠪᠠᠭᠠᠭᠰᠠᠭᠠᠷ ᠢᠷᠡᠭᠰᠡᠨ ︽ᠪᠡᠷᠬᠡ ᠠᠰᠠᠭᠤᠳᠠᠯ︾ ᠪᠣᠯᠵᠠᠢ᠃ 2020 | ᠣᠨ ᠠᠴᠠ ᠨᠠᠭᠠᠰᠢ᠂ ᠣᠷᠳᠣ ᠬᠤᠭᠤᠴᠠᠭᠠᠨ ᠤ ᠲᠤᠷᠰᠢ ᠬᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠤ | ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠥᠯᠭᠢᠨ ᠠᠬᠢᠭᠤᠯᠵᠤ᠂ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠢᠳᠡᠪᠬᠢᠲᠡᠶ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠪᠠᠲᠤᠬᠠᠭᠠᠯᠭ᠎ᠠ ᠪᠠᠯᠭᠠᠰᠤᠨ ᠤ ᠬᠡᠷ ᠪᠠᠶᠢᠰᠢᠩ ᠤᠨ ᠥᠮᠴᠢᠯᠡᠯ ᠤᠨ ᠡᠷᠬᠡ ᠶᠢ ᠳᠡᠩᠰᠡᠯᠡᠵᠦ | ᠰᠢᠢᠳᠪᠦᠷᠢᠯᠡᠬᠦ ᠲᠡᠦᠬᠡᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ 2024 ᠣᠨ ᠤ 5 ᠰᠠᠷ᠎ᠠ ᠠᠴᠠ ᠡᠬᠢᠯᠡᠨ᠂ ᠪᠥᠬᠦ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠦᠨᠡᠮᠯᠡᠯ ᠭᠦᠢᠴᠡᠳᠬᠡᠬᠦ ᠳᠤ ᠬᠦᠴᠢᠷᠲᠡᠶ ᠠᠰᠠᠭᠤᠳᠠᠯ ᠢ | ᠰᠢᠢᠳᠪᠦᠷᠢᠯᠡᠬᠦ ᠶᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠮᠯᠡᠯ ᠭᠦᠢᠴᠡᠳᠬᠡᠬᠦ ᠳᠤ ᠬᠦᠴᠢᠷᠲᠡᠶ | ᠠᠵᠢᠯ ᠳᠤ ︽ᠬᠦᠴᠢᠷ ᠠᠰᠠᠭᠤᠳᠠᠯ︾ ᠢ ᠰᠢᠢᠳᠪᠦᠷᠢᠯᠡᠵᠦ᠂ ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠪᠠ᠃ | ᠬᠤᠶᠠᠷ᠂ ︽ᠰᠢᠢᠳᠪᠦᠷᠢᠯᠡᠭᠳᠡᠬᠦᠢ ᠰᠡᠳᠬᠢᠬᠦᠢ ︾ ᠶᠢ ᠬᠡᠷᠡᠭᠯᠡᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ | ᠠᠷᠭ᠎ᠠ ᠪᠠ ᠦᠷ᠎ᠡ ᠪᠦᠲᠦᠮᠵᠢ | ︵ᠨᠢᠭᠡ︶ ︽ᠵᠣᠷᠢᠭᠲᠠᠢ ᠪᠠᠷ ᠣᠶᠢᠯᠠᠭᠠᠬᠤ︾ ᠰᠥᠰᠥ ᠵᠣᠷᠢᠭ ᠢᠶᠠᠨ ᠴᠢᠩᠭᠠᠳᠬᠠᠵᠤ᠂ ᠵᠣᠷᠢᠭᠲᠠᠢ ᠪᠠᠷ | ᠦᠨᠡᠨ ᠢ ᠪᠠᠷᠢᠮᠲᠠᠯᠠᠨ ᠭᠦᠴᠢᠷ ᠲᠠᠢ ᠲᠤᠯᠤᠨ᠎ᠠ | ᠨᠢᠭᠡ ᠳᠤ᠂ ᠰᠠᠭᠤᠷᠢ ᠲᠤᠭ᠎ᠠ ᠶᠢ ᠣᠶᠢᠯᠠᠭᠠᠵᠤ᠂ ᠡᠬᠡ ᠲᠠᠩᠰᠠ ᠪᠠᠶᠢᠭᠤᠯᠪᠠ᠃ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠭᠤᠷᠢᠨ ᠪᠠᠶᠢᠴᠠᠭᠠᠬᠤ᠂ ᠵᠠᠬᠢᠳᠠᠯ ᠰᠤᠷᠪᠤᠯᠵᠢᠯᠠᠭ᠎ᠠ᠂ | 12345 ᠬᠠᠯᠠᠮᠰᠢᠯ ᠤᠲᠠᠰᠤ ᠵᠡᠷᠭᠡ ᠠᠰᠠᠭᠤᠳᠠᠯ ᠢ ᠬᠠᠷᠢᠭᠤ ᠲᠤᠰᠬᠠᠬᠤ ᠠᠷᠭ᠎ᠠ ᠵᠠᠮ ᠲᠠᠢ ᠤᠶᠠᠯᠳᠤᠭᠤᠯᠤᠭᠰᠠᠨ | ᠰᠠᠭᠤᠷᠢᠨ ᠳᠡᠭᠡᠷ᠎ᠡ᠂ ᠨᠢᠭᠡᠨᠲᠡ ᠪᠣᠷᠣᠯᠠᠭᠤᠯᠤᠭᠰᠠᠨ ᠥᠮᠴᠢᠯᠡᠬᠦ ᠡᠷᠬᠡ ᠶᠢᠨ ᠳᠡᠩᠰᠡᠯᠡᠯᠲᠡ ᠶᠢᠨ ᠣᠷᠣᠨ | ᠰᠠᠭᠤᠴᠠ ᠶᠢᠨ ᠲᠥᠷᠥᠯ ᠵᠦᠢᠯ ᠢ ᠳᠠᠬᠢᠨ ᠣᠶᠢᠯᠠᠭᠠᠵᠤ᠂ ᠳᠠᠬᠢᠨ ᠵᠢᠭᠰᠠᠭᠠᠨ ᠪᠠᠶᠢᠴᠠᠭᠠᠵᠤ᠂ ᠡᠴᠦᠰ ᠲᠡᠭᠡᠨ ᠰᠢᠨ | ᠮᠤᠤ ᠹᠦ᠋ ᠵᠢᠶᠠ ᠶᠤᠸᠠᠨ᠂ ᠮᠠᠨ ᠳ᠋ᠧ ᠯᠢ ᠬᠤᠸᠠ ᠶᠤᠸᠠᠨ᠂ ᠪᠠᠶ ᠯᠢᠩ ᠱᠠᠨ ᠵᠤᠸᠠᠩ ᠵᠡᠷᠭᠡ 3 ᠦᠨᠡᠮᠯᠡᠯ ᠠᠪᠬᠤ ᠳᠤ | ᠬᠦᠴᠢᠷᠲᠡᠶ ᠲᠥᠷᠥᠯ ᠵᠦᠢᠯ ᠢ ᠰᠣᠩᠭᠤᠨ ᠭᠠᠷᠭᠠᠪᠠ᠃ ᠬᠤᠶᠠᠷ ᠲᠤ᠂ ᠭᠡᠮ ᠰᠤᠭᠤᠭ ᠢ ᠡᠷᠢᠵᠦ᠂ ᠲᠤᠰᠬᠠᠢ ᠠᠩᠭᠢ | ᠪᠠᠶᠢᠭᠤᠯᠪᠠ᠃ ᠡᠬᠡ ᠲᠠᠩᠰᠠ ᠳᠤ ᠤᠷᠤᠭᠰᠠᠨ ᠦᠨᠡᠮᠯᠡᠯ ᠭᠦᠢᠴᠡᠳᠭᠡᠬᠦ ᠳᠤ ᠬᠦᠴᠢᠷᠲᠡᠶ 3 ᠲᠥᠷᠥᠯ ᠵᠦᠢᠯ ᠨᠢ | ᠠᠵᠢᠯ ᠤᠨ ᠲᠦᠭᠵᠢᠷᠡᠯ᠂ ᠬᠦᠴᠢᠷ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠮᠠᠭᠠᠳᠯᠠᠵᠤ᠂ ᠥᠮᠴᠢᠯᠡᠬᠦ | ᠡᠷᠬᠡ ᠶᠢᠨ ᠭᠠᠷᠳᠠᠮ ᠢ ᠭᠦᠢᠴᠡᠳᠬᠡᠬᠦ ᠶᠢ ᠨᠥᠯᠥᠭᠡᠯᠡᠬᠦ ᠦᠨᠳᠦᠰᠦ ᠰᠤᠷᠪᠤᠯᠵᠢ ᠪᠠ ᠬᠡᠮ ᠰᠣᠭᠤᠭ ᠢ ᠨᠢ ᠣᠨᠣᠪᠴᠢᠲᠠᠶ | ᠡᠷᠢᠨ ᠣᠯᠵᠤ᠂ ᠴᠡᠭᠴᠡᠯᠡᠨ ᠵᠠᠰᠠᠬᠤ ᠲᠥᠰᠦᠯ ᠲᠣᠭᠲᠠᠭᠠᠨ᠂ ᠠᠵᠢᠯ ᠤᠨ ᠲᠤᠰᠬᠠᠶ ᠠᠩᠭᠢ ᠪᠠᠶᠢᠭᠤᠯᠵᠤ᠂ | ᠬᠠᠷᠢᠭᠤᠴᠠᠯᠭ᠎ᠠ ᠪᠠ ᠡᠴᠦᠰ ᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠠᠢ᠃ ᠭᠤᠷᠪᠠ ᠳᠤ᠂ ᠵᠠᠷᠴᠢᠮ ᠢ | ᠲᠣᠳᠣᠷᠬᠠᠶᠢᠯᠠᠵᠤ᠂ ᠪᠠᠷᠢᠮᠵᠢᠶ᠎ᠠ ᠶᠢ ᠲᠣᠭᠳᠠᠭᠠᠨ᠎ᠠ᠃ ︽ᠣᠯᠠᠨ ᠲᠦᠮᠡᠨ ᠳᠤ ᠠᠯᠳᠠᠭ᠎ᠠ ᠪᠤᠷᠤᠭᠤ ᠥᠬᠡᠶ︾᠂ ︽ | ᠲᠡᠤᠬᠡ ᠶᠢ ᠬᠦᠨᠳᠦᠳᠬᠡᠬᠦ᠂ ᠦᠨᠡᠨ ᠠᠴᠠ ᠵᠥᠪ ᠢ ᠡᠷᠢᠬᠦ︾᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ | ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ︾᠂ ︽ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ᠂ ᠬᠡᠨ ᠬᠢᠨᠠᠨ | ᠵᠥᠪᠰᠢᠶᠡᠷᠡᠪᠡᠯ ᠬᠡᠨ ᠬᠠᠷᠢᠭᠤᠴᠠᠬᠤ︾ ᠵᠡᠷᠭᠡ ᠵᠠᠷᠴᠢᠮ ᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠬᠤ ᠥᠬᠡᠶ᠂ ᠬᠤᠷᠢᠭ᠎ᠠ ᠱᠤᠭᠤᠮ ᠢ ᠡᠪᠳᠡᠬᠦ ᠥᠬᠡᠶ ᠮᠥᠷᠲᠡᠭᠡᠨ ᠵᠠᠭᠠᠭ ᠬᠢᠵᠠᠭᠠᠷ ᠢ ᠠᠭᠤᠵᠢᠭᠤ ᠲᠠᠯᠪᠢᠬᠤ | ᠥᠬᠡᠶ ᠪᠠᠶᠢᠳᠠᠯ ᠤᠨ ᠳᠣᠤᠷ᠎ᠠ᠂ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ ᠢ ᠪᠣᠯᠭᠤᠮᠵᠢᠲᠠᠶ | ᠯᠠᠪᠳᠠᠭᠤᠨ ᠢᠶᠠᠷ ᠠᠬᠢᠭᠤᠯᠪᠠ᠃ | ︵ᠬᠤᠶᠠᠷ︶ ︽ᠴᠢᠳᠠᠮᠠᠭᠠᠢ ᠰᠢᠢᠳᠪᠦᠷᠢᠯᠡᠬᠦ︾ ᠴᠢᠳᠠᠪᠤᠷᠢ ᠶᠢ ᠳᠡᠭᠡᠭᠰᠢᠯᠡᠭᠦᠯᠵᠦ᠂ ᠰᠢᠢᠳᠪᠦᠷᠢᠯᠡᠬᠦ ᠦᠢᠯᠡᠳᠦᠯ | ᠴᠢᠳᠠᠪᠤᠷᠢ ᠶᠢ ᠴᠢᠩᠭᠠᠷᠠᠭᠤᠯᠤᠨ᠎ᠠ | ᠨᠢᠭᠡ ᠳᠤ᠂ ᠦᠢᠯᠡᠳᠦᠯ ᠢᠶᠠᠨ ᠪᠠᠳᠠᠷᠠᠭᠤᠯᠵᠤ᠂ ᠡᠬᠢ ᠡᠭᠦᠰᠦᠯ ᠠᠴᠠ ᠨᠢ ᠤᠬᠤᠴᠢᠯᠠᠪᠠ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠥᠯᠥ ᠬᠥᠳᠡᠯᠬᠦ | ᠬᠥᠷᠥᠩᠭᠡ ᠶᠢ ᠳᠡᠩᠰᠡᠯᠡᠨ ᠲᠡᠮᠳᠡᠭᠯᠡᠬᠦ ᠪᠠᠶᠢᠭᠤᠯᠤᠮᠵᠢ ᠶᠢᠨ ᠰᠢᠰᠲ᠋ᠧᠮᠵᠢᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠭᠠᠷᠳᠠᠮ ᠳᠤᠲᠠᠭᠳᠠᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ᠂ ᠳᠡᠭᠡᠳᠦ ᠤᠷᠤᠰᠬᠠᠯ ᠤᠨ ᠬᠢᠨᠠᠨ ᠵᠥᠪᠰᠢᠶᠡᠷᠡᠵᠦ ᠬᠠᠩᠭᠠᠬᠤ ᠭᠤᠭᠴᠤᠭ᠎ᠠ ᠳᠤ ᠴᠠᠭ | ᠲᠤᠬᠠᠶ ᠳᠤᠨᠢ ᠠᠰᠠᠭᠤᠳᠠᠯ ᠢ ᠬᠠᠷᠢᠭᠤ ᠲᠤᠰᠬᠠᠨ᠎ᠠ᠃ ᠬᠤᠶᠠᠷ ᠲᠤ᠂ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ | ᠬᠦᠴᠦᠨ ᠢ ᠨᠢᠭᠳᠠᠷᠠᠭᠤᠯᠪᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ | ᠲᠣᠪᠴᠢᠶ᠎ᠠ ᠶᠢᠨ ᠬᠦᠴᠦᠲᠡᠶ ᠳᠡᠮᠵᠢᠯᠭᠡ ᠳᠣᠣᠷ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠢᠳᠡᠪᠬᠢᠲᠡᠢ ᠵᠣᠬᠢᠴᠠᠭᠤᠯᠤᠨ ᠠᠬᠢᠭᠤᠯᠵᠤ᠂ ︽ᠲᠦᠯᠥᠪᠯᠡᠭᠡ | ᠬᠠᠷᠠᠯᠳᠠ ᠶᠢᠨ ᠲᠣᠭᠤᠷᠢᠨ ᠳᠤ ᠲᠣᠳᠤᠷᠬᠠᠢ ᠣᠨᠤᠪᠴᠢᠳᠠᠢ︾ ᠶᠢ ᠥᠷᠨᠢᠭᠦᠯᠵᠦ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠪᠠᠷᠢᠯᠭ᠎ᠠ ᠳᠠᠭᠤᠰᠤᠭᠰᠠᠨ᠂ ᠭᠠᠯ | ᠤᠨᠲᠠᠷᠠᠭᠠᠬᠤ ᠶᠢ ᠰᠢᠯᠭᠠᠨ ᠠᠪᠬᠤ ᠵᠡᠷᠭᠡ ᠠᠰᠠᠭᠤᠳᠠᠯ ᠢ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠪᠠ︔ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠦᠨᠡᠮᠯᠡᠯ ᠠᠪᠬᠤ ᠳᠤ ᠬᠦᠴᠢᠷᠲᠡᠶ ᠭᠠᠶᠢᠯᠢ ᠶᠢᠨ ᠶᠠᠪᠤᠳᠠᠯ ᠳᠤ | ᠬᠤᠯᠪᠣᠭᠳᠠᠭᠰᠠᠨ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠰᠦᠪᠡᠭᠴᠢᠯᠡᠵᠦ᠂ ᠰᠠᠯᠠᠭ᠎ᠠ ᠮᠥᠴᠢᠷ ᠤᠨ ᠵᠣᠬᠢᠴᠠᠯᠳᠤᠨ | ᠬᠥᠳᠡᠯᠦᠯᠴᠡᠬᠦ ᠶᠢ ᠦᠨᠡᠨ ᠬᠦ ᠴᠢᠩᠭᠠᠳᠬᠠᠵᠤ᠂ ᠠᠰᠠᠭᠤᠳᠠᠯ ᠤᠨ ᠲᠦᠭᠵᠢᠷᠡᠯ ᠳᠤ ᠰᠢᠭᠤᠳ ᠬᠠᠨᠳᠤᠵᠤ᠂ | ᠠᠰᠠᠭᠤᠳᠠᠯ ᠢ ᠴᠡᠭᠴᠡᠯᠡᠨ ᠵᠠᠰᠠᠬᠤ ᠪᠠ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢ ᠦᠨᠡᠨ ᠬᠦ ᠠᠬᠢᠭᠤᠯᠪᠠ᠃ | ᠭᠤᠷᠪᠠ ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠤᠪᠴᠢᠳᠠᠢ ᠪᠠᠷ ᠭᠦᠴᠦᠯᠡᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠠᠩᠭᠢᠯᠠᠭ᠎ᠠ ᠶᠢᠨ | ᠭᠤᠭᠴᠤᠭ᠎ᠠ ᠠᠴᠠ ᠣᠨᠣᠪᠴᠢᠲᠠᠢ ᠣᠷᠣᠵᠤ᠂ ᠭᠤᠣᠯᠳᠠᠯᠭ᠎ᠠ ᠲᠠᠢ ᠣᠷᠣᠨ ᠳᠤ ᠲᠥᠪᠯᠡᠷᠡᠭᠦᠯᠦᠨ ᠬᠦᠴᠦᠯᠡᠪᠡ᠃ | ᠲᠥᠷᠥᠯ ᠵᠦᠢᠯ ᠤᠨ ᠭᠠᠷ ᠭᠦᠢᠴᠡᠳᠭᠡᠯ ᠨᠢ ᠪᠦᠷᠢᠨ ᠪᠤᠰᠤ ᠪᠠᠶᠢᠬᠤ ᠠᠰᠠᠭᠤᠳᠠᠯ ᠳᠤ ᠴᠢᠭᠯᠡᠭᠦᠯᠦᠨ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ ᠢ ᠵᠣᠬᠢᠴᠠᠭᠤᠯᠤᠨ ᠲᠡᠦᠬᠡ ᠶᠢᠨ ᠲᠠᠩᠰᠠ ᠡᠪᠬᠡᠮᠡᠯ ᠤᠨ ᠲᠡᠮᠳᠡᠭᠯᠡᠯ ᠢ ᠨᠠᠷᠢᠨ ᠨᠢᠮᠪᠠᠶ ᠡᠷᠢᠵᠦ᠂ ᠡᠭᠦᠨ ᠤ | ᠳᠤᠮᠳᠠ ᠠᠴᠠ ᠲᠥᠷᠥᠯ ᠵᠦᠢᠯ ᠤᠨ ᠬᠠᠮᠢᠶ᠎ᠠ ᠪᠥᠬᠦᠶ ᠴᠢᠬᠤᠯᠠ ᠲᠡᠤᠬᠡ ᠶᠢᠨ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ | ᠠᠭᠤᠳᠠᠯᠤᠨ ᠭᠠᠷᠭᠠᠵᠤ᠂ ᠲᠠᠷᠠᠭᠠᠴᠢ ᠶᠢᠨ ᠭᠠᠷᠳᠠᠮ ᠢ ᠨᠥᠬᠦᠪᠥᠷᠢᠯᠡᠬᠦ ᠳᠤ ᠬᠦᠴᠦᠲᠡᠶ ᠦᠨᠳᠦᠰᠦᠯᠡᠯ ᠬᠠᠩᠭᠠᠪᠠ᠃ | ᠭᠠᠯ ᠤᠨᠲᠠᠷᠠᠭᠠᠬᠤ ᠰᠢᠯᠭᠠᠨ ᠠᠪᠬᠤ ᠭᠠᠷ ᠭᠦᠢᠴᠡᠳᠬᠡᠯ ᠳᠤᠲᠠᠭᠳᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ | ᠠᠵᠤ ᠠᠬᠤᠶᠢᠯᠠᠯ ᠠᠴᠠ ᠭᠤᠷᠪᠠᠳᠠᠬᠢ ᠡᠲᠡᠭᠡᠳ ᠲᠤ ᠨᠠᠶᠢᠳᠠᠵᠤ ᠪᠠᠶᠢᠭᠠᠳ ᠬᠡᠷ ᠪᠠᠶᠢᠰᠢᠩ ᠳᠤ ᠠᠮᠤᠷ ᠲᠦᠪᠰᠢᠨ ᠤ | ᠬᠢᠨᠠᠨ ᠲᠣᠭᠲᠠᠭᠠᠯᠲᠠ ᠬᠢᠯᠭᠡᠵᠦ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠭᠠᠯ ᠤᠨᠲᠠᠷᠠᠭᠠᠬᠤ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠬᠢᠵᠦ | ᠂ ᠳᠡᠩᠰᠡᠯᠡᠨ ᠲᠡᠮᠳᠡᠭᠯᠡᠬᠦ ᠳᠤ ᠬᠡᠷᠡᠭᠰᠡᠬᠦ ᠭᠠᠷᠳᠠᠮ ᠢ ᠨᠦᠬᠦᠪᠦᠷᠢᠯᠡᠪᠡ᠃ ᠲᠥᠷᠥᠯ ᠵᠦᠢᠯ ᠤᠨ ᠪᠠᠯᠠ ᠮᠥᠩᠭᠦ | ᠳᠤᠲᠠᠭᠳᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠢ ᠢᠳᠡᠪᠬᠢᠲᠡᠶ ᠪᠠᠷ ᠰᠢᠮᠳᠠᠭᠤᠯᠵᠤ | ᠪᠠᠶᠢᠭᠠᠳ ᠪᠠᠯᠠ ᠮᠥᠩᠭᠦ ᠴᠤᠭᠯᠠᠭᠤᠯᠬᠤ ᠶᠢᠨ ᠬᠠᠮᠲᠤ᠂ ᠴᠠᠭ ᠲᠤᠬᠠᠶ ᠳᠤᠨᠢ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠬᠠᠷᠢᠭᠤ ᠮᠡᠳᠡᠭᠦᠯᠬᠦ ᠶᠢᠨ ᠬᠠᠮᠲᠤ ᠣᠷᠣᠰᠢᠵᠤ ᠪᠠᠶᠢᠭ᠎ᠠ ᠬᠦᠴᠢᠷᠳᠡᠯ ᠢ ᠲᠣᠳᠣᠷᠬᠠᠶᠢᠯᠠᠬᠤ | ᠬᠡᠷᠡᠭᠲᠡᠶ᠃ ᠠᠵᠤ ᠠᠬᠤᠶᠢᠯᠠᠯ ᠤᠨ ᠪᠠᠯᠠ ᠮᠥᠩᠭᠦ ᠶᠢᠨ ᠬᠦᠴᠢᠷᠳᠡᠯ ᠢ ᠨᠠᠮᠳᠠᠭᠤᠯᠬᠤ ᠶᠢᠨ ᠲᠥᠯᠥᠭᠡ᠂ ᠬᠤᠰᠢᠭᠤᠨ ᠤ | ᠵᠠᠰᠠᠭ ᠤᠨ ᠣᠷᠳᠣᠨ ᠠᠴᠠ ᠨᠡᠬᠡᠮᠵᠢᠯᠡᠨ ᠲᠤᠰᠢᠶᠠᠯᠭᠠᠬᠤ ᠠᠮᠠᠯᠠᠯᠲᠠ ᠶᠢᠨ ᠪᠢᠴᠢᠭ ᠭᠠᠷᠭᠠᠵᠤ᠂ ᠠᠵᠤ ᠠᠬᠤᠶᠢᠯᠠᠯ ᠤᠨ | ᠬᠡᠷ ᠪᠠᠶᠢᠰᠢᠩ ᠭᠦᠢᠴᠡᠳᠭᠡᠬᠦ ᠴᠠᠭ ᠢ ᠶᠡᠭᠡ ᠪᠠᠷ ᠪᠣᠭᠤᠨᠢᠰᠬᠠᠭᠰᠠᠨ ᠪᠥᠭᠡᠳ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠭᠤᠷᠪᠠᠳᠠᠬᠢ ᠡᠲᠡᠭᠡᠳ ᠲᠤ | ᠨᠠᠶᠢᠳᠠᠵᠤ ᠲᠥᠷᠥᠯ ᠵᠦᠢᠯ ᠤᠨ ᠬᠡᠷ ᠪᠠᠶᠢᠰᠢᠩ ᠳᠤ ᠶᠠᠰᠤ ᠴᠢᠨᠠᠷ ᠤᠨ ᠠᠮᠤᠷ ᠲᠦᠪᠰᠢᠨ ᠤ ᠦᠨᠡᠯᠡᠯᠲᠡ ᠬᠢᠵᠦ᠂ | ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠥᠯᠥ ᠬᠥᠳᠡᠯᠬᠦ | ᠬᠥᠷᠥᠩᠭᠡ ᠶᠢᠨ ᠪᠣᠷᠣᠯᠠᠭᠤᠯᠭ᠎ᠠ ᠶᠢᠨ ᠪᠠᠷᠢᠮᠲᠠ ᠶᠢ ᠴᠠᠭ ᠲᠤᠬᠠᠶ ᠳᠤᠨᠢ ᠪᠢᠴᠢᠵᠦ ᠥᠭᠬᠦ ᠶᠢ ᠪᠠᠲᠤᠯᠠᠵᠤ᠂ ᠲᠥᠷᠥᠯ | ᠵᠦᠢᠯ ᠢ ᠠᠬᠢᠭᠤᠯᠬᠤ ᠳᠤ ᠬᠠᠮᠲᠤ ᠪᠠᠷ ᠬᠦᠴᠦᠲᠡᠶ ᠪᠠᠲᠤᠯᠠᠭ᠎ᠠ ᠬᠠᠩᠭᠠᠪᠠ᠃ | ︵ᠭᠤᠷᠪᠠ︶ ︽ᠵᠠᠪᠠᠯ ᠰᠢᠢᠳᠪᠦᠷᠢᠯᠡᠬᠦ︾ ᠦᠷ᠎ᠡ ᠪᠦᠲᠦᠮᠵᠢ ᠶᠢ ᠪᠣᠳᠠᠲᠠᠢ ᠠᠳᠬᠤᠵᠤ᠂ ᠰᠢᠢᠳᠪᠦᠷᠢᠯᠡᠭᠳᠡᠬᠦ | ᠦᠭᠡᠢ ᠶᠢ ᠰᠢᠢᠳᠪᠦᠷᠢᠯᠡᠵᠦ ᠳᠡᠶᠢᠯᠬᠦ ᠪᠣᠯᠭᠠᠬᠤ | ᠨᠢᠭᠡ ᠳᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠦᠬᠦᠨ ᠢ ᠬᠦᠴᠦᠨ ᠦᠭᠡᠢ ᠪᠣᠯᠭᠠᠨ᠎ᠠ᠃ 5 | ᠰᠠᠷ᠎ᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠪᠠᠷ᠂ ᠰᠢᠨ ᠮᠤᠤ ᠹᠦ᠋ ᠵᠢᠶᠠ ᠶᠤᠸᠠᠨ ᠲᠥᠷᠥᠯ ᠤᠨ ᠡᠷᠦᠬᠡ ᠶᠢᠨ | ᠲᠤᠭ᠎ᠠ 437 ᠪᠠᠶᠢᠵᠤ᠂ 7 ᠳ᠋ᠤᠭᠠᠷ ᠰᠠᠷ᠎ᠠ ᠶᠢᠨ 17 ᠤ ᠡᠳᠦᠷ ᠬᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ | ᠤᠳᠠᠭ᠎ᠠ ᠳᠠᠩᠰᠠᠯᠠᠪᠠ︔ ᠪᠠᠶ ᠯᠢᠩ ᠱᠠᠨ ᠲᠣᠰᠬᠤᠨ ᠤ ᠲᠥᠷᠥᠯ ᠵᠦᠶ᠋ᠯ ᠳᠤ ᠬᠤᠯᠪᠣᠭᠳᠠᠭᠰᠠᠨ ᠡᠷᠦᠬᠡ ᠶᠢᠨ ᠲᠤᠭ᠎ᠠ | 204 ᠪᠠᠶᠢᠵᠤ᠂ 8 ᠳ᠋ᠤᠭᠠᠷ ᠰᠠᠷ᠎ᠠ ᠶᠢᠨ 26 ᠤ ᠡᠳᠦᠷ ᠬᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ | ᠳᠠᠩᠰᠠᠯᠠᠪᠠ︔ ᠮᠠᠨᠳᠤᠯ ᠴᠡᠴᠡᠭ ᠤᠨ ᠬᠦᠷᠢᠶᠡᠯᠡᠩ ᠤᠨ ᠲᠥᠷᠥᠯ ᠵᠦᠢᠯ ᠳᠤ ᠬᠤᠯᠪᠣᠭᠳᠠᠭᠰᠠᠨ ᠡᠷᠦᠬᠡ ᠶᠢᠨ ᠲᠤᠭ᠎ᠠ | 77 ᠪᠠᠶᠢᠵᠤ᠂ 9 ᠳ᠋ᠦ᠋ᠭᠡᠷ ᠰᠠᠷ᠎ᠠ ᠶᠢᠨ 25 ᠤ ᠡᠳᠦᠷ ᠬᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ | ᠳᠠᠩᠰᠠᠯᠠᠪᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠲᠡᠭᠦᠰ ᠠᠮᠵᠢᠯᠲᠠ ᠣᠯᠵᠤ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ | ᠬᠤᠶᠠᠷ ᠲᠤ᠂ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠢᠶᠠᠷ ᠣᠶᠢᠯᠠᠭᠠᠬᠤ ᠬᠡᠷᠡᠭᠲᠡᠢ᠃ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠬᠠᠭᠤᠯᠭ᠎ᠠ ᠶᠢᠨ ᠠᠷᠭ᠎ᠠ ᠵᠠᠮ ᠢᠶᠠᠨ | ᠢᠳᠡᠪᠬᠢᠲᠡᠶ ᠥᠷᠭᠡᠳᠬᠡᠵᠦ᠂ ᠰᠦᠯᠵᠢᠶᠡᠨ ᠳᠡᠭᠡᠷᠡᠬᠢ ᠡᠬᠢ ᠪᠠᠶᠠᠯᠢᠭ ᠢ ᠭᠦᠢᠴᠡᠳ ᠠᠰᠢᠭᠯᠠᠨ᠂ ︽ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︾ ᠶᠢᠨ ᠸᠢᠴᠠᠲ ᠤᠨ | ᠨᠡᠶᠢᠲᠡ ᠶᠢᠨ ᠳ᠋ᠤᠭᠠᠷ ᠪᠠ ᠨᠡᠶᠢᠭᠡᠮ ᠲᠣᠭᠤᠷᠢᠭ ᠤᠨ ᠸᠢᠴᠠᠲ ᠤᠨ ᠬᠤᠯᠪᠤᠭᠠᠨ ᠳᠤ ᠡᠷᠦᠬᠡ ᠬᠤᠪᠢᠶᠠᠨ ᠳᠠᠩᠰᠠᠯᠠᠬᠤ | ᠠᠯᠪᠠᠨ ᠵᠠᠷ ᠢ ᠥᠷᠭᠡᠨ ᠢᠶᠠᠷ ᠨᠡᠶᠢᠲᠡᠯᠡᠪᠡ᠃ ᠡᠭᠦᠨ ᠤ ᠬᠠᠮᠲᠤ᠂ ᠰᠦᠯᠵᠢᠶᠡᠨ ᠭᠠᠳᠠᠨᠠᠬᠢ ᠰᠠᠭᠤᠭᠠᠯᠢ ᠲᠣᠭᠤᠷᠢᠭ ᠤᠨ | ᠨᠢᠭᠡᠴᠡ ᠡᠭᠦᠳᠡ ᠵᠢᠴᠢ ᠠᠯᠪᠠᠨ ᠵᠠᠷ ᠤᠨ ᠪᠤᠯᠤᠩ ᠳᠤ ᠭᠦᠨᠵᠡᠭᠡᠶᠢᠷᠡᠨ ᠡᠷᠦᠬᠡ ᠬᠤᠪᠢᠶᠠᠨ ᠳᠡᠩᠰᠡᠯᠡᠨ ᠲᠡᠮᠳᠡᠭᠯᠡᠬᠦ | ᠠᠯᠪᠠᠨ ᠵᠠᠷ ᠨᠠᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠡᠷᠦᠬᠡ ᠬᠤᠪᠢᠶᠠᠨ ᠳᠡᠩᠰᠡᠯᠡᠨ ᠲᠡᠮᠳᠡᠭᠯᠡᠬᠦ ᠲᠤᠬᠠᠶ | ᠣᠶᠢᠯᠠᠭᠠᠯᠲᠠ ᠶᠢᠨ ᠬᠡᠮᠵᠢᠶ᠎ᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ᠭᠤᠷᠪᠠ ᠳᠤ᠂ ᠦᠢᠯᠡᠴᠢᠯᠡᠭᠡ ᠶᠢ | ᠰᠢᠯᠢᠳᠡᠭᠵᠢᠭᠦᠯᠵᠦ᠂ ᠭᠦᠢᠴᠡᠳᠬᠡᠬᠦ ᠶᠢ ᠠᠬᠢᠭᠤᠯᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠤᠨ ᠠᠵᠢᠯᠲᠠᠳ ᠳᠡᠭᠡᠳᠦ ᠬᠡᠮᠵᠢᠶ᠎ᠡ ᠪᠠᠷ ᠬᠠᠷᠢᠭᠤᠴᠠᠬᠤ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠪᠦᠯᠬᠦᠮᠳᠡᠨ ᠬᠠᠮᠵᠢᠯᠴᠠᠵᠤ᠂ | ᠨᠠᠷᠢᠨ ᠨᠢᠮᠪᠠᠶ ᠦᠢᠯᠡᠴᠢᠯᠡᠭᠡ ᠪᠠᠷ ᠠᠵᠤ ᠠᠬᠤᠶᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠡᠷ ᠪᠠᠶᠢᠰᠢᠩ ᠢ | ᠠᠩᠬ᠎ᠠ ᠤᠳᠠᠭ᠎ᠠ ᠳᠡᠩᠰᠡᠯᠡᠨ ᠲᠡᠮᠳᠡᠭᠯᠡᠬᠦ ᠶᠢ ᠲᠦᠷᠭᠡᠳᠬᠡᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ | ᠡᠭᠦᠨ ᠤ ᠬᠠᠮᠲᠤ᠂ ᠲᠥᠪ ᠤᠨ ᠠᠵᠢᠯᠲᠠᠳ ᠬᠦᠯᠢᠴᠡᠩᠭᠦᠶ᠂ ᠲᠤᠰᠬᠠᠶ ᠮᠡᠷᠭᠡᠵᠢᠯ ᠤᠨ ᠣᠪᠣᠷ ᠢᠶᠠᠷ ᠯᠠᠪᠯᠠᠯᠲᠠ ᠶᠢᠨ | ᠤᠲᠠᠰᠤ ᠨᠢᠭᠡᠪᠦᠷᠢ ᠶᠢ ᠭᠥᠯᠢᠶᠡᠨ ᠠᠪᠴᠤ ᠰᠣᠨᠣᠰᠴᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ | ᠲᠤᠬᠠᠶ ᠣᠯᠠᠨ ᠲᠦᠮᠡᠨ ᠤ ᠡᠯ᠎ᠡ ᠵᠦᠢᠯ ᠤᠨ ᠮᠠᠳᠠᠭ ᠲᠠᠢ ᠠᠰᠠᠭᠤᠳᠠᠯ ᠳᠤ ᠨᠠᠷᠢᠨ ᠨᠢᠮᠪᠠᠶ ᠬᠠᠷᠢᠭᠤᠯᠲᠠ ᠥᠭᠴᠦ᠂ | ᠣᠯᠠᠨ ᠲᠦᠮᠡᠨ ᠳᠤ ᠣᠨᠣᠪᠴᠢᠲᠠᠶ ᠦᠨᠡᠮᠯᠡᠯ ᠭᠦᠢᠴᠡᠳᠭᠡᠬᠦ ᠮᠡᠳᠡᠭᠡ ᠵᠠᠩᠭᠢ ᠪᠠ ᠵᠢᠯᠣᠭᠤᠳᠣᠯᠭ᠎ᠠ ᠬᠠᠩᠭᠠᠵᠤ᠂ ᠠᠵᠢᠯ | ᠶᠠᠪᠤᠳᠠᠯ ᠭᠦᠢᠴᠡᠳᠭᠡᠬᠦ ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ | ᠭᠤᠷᠪᠠ᠂ ᠲᠤᠷᠰᠢᠯᠭ᠎ᠠ ᠪᠠ ᠰᠡᠩᠬᠡᠷᠡᠭᠦᠯᠦᠯ | ︵ᠨᠢᠭᠡ︶ ᠰᠢᠢᠳᠪᠦᠷᠢᠯᠡᠭᠳᠡᠬᠦᠢ ᠰᠡᠳᠬᠢᠬᠦᠶ ᠶᠢ ᠪᠤᠢ ᠪᠣᠯᠭᠠᠬᠤ ᠪᠤᠯ ᠰᠠᠭᠤᠷᠢ ᠪᠤᠯᠤᠨ᠎ᠠ᠃ ᠤᠴᠢᠷ | ᠶᠠᠪᠤᠳᠠᠯ ᠢ ᠰᠢᠢᠳᠪᠦᠷᠢᠯᠡᠬᠦ ᠰᠡᠳᠬᠢᠴᠡ ᠲᠠᠢ ᠺᠠᠳ᠋ᠷ ᠤᠨ ᠪᠦᠲᠦᠭᠡᠯᠴᠢ ᠴᠢᠳᠠᠪᠤᠷᠢ ᠪᠠ ᠬᠡᠷᠡᠭᠵᠢᠭᠦᠯᠬᠦ ᠬᠦᠴᠦᠨ ᠢ | ᠬᠥᠭᠵᠢᠭᠡᠵᠦ᠂ ᠤᠯᠠᠨ ᠢ ᠠᠰᠠᠭᠤᠳᠠᠯ ᠤᠨ ᠲᠦᠭᠵᠢᠷᠡᠯ ᠤᠨ ᠦᠶ᠎ᠡ ᠳᠤ ᠤᠬᠤᠷᠢᠬᠤ ᠦᠭᠡᠢ᠂ ᠲᠠᠶᠠᠭᠳᠠᠬᠤ ᠦᠭᠡᠢ᠂ | ᠤᠯᠠᠨ ᠲᠠᠯ᠎ᠠ ᠠᠴᠠ ᠨᠡᠩ ᠰᠢᠯᠢᠳᠡᠭ ᠨᠡᠩ ᠳᠥᠭᠦᠮ ᠳᠥᠲᠡ ᠰᠢᠢᠳᠪᠦᠷᠢᠯᠡᠬᠦ ᠠᠷᠭ᠎ᠠ ᠬᠡᠯᠪᠡᠷᠢ ᠶᠢ ᠡᠷᠢᠯᠬᠢᠯᠡᠨ᠎ᠡ᠃ | ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠤᠨ ᠳᠤᠮᠳᠠ᠂ ᠰᠢᠢᠳᠪᠦᠷᠢᠯᠡᠭᠳᠡᠬᠦᠢ ᠰᠡᠳᠬᠢᠬᠦᠶ ᠪᠠᠷ | ᠠᠵᠢᠯᠲᠠᠳ ᠤᠨ ᠠᠵᠢᠯ ᠤᠨ ᠶᠠᠪᠤᠴᠠ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠢᠯᠡᠴᠢᠯᠡᠭᠡᠨ ᠤ ᠰᠢᠨ᠎ᠡ ᠶᠢ | ᠡᠭᠦᠳᠬᠦ ᠶᠢ ᠠᠬᠢᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠭᠦᠨᠵᠡᠭᠡᠶ ᠰᠤᠳᠤᠯᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠰᠢᠢᠳᠪᠦᠷᠢᠯᠡᠬᠦ ᠲᠥᠰᠦᠯ | ᠲᠣᠭᠲᠠᠭᠠᠵᠤ᠂ ᠬᠦᠴᠢᠷ ᠠᠰᠠᠭᠤᠳᠠᠯ ᠲᠤᠯᠭᠠᠷᠠᠪᠠᠯ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠪᠠ ᠬᠠᠮᠢᠶ᠎ᠠ ᠪᠥᠬᠦᠶ | ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠪᠠᠶᠢᠳᠠᠯ ᠢ ᠨᠠᠷᠢᠨ ᠣᠶᠢᠯᠠᠭᠠᠵᠤ᠂ ᠰᠢᠢᠳᠪᠦᠷᠢᠯᠡᠬᠦ ᠠᠷᠭ᠎ᠠ ᠶᠢ ᠬᠠᠮᠲᠤ ᠪᠠᠷ | ᠡᠷᠢᠯᠬᠢᠯᠡᠨ᠎ᠡ᠃ ᠰᠢᠢᠳᠪᠦᠷᠢᠯᠡᠭᠳᠡᠬᠦᠢ ᠰᠡᠳᠬᠢᠬᠦᠶ ᠪᠠᠷ ᠤᠳᠤᠷᠢᠳᠤᠮᠵᠢ ᠪᠣᠯᠭᠠᠭᠰᠠᠨ ᠠᠵᠢᠯ ᠤᠨ ᠠᠷᠭ᠎ᠠ ᠮᠠᠶ᠋ᠢᠭ ᠨᠢ | ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠠᠵᠤ ᠠᠬᠤᠶᠢᠯᠠᠯ ᠪᠠ ᠣᠯᠠᠨ | ᠲᠦᠮᠡᠨ ᠤ ᠢᠲᠡᠭᠡᠯ ᠪᠠ ᠰᠠᠶᠢᠨ ᠦᠨᠡᠯᠡᠯᠲᠡ ᠶᠢ ᠨᠠᠩ ᠢᠯᠡᠭᠦᠤ ᠣᠯᠵᠤ ᠴᠢᠳᠠᠨ᠎ᠠ᠃ | ︵ᠬᠤᠶᠠᠷ︶ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠪᠣᠯ ᠵᠠᠩᠭᠢᠯᠠᠭ᠎ᠠ | ᠪᠣᠯᠤᠨ᠎ᠠ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠢᠭᠲᠠ ᠬᠠᠮᠵᠢᠯᠴᠠᠵᠤ᠂ | ᠬᠠᠮᠵᠢᠯᠴᠠᠨ ᠪᠠᠶᠢᠯᠳᠤᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠦᠴᠢᠷ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠪᠦᠲᠦᠮᠵᠢᠲᠡᠶ ᠠᠬᠢᠭᠤᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠯᠦᠭᠡ ᠶᠢᠨ ᠠᠵᠢᠯ ᠤᠨ | ᠨᠡᠶᠢᠯᠡᠮᠡᠯ ᠬᠦᠴᠦᠨ ᠢᠶᠠᠨ ᠭᠦᠢᠴᠡᠳ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ | ᠠᠵᠢᠯ ᠤᠨ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠷᠢᠯᠢᠬᠵᠢᠭᠤᠯᠵᠤ᠂ ᠮᠡᠳᠡᠭᠡ | ᠵᠠᠩᠭᠢ ᠶᠢ ᠬᠠᠮᠲᠤ ᠪᠠᠷ ᠭᠥᠷᠳᠡᠬᠦ ᠶᠢ ᠴᠢᠩᠭᠠᠳᠬᠠᠨ᠂ ᠬᠠᠮᠲᠤᠷᠠᠨ ᠠᠵᠢᠯᠯᠠᠬᠤ ᠶᠢ ᠥᠷᠨᠢᠭᠦᠯᠵᠦ᠂ ᠬᠦᠴᠢᠷ | ᠠᠰᠠᠭᠤᠳᠠᠯ ᠢ ᠨᠡᠷᠡᠯᠡᠨ ᠵᠢᠭᠠᠵᠤ ᠰᠢᠮᠳᠠᠭᠤᠯᠤᠨ ᠭᠦᠢᠴᠡᠳᠬᠡᠵᠦ᠂ ᠣᠯᠠᠨ ᠲᠦᠮᠡᠨ ᠤ ᠣᠷᠣᠨ ᠰᠠᠭᠤᠴᠠ ᠶᠢᠨ | ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ︵ᠭᠤᠷᠪᠠ︶ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠬᠦ ᠪᠣᠯ ᠪᠠᠲᠤᠯᠠᠭ᠎ᠠ ᠪᠤᠯᠤᠨ᠎ᠠ᠃ | ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ | ᠰᠠᠶᠢᠵᠢᠷᠠᠭᠤᠯᠵᠤ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠦᠨ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠪᠠ | ᠨᠠᠷᠢᠨ ᠨᠢᠮᠪᠠᠶ ᠦᠢᠯᠡᠴᠢᠯᠡᠭᠡ ᠪᠠᠷ ᠠᠵᠤ ᠠᠬᠤᠶᠢᠯᠠᠯ ᠪᠠ ᠣᠯᠠᠨ ᠲᠦᠮᠡᠨ ᠳᠤ ᠠᠵᠢᠯ ᠶᠠᠪᠤᠳᠠᠯ ᠭᠦᠢᠴᠡᠳᠬᠡᠵᠦ᠂ | ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡ | ᠡᠳ᠋ᠯᠡᠭᠦᠯᠦᠨ᠎ᠡ᠃ ᠡᠭᠦᠨ ᠤ ᠬᠠᠮᠲᠤ᠂ ᠠᠷᠭ᠎ᠠ ᠵᠠᠮ ᠢᠶᠠᠨ ᠦᠷᠭᠡᠳᠬᠡᠨ ᠤᠬᠠᠭᠤᠯᠭ᠎ᠠ ᠬᠢᠵᠦ᠂ ᠠᠵᠤ ᠠᠬᠤᠶᠢᠯᠠᠯ | ᠪᠣᠯᠤᠨ ᠤᠯᠠᠨ ᠲᠦᠮᠡᠨ ᠤ ᠣᠶᠢᠯᠠᠭᠠᠬᠤ ᠬᠡᠮᠵᠢᠶ᠎ᠡ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ | ᠠᠬᠤᠶᠢᠯᠠᠯ ᠪᠣᠯᠤᠨ ᠤᠯᠠᠨ ᠲᠦᠮᠡᠨ ᠳᠤ ᠵᠠᠰᠠᠭ ᠤᠨ ᠣᠷᠳᠣᠨ ᠤ ᠬᠠᠯᠠᠮᠵᠢᠯᠠᠯ ᠪᠣᠯᠤᠨ ᠴᠢᠷᠮᠠᠶᠢᠯᠭ᠎ᠠ ᠶᠢ ᠦᠨᠡᠨ ᠬᠦ | ᠮᠡᠳᠡᠷᠡᠭᠦᠯᠦᠨ᠎ᠡ᠃ | |