2024 ᠣᠨ ᠤ ︽ᠪᠦᠰᠡᠭᠦᠢ ᠶᠢᠨ ᠠᠵᠢᠯᠯᠠᠭᠠᠨ ᠤ ᠲᠥᠯᠥᠪᠯᠡᠭᠡ · ᠤᠮᠠᠷᠠᠲᠤ ᠬᠢᠯᠢ ᠶᠢᠨ ᠶᠢᠨ ᠬᠤᠢ ᠦᠢᠯᠡᠰ ᠪᠣᠰᠬᠠᠵᠤ ᠠᠵᠢᠯ ᠣᠯᠭᠤᠬᠤ ᠠᠵᠢᠯᠯᠠᠭ᠎ᠠ︾ ᠶᠢᠨ ᠲᠥᠷᠥᠯ ᠵᠦᠢᠯ ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠬᠤᠪᠴᠠᠰᠤ ᠵᠠᠰᠠᠯ ᠵᠠᠰᠠᠯ ᠴᠢᠮᠡᠭᠯᠡᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢᠨ ᠠᠩᠬᠠᠳᠤᠭᠠᠷ ᠬᠤᠭᠤᠴᠠᠭᠠᠨ ᠤ ︽ᠦᠨᠳᠦᠰᠦᠲᠡᠨ ᠤ ᠬᠤᠪᠴᠠᠰᠤ ᠵᠠᠰᠠᠯ ᠤᠨ ᠪᠣᠯᠪᠠᠰᠤᠷᠠᠯ ᠤᠨ ᠠᠩᠭᠢ︾ ᠤᠷᠤᠭᠰᠢᠲᠠᠶ ᠰᠤᠷᠤᠯᠭ᠎ᠠ ᠲᠡᠭᠦᠰᠪᠡ
ᠨᠡᠶᠢᠲᠡᠯᠡᠭᠰᠡᠨ ᠴᠠᠭ᠄
2024/11/18
      ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠤᠬᠡᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ︾ ᠶᠢ ᠭᠦᠨᠵᠡᠭᠡᠶᠢᠷᠡᠭᠦᠯᠦᠨ᠂ ᠡᠮᠡᠭᠲᠡᠶᠢᠴᠦᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠶᠢᠨ ᠲᠥᠯᠥᠭᠡ᠂ 11 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠦᠴᠦᠲᠡᠶ ᠳᠡᠮᠵᠢᠯᠭᠡ ᠳᠣᠤᠷ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠷᠭᠢᠯᠡᠭᠰᠡᠨ ︽ᠪᠦᠰᠡᠭᠦᠢ ᠶᠢᠨ ᠠᠵᠢᠯᠯᠠᠭᠠᠨ ᠤ ᠲᠥᠯᠥᠪᠯᠡᠭᠡ · ᠤᠮᠠᠷᠠᠲᠤ ᠬᠢᠯᠢ ᠶᠢᠨ ᠶᠢᠨ ᠬᠤᠢ ᠦᠢᠯᠡᠰ ᠪᠣᠰᠬᠠᠵᠤ ᠠᠵᠢᠯ ᠣᠯᠭᠤᠬᠤ ᠠᠵᠢᠯᠯᠠᠭ᠎ᠠ︾  ᠶᠢᠨ ᠲᠥᠷᠥᠯ ᠵᠦᠢᠯ ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠬᠤᠪᠴᠠᠰᠤ ᠵᠠᠰᠠᠯ ᠵᠠᠰᠠᠯ ᠴᠢᠮᠡᠭᠯᠡᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢᠨ ᠠᠩᠬᠠᠳᠤᠭᠠᠷ ᠬᠤᠭᠤᠴᠠᠭᠠᠨ ᠤ ︽ᠦᠨᠳᠦᠰᠦᠲᠡᠨ ᠤ ᠬᠤᠪᠴᠠᠰᠤ ᠵᠠᠰᠠᠯ ᠤᠨ ᠪᠣᠯᠪᠠᠰᠤᠷᠠᠯ ᠤᠨ ᠠᠩᠭᠢ︾ ᠤᠷᠤᠭᠰᠢᠲᠠᠶ ᠰᠤᠷᠤᠯᠭ᠎ᠠ ᠲᠡᠭᠦᠰᠪᠡ᠃ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠤᠳᠤᠷᠢᠳᠬᠤ ᠪᠠᠭ ᠤᠨ ᠭᠡᠰᠢᠭᠦᠨ᠂ ᠳᠤᠯᠠᠭᠠᠨ ᠭᠡᠷ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠰᠡᠯᠡᠩᠭᠡ᠂ ᠬᠢᠴᠢᠶᠡᠯᠯᠡᠬᠦ ᠪᠠᠭᠰᠢ ᠰᠠᠷᠠᠭᠤᠯ᠂ ᠤᠷᠢᠬᠠᠨ ᠦᠨᠳᠦᠰᠦᠲᠡᠨ ᠤ ᠬᠤᠪᠴᠠᠰᠤ ᠵᠠᠰᠠᠯ ᠤᠨ ᠤᠤᠭᠠᠯ ᠡᠭᠦᠳᠦᠯᠲᠡ ᠶᠢᠨ ᠠᠵᠢᠯ ᠤᠨ ᠲᠠᠰᠤᠭ ᠤᠨ ᠬᠠᠷᠢᠭᠤᠴᠠᠯᠭᠠᠲᠠᠨ ᠰᠤᠷᠤᠯᠭ᠎ᠠ ᠲᠡᠭᠦᠰᠬᠦ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠨᠢ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠤᠷᠢᠬᠠᠨ ᠦᠨᠳᠦᠰᠦᠲᠡᠨ ᠤ ᠬᠤᠪᠴᠠᠰᠤ ᠵᠠᠰᠠᠯ ᠤᠨ ᠤᠤᠭᠠᠯ ᠡᠭᠦᠳᠦᠯᠲᠡ ᠶᠢᠨ ᠠᠵᠢᠯ ᠤᠨ ᠲᠠᠰᠤᠭ ᠲᠤ ᠲᠦᠰᠢᠭᠯᠡᠨ᠂ ᠰᠠᠷᠠᠭᠤᠯ ᠪᠠᠭᠰᠢ ᠶᠢ ᠤᠷᠢᠵᠤ 10 ᠡᠳᠦᠷ ᠤᠨ ᠬᠤᠭᠤᠴᠠᠭ᠎ᠠ ᠲᠠᠢ ᠦᠨᠳᠦᠰᠦᠲᠡᠨ ᠤ ᠬᠤᠪᠴᠠᠰᠤ ᠵᠠᠰᠠᠯ ᠦᠢᠯᠡᠳᠭᠦ ᠣᠨᠣᠯ᠂  ᠦᠢᠯᠡᠳᠥᠯᠭᠡ ᠶᠢᠨ ᠵᠢᠭᠠᠨ ᠰᠤᠷᠭᠠᠯᠲᠠ ᠶᠢᠨ ᠬᠢᠴᠢᠶᠡᠯ ᠢ ᠥᠷᠨᠢᠭᠦᠯᠵᠦ᠂ ᠨᠡᠶᠢᠲᠡ 47 ᠰᠤᠷᠤᠯᠭᠠᠲᠠᠨ ᠪᠣᠯᠪᠠᠰᠤᠷᠠᠯ ᠳᠤ ᠣᠷᠣᠯᠴᠠᠪᠠ᠃ 10 ᠡᠳᠦᠷ ᠤᠨ ᠬᠤᠭᠤᠴᠠᠭᠠᠨ ᠳᠤ᠂ ᠰᠤᠷᠤᠭᠴᠢᠳ ᠣᠷᠭᠢᠯᠤᠮ᠎ᠠ ᠬᠠᠯᠠᠭᠤᠨ ᠰᠡᠳᠬᠢᠯᠭᠡ᠂ ᠢᠳᠡᠪᠬᠢᠲᠡᠶ ᠰᠤᠷᠤᠯᠴᠠᠬᠤ ᠣᠪᠣᠷ᠂ ᠲᠥᠪ ᠴᠢᠩᠭ᠎ᠠ ᠰᠠᠬᠢᠯᠭ᠎ᠠ ᠪᠠᠲᠤ ᠪᠠᠷ᠂ ᠰᠠᠷᠠᠭᠤᠯ ᠪᠠᠭᠰᠢ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠦᠨᠳᠦᠰᠦᠲᠡᠨ ᠤ ᠬᠤᠪᠴᠠᠰᠤ ᠵᠠᠰᠠᠯ ᠤᠨ ᠡᠰᠬᠡᠯᠲᠡ᠂ ᠥᠩᠭᠡ ᠪᠤᠳᠤᠭ ᠵᠣᠬᠢᠴᠠᠭᠤᠯᠬᠤ᠂ ᠵᠢᠷᠤᠵᠤ ᠲᠥᠯᠥᠪᠯᠡᠨ ᠦᠢᠯᠡᠳᠬᠦ ᠵᠡᠷᠭᠡ ᠬᠠᠮᠢᠶ᠎ᠠ ᠪᠥᠬᠦᠶ ᠤᠷ᠎ᠠ ᠴᠢᠳᠠᠪᠤᠷᠢ ᠵᠢᠴᠢ ᠣᠨᠣᠯ ᠤᠨ ᠮᠡᠳᠡᠯᠭᠡ ᠶᠢ ᠰᠤᠷᠤᠯᠴᠠᠨ ᠡᠵᠡᠮᠰᠢᠵᠦ᠂ ᠪᠣᠯᠪᠠᠰᠤᠷᠠᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠤᠷᠤᠭᠴᠢᠳ ᠤᠨ ᠤᠷ᠎ᠠ ᠮᠡᠷᠭᠡᠵᠢᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠲᠣᠰ ᠤᠳᠠᠭᠠᠨ ᠤ ᠦᠨᠳᠦᠰᠦᠲᠡᠨ ᠤ ᠬᠤᠪᠴᠠᠰᠤ ᠵᠠᠰᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 30 ᠨᠠᠰᠤᠨ ᠠᠴᠠ ᠳᠡᠭᠡᠭᠰᠢ ᠡᠮᠡᠭᠲᠡᠶᠢᠴᠦᠳ ᠪᠤᠶᠤ ᠨᠠᠩ ᠣᠯᠠᠨ ᠡᠮᠡᠭᠲᠡᠶᠢᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠬᠦ ᠪᠣᠯᠤᠨ᠎ᠠ᠃      ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ ᠰᠤᠷᠤᠭᠴᠢᠳ ᠥᠪᠡᠷ ᠤᠨ ᠭᠠᠷ ᠢᠶᠠᠷ ᠢᠶᠠᠨ ᠣᠶᠣᠵᠤ ᠬᠢᠭᠰᠡᠨ ᠬᠤᠪᠴᠠᠰᠤ ᠵᠠᠰᠠᠯ ᠢᠶᠠᠨ ᠳᠡᠯᠭᠡᠨ ᠦᠵᠡᠭᠦᠯᠵᠦ᠂ ᠰᠢᠯᠭᠠᠷᠠᠭᠤᠯᠬᠤ ᠵᠥᠪᠯᠡᠯ ᠤᠨ ᠪᠠᠭᠰᠢ ᠠᠴᠠ ᠰᠤᠷᠤᠭᠴᠢᠳ ᠤᠨ ᠬᠢᠭᠰᠡᠨ ᠬᠤᠪᠴᠠᠰᠤ ᠵᠠᠰᠠᠯ ᠳᠤ ᠬᠤᠪᠢ ᠥᠭᠬᠦ ᠪᠠ ᠦᠨᠡᠯᠡᠯᠲᠡ ᠬᠢᠵᠦ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠰᠡᠴᠡᠩᠭᠤᠸ᠎ᠠ ᠠᠴᠠ ᠰᠤᠷᠤᠭᠴᠢᠳ ᠢ ᠵᠣᠷᠢᠭᠵᠢᠭᠤᠯᠵᠤ᠂ ᠤᠷ᠎ᠠ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠯᠢᠳᠡᠭ ᠤᠯᠠᠮᠵᠢᠯᠠᠯᠲᠤ ᠰᠣᠶᠣᠯ ᠢᠶᠠᠨ ᠪᠠᠳᠠᠷᠠᠭᠤᠯᠤᠨ᠂ ᠤᠷ᠎ᠠ ᠴᠢᠳᠠᠪᠤᠷᠢ ᠪᠠᠨ ᠦᠨᠡᠨ ᠬᠦ ᠦᠢᠯᠡᠰ ᠴᠣᠭᠴᠠᠯᠠᠬᠤ ᠴᠢᠳᠠᠪᠤᠷᠢ ᠪᠣᠯᠭᠠᠨ ᠬᠤᠪᠢᠷᠠᠭᠤᠯᠵᠤ᠂ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠮᠠᠨ ᠤ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号