ᠤᠰᠤᠲᠥ᠋ᠷᠥᠭᠴᠢ ᠦᠢᠯᠡᠳᠬᠦ ᠲᠥᠷᠥᠯ ᠵᠦᠢᠯ ᠤᠨ ᠠᠩᠬᠠᠳᠠᠭᠴᠢ ᠪᠦᠯᠦᠭ ᠫᠷᠤᠲ᠋ᠤᠨ ᠰᠣᠯᠢᠯᠴᠠᠬᠤ ᠪᠦᠷᠬᠦᠭᠦᠯ ︵PEM︶ ᠤᠨ ᠴᠠᠬᠢᠯᠭᠠᠨ ᠵᠠᠳᠠᠯᠤᠯ ᠤᠨ ᠣᠩᠭᠤᠴᠠ ᠨᠢ ᠤᠰᠤᠲᠥ᠋ᠷᠥᠭᠴᠢ ᠶᠢ ᠠᠮᠵᠢᠯᠲᠠ ᠲᠠᠢ ᠦᠢᠯᠡᠳᠪᠡ
ᠨᠡᠶᠢᠲᠡᠯᠡᠭᠰᠡᠨ ᠴᠠᠭ᠄
2024/11/19
      ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 20 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠢᠨᠵᠧᠨᠧᠷᠢᠩ ᠤᠨ ᠵᠢᠱᠢᠶ᠎ᠡ ᠦᠵᠡᠭᠦᠯᠬᠦ ᠲᠥᠷᠥᠯ ᠵᠦᠢᠯ ᠴᠢᠬᠤᠯᠠ ᠠᠬᠢᠴᠠ ᠲᠠᠢ ᠪᠣᠯᠪᠠ᠃ ᠬᠤᠵᠢᠷᠯᠢᠭ ᠴᠠᠬᠢᠯᠭᠠᠨ ᠵᠠᠳᠠᠯᠤᠯ ᠤᠨ ᠣᠩᠭᠤᠴᠠ ᠶᠢ ᠠᠮᠵᠢᠯᠲᠠ ᠲᠠᠢ ᠪᠠᠷ ᠠᠵᠢᠯᠯᠠᠭᠤᠯᠤᠭᠰᠠᠨ ᠤ ᠳᠠᠷᠠᠭ᠎ᠠ᠂ ᠲᠤᠰ ᠲᠥᠷᠥᠯ ᠵᠦᠢᠯ ᠤᠨ ᠳᠣᠲᠣᠷᠠᠬᠢ ᠠᠩᠬᠠᠳᠠᠭᠴᠢ ᠪᠦᠯᠦᠭ ᠫᠷᠤᠲ᠋ᠤᠨ ᠰᠣᠯᠢᠯᠴᠠᠬᠤ ᠪᠦᠷᠬᠦᠭᠦᠯ ︵PEM︶ ᠤᠨ ᠴᠠᠬᠢᠯᠭᠠᠨ ᠵᠠᠳᠠᠯᠤᠯ ᠤᠨ ᠣᠩᠭᠤᠴᠠ ᠶᠢ ᠴᠤ ᠠᠩᠬ᠎ᠠ ᠤᠳᠠᠭ᠎ᠠ ᠠᠮᠵᠢᠯᠲᠠ ᠲᠠᠢ ᠪᠠᠷ ᠨᠡᠭᠡᠭᠡᠪᠡ᠃    ᠴᠠᠬᠢᠯᠭᠠᠨ ᠵᠠᠳᠠᠯᠤᠯ ᠤᠨ ᠤᠩᠭᠤᠴᠠ ᠶᠢᠨ ᠡᠯ᠎ᠡ ᠰᠢᠰᠲ᠋ᠧᠮ ᠤᠨ ᠠᠵᠢᠯᠯᠠᠭᠠᠨ ᠤ ᠪᠣᠯᠵᠣᠯᠲᠤ ᠲᠤᠭ᠎ᠠ ᠨᠢ ᠬᠡᠪ ᠤᠨ ᠪᠥᠭᠡᠳ ᠭᠤᠣᠯ ᠳᠡᠳ᠋ ᠲᠥᠬᠦᠭᠡᠷᠦᠮᠵᠢ ᠶᠢᠨ ᠠᠵᠢᠯᠯᠠᠭᠠᠨ ᠲᠣᠭᠲᠠᠭᠤᠨ᠃ PEM ᠴᠠᠬᠢᠯᠭᠠᠨ ᠵᠠᠳᠠᠯᠤᠯ ᠤᠨ ᠣᠩᠭᠤᠴᠠ ᠠᠮᠵᠢᠯᠲᠠ ᠲᠠᠢ ᠪᠠᠷ ᠲᠡᠷᠭᠡ ᠵᠢᠯᠣᠭᠤᠳᠴᠤ᠂ ᠬᠤᠣᠰ ᠢᠵᠢ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ︵ᠬᠤᠵᠢᠷᠯᠢᠭ ᠴᠢᠨᠠᠷᠲᠠᠢ ᠴᠠᠬᠢᠯᠭᠠᠨ ᠵᠠᠳᠠᠯᠤᠯ ᠤᠨ ᠣᠩᠭᠤᠴᠠ + PEM ᠴᠠᠬᠢᠯᠭᠠᠨ ᠵᠠᠳᠠᠯᠤᠯ ᠤᠨ ᠣᠩᠭᠤᠴᠠ︶ ᠶᠢᠨ ᠮᠡᠷᠭᠡᠵᠢᠯ ᠤᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠬᠠᠷᠠᠯᠲᠠ ᠶᠢ ᠪᠡᠶᠡᠯᠡᠭᠦᠯᠬᠦ ᠳᠤ ᠡᠴᠦᠰ ᠤᠨ ᠰᠢᠪᠲᠤᠯᠤᠯᠲᠠ ᠬᠢᠪᠡ᠃     PEM ᠴᠠᠬᠢᠯᠭᠠᠨ ᠵᠠᠳᠠᠯᠤᠯ ᠤᠨ ᠣᠩᠭᠤᠴᠠ ᠶᠢ ᠲᠤᠬᠢᠷᠠᠭᠤᠯᠤᠨ ᠲᠤᠷᠰᠢᠬᠤ ᠶᠠᠪᠤᠴᠠ ᠳᠤ᠂ ᠺᠣᠮᠫᠠᠨᠢ ᠶᠢᠨ ᠡᠯ᠎ᠡ ᠱᠠᠲᠤᠨ ᠤ ᠤᠳᠤᠷᠢᠳᠤᠯᠭ᠎ᠠ ᠠᠴᠠ ᠳᠡᠭᠡᠳᠦ ᠬᠡᠮᠵᠢᠶᠡᠨ ᠤ ᠳᠡᠮᠵᠢᠯᠭᠡ ᠦᠵᠡᠭᠦᠯᠵᠦ᠂ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠬᠤ ᠠᠵᠢᠯᠳᠠᠨ᠂ ᠪᠠᠶᠢᠴᠠᠭᠠᠨ ᠵᠠᠰᠠᠬᠤ ᠠᠵᠢᠯᠳᠠᠨ ᠢ ︽ᠬᠤᠶᠠᠷ ᠪᠢᠯᠧᠲ ᠭᠤᠷᠪᠠᠨ ᠳᠦᠷᠢᠮ︾ ᠢ ᠨᠠᠶᠢᠳᠠᠪᠤᠷᠢᠵᠢᠭᠤᠯᠬᠤ ᠶᠢ ᠴᠢᠩᠭ᠎ᠠ ᠱᠠᠭᠠᠷᠳᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠯᠴᠠᠭ᠎ᠠ ᠶᠢ ᠠᠬᠢᠭᠤᠯᠵᠤ᠂ ᠲᠦᠷᠦᠯ ᠵᠦᠢᠯ ᠤᠨ ᠠᠬᠢᠴᠠ ᠶᠢ ᠬᠦᠴᠦ ᠪᠠᠨ ᠬᠠᠮᠲᠤᠳᠬᠠᠨ ᠠᠬᠢᠭᠤᠯᠪᠠ᠃     ᠲᠣᠬᠢᠷᠠᠭᠤᠯᠤᠨ ᠲᠤᠷᠰᠢᠬᠤ ᠬᠤᠭᠤᠴᠠᠭᠠᠨ ᠳᠤ᠂ ᠪᠠᠶᠢᠴᠠᠭᠠᠨ ᠵᠠᠰᠠᠬᠤ ᠠᠩᠭᠢ  ᠶᠢᠨ ᠳᠤᠭᠤᠶᠢᠯᠠᠩ ᠪᠠ ᠲᠣᠬᠢᠷᠠᠭᠤᠯᠤᠨ ᠲᠤᠷᠰᠢᠬᠤ ᠨᠢᠭᠡᠴᠡ ᠨᠢᠭᠲᠠ ᠬᠠᠮᠵᠢᠯᠴᠠᠨ᠂ PEM ᠴᠠᠬᠢᠯᠭᠠᠨ ᠵᠠᠳᠠᠯᠤᠯ ᠤᠨ ᠣᠩᠭᠤᠴᠠ ᠶᠢᠨ ᠰᠢᠰᠲ᠋ᠧᠮ ᠤᠨ ᠭᠤᠭᠴᠤᠭ᠎ᠠ ᠨᠢᠭᠡᠪᠦᠷᠢ ᠳᠤ ᠨᠠᠷᠢᠨ ᠨᠢᠮᠪᠠᠶ ᠪᠠᠶᠢᠴᠠᠭᠠᠯᠲᠠ ᠪᠠ ᠰᠢᠯᠢᠳᠡᠭᠵᠢᠭᠦᠯᠦᠯᠲᠡ ᠬᠢᠵᠦ᠂ PEM ᠴᠠᠬᠢᠯᠭᠠᠨ ᠵᠠᠳᠠᠯᠤᠯ ᠤᠨ ᠣᠩᠭᠤᠴᠨ ᠴᠠᠬᠢᠯᠭᠠᠨ ᠵᠠᠮ ᠤᠨ ᠰᠢᠰᠲ᠋ᠧᠮ ᠤᠨ ᠬᠡᠪ ᠤᠨ ᠶᠣᠰᠣᠭᠠᠷ ᠴᠠᠬᠢᠯᠭᠠᠨ ᠨᠡᠪᠲᠡᠷᠡᠭᠰᠡᠨ ᠡᠰᠡᠬᠦ᠂ ᠡᠯ᠎ᠡ ᠴᠠᠬᠢᠯᠭᠠᠨ ᠤ ᠲᠣᠨᠤᠭ ᠲᠥᠬᠦᠭᠡᠷᠦᠮᠵᠢ ᠨᠢ ᠬᠡᠪ ᠤᠨ ᠶᠣᠰᠣᠭᠠᠷ ᠠᠵᠢᠯᠯᠠᠵᠤ ᠴᠢᠳᠠᠬᠤ ᠡᠰᠡᠬᠦ ᠶᠢ ᠪᠠᠶᠢᠴᠠᠭᠠᠵᠤ᠂ ᠤᠰᠤᠨ ᠵᠠᠮ ᠤᠨ ᠰᠢᠰᠲ᠋ᠧᠮ ᠤᠨ ᠪᠢᠲᠡᠭᠦᠮᠵᠢᠯᠡᠭᠰᠡᠨ ᠴᠢᠨᠠᠷ ᠪᠠ ᠤᠷᠤᠰᠬᠠᠯᠲᠤ ᠴᠢᠨᠠᠷ ᠢ ᠬᠡᠮᠵᠢᠨ ᠰᠢᠯᠭᠠᠵᠤ᠂ ᠤᠰᠤ ᠶᠢ ᠴᠠᠬᠢᠯᠭᠠᠨ ᠵᠠᠳᠠᠯᠤᠯ ᠤᠨ ᠤᠩᠭᠤᠴᠠᠨ ᠳᠤ ᠤᠷᠤᠭᠰᠢᠲᠠᠶ ᠣᠷᠣᠭᠤᠯᠬᠤ ᠶᠢᠨ ᠬᠠᠮᠲᠤ ᠴᠠᠬᠢᠯᠭᠠᠨ ᠵᠠᠳᠠᠯᠤᠯᠲᠠ ᠳᠤ ᠣᠷᠣᠯᠴᠠᠬᠤ ᠶᠢ ᠪᠠᠲᠤᠯᠠᠵᠤ᠂ ᠤᠰᠤᠲᠥ᠋ᠷᠥᠭᠴᠢ ᠬᠡᠢ ᠶᠢᠨ ᠴᠡᠪᠡᠷᠴᠡ ᠶᠢᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠪᠠ᠃ ᠨᠠᠷᠢᠯᠢᠭ ᠲᠣᠬᠢᠷᠠᠭᠤᠯᠤᠨ ᠲᠤᠷᠰᠢᠬᠤ ᠪᠠᠷ ᠳᠠᠮᠵᠢᠭᠤᠯᠤᠨ᠂ ᠳᠠᠯᠳᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠵᠢᠩᠬᠢᠨᠢ ᠪᠠᠷ ᠤᠰᠤᠲᠥ᠋ᠷᠥᠭᠴᠢ ᠦᠢᠯᠡᠳᠪᠦᠷᠢᠯᠡᠬᠦ ᠳᠤ ᠰᠠᠶᠢᠲᠤᠷ ᠪᠡᠯᠡᠳᠬᠡᠯ ᠬᠢᠬᠦ ᠬᠡᠷᠡᠭᠲᠡᠶ᠃     ᠠᠩᠬᠠᠳᠠᠭᠴᠢ ᠫᠷᠤᠲ᠋ᠤᠨ ᠰᠣᠯᠢᠯᠴᠠᠬᠤ ᠪᠦᠷᠬᠦᠭᠦᠯ ︵PEM︶ ᠤᠨ ᠴᠠᠬᠢᠯᠭᠠᠨ ᠵᠠᠳᠠᠯᠤᠯ ᠤᠨ ᠣᠩᠭᠤᠴᠠ ᠶᠢ ᠠᠮᠵᠢᠯᠲᠠ ᠲᠠᠢ ᠪᠠᠷ ᠲᠣᠬᠢᠷᠠᠭᠤᠯᠤᠨ ᠲᠤᠷᠰᠢᠬᠤ ᠶᠢᠨ ᠬᠠᠮᠲᠤ ᠤᠷᠤᠭᠰᠢᠲᠠᠢ ᠪᠠᠷ ᠤᠰᠤᠲᠦ᠋ᠷᠦᠭᠴᠢ ᠡᠨᠧᠷᠭᠢ ᠶᠢᠨ ᠺᠣᠮᠫᠠᠨᠢ ᠶᠢᠨ ︽ᠬᠤᠵᠢᠷᠯᠢᠭ ᠴᠢᠨᠠᠷᠲᠠᠶ + PEM︾᠂ ︽ᠴᠠᠬᠢᠯᠭᠠᠨ ᠵᠠᠳᠠᠯᠤᠯ ᠤᠨ ᠣᠩᠭᠤᠴᠠ︾ ᠶᠢᠨ ᠬᠤᠤᠰ ᠮᠡᠷᠭᠡᠵᠢᠯ ᠤᠨ ᠱᠤᠭᠤᠮ ᠤᠨ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠶᠢ ᠴᠥᠮ ᠠᠰᠢᠭᠯᠠᠯᠲᠠ ᠳᠤ ᠣᠷᠣᠭᠤᠯᠵᠤ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠺᠣᠮᠫᠠᠨᠢ ᠶᠢᠨ ᠪᠠᠷᠠᠭᠠᠯᠬᠢᠯᠠᠯ ᠤᠨ ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠬᠠᠷᠠᠴᠠ ᠶᠢ ᠢᠯᠡᠷᠡᠭᠦᠯᠵᠦ᠂ ᠬᠤᠣᠰ ᠢᠵᠢ ᠤᠰᠤᠲᠥ᠋ᠷᠥᠭᠴᠢ ᠦᠢᠯᠡᠳᠬᠦ ᠮᠡᠷᠭᠡᠵᠢᠯ ᠤᠨ ᠠᠷᠭ᠎ᠠ ᠵᠠᠮ ᠢ ᠬᠡᠷᠡᠭᠯᠡᠵᠦ᠂ ᠪᠣᠯᠪᠠᠰᠤᠷᠠᠩᠭᠤᠢ ᠬᠤᠵᠢᠷ ᠤᠨ ᠴᠢᠨᠠᠷᠲᠠᠢ ᠴᠠᠬᠢᠯᠭᠠᠨ ᠵᠠᠳᠠᠯᠤᠯ ᠤᠨ ᠮᠡᠷᠭᠡᠵᠢᠯ ᠢ ᠬᠠᠳᠠᠭᠠᠯᠠᠭᠰᠠᠨ ᠢᠶᠠᠷ ᠪᠠᠷᠠᠬᠤ ᠦᠭᠡᠢ ᠪᠠᠰᠠ ᠲᠡᠷᠢᠭᠦᠨ ᠤ PEM ᠴᠠᠬᠢᠯᠭᠠᠨ ᠵᠠᠳᠠᠯᠤᠯ ᠤᠨ ᠮᠡᠷᠭᠡᠵᠢᠯ ᠢ ᠵᠣᠷᠢᠭᠲᠠᠢ ᠪᠠᠷ ᠣᠷᠣᠭᠤᠯᠤᠨ ᠠᠪᠴᠢᠷᠠᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠢᠷᠡᠭᠡᠳᠦᠢ ᠶᠢᠨ ᠬᠥᠭᠵᠢᠯᠲᠡ ᠶᠢᠨ ᠲᠤᠬᠠᠢ ᠭᠦᠨᠵᠡᠭᠡᠢ ᠠᠵᠢᠭᠯᠠᠯᠲᠠ ᠶᠢ ᠢᠯᠡᠷᠡᠭᠦᠯᠪᠡ᠃ ᠡᠨᠡ ᠤᠳᠠᠭᠠᠨ ᠤ ᠠᠮᠵᠢᠯᠳᠠ ᠲᠠᠢ ᠪᠠᠷ ᠲᠤᠷᠰᠢᠨ ᠲᠣᠬᠢᠷᠠᠭᠤᠯᠤᠭᠰᠠᠨ ᠨᠢ ᠺᠤᠮᠫᠠᠨᠢ  ᠨᠢ ᠠᠵᠤ ᠠᠬᠤᠢ ᠶᠢᠨ ᠦᠷ᠎ᠡ ᠠᠰᠢᠭ ᠢ ᠪᠡᠶᠡᠯᠡᠬᠦᠯᠬᠦ ᠲᠡᠰᠢ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢᠶᠠᠷ ᠪᠠᠷᠠᠬᠤ ᠦᠭᠡᠢ᠂ ᠨᠡᠩ ᠴᠤ ᠤᠰᠤᠲᠥ᠋ᠷᠥᠭᠴᠢ ᠡᠨᠧᠷᠭᠢ ᠶᠢᠨ ᠬᠦᠷᠢᠶᠡᠨ ᠳᠤ ᠬᠥᠲᠥᠯᠥᠨ ᠳᠠᠭᠠᠭᠤᠯᠬᠤ ᠦᠢᠯᠡᠳᠦᠯ ᠦᠵᠡᠬᠦᠯᠬᠦ ᠳᠤ ᠰᠠᠭᠤᠷᠢ ᠶᠢ ᠪᠠᠬᠢᠵᠢᠭᠦᠯᠦᠭᠰᠡᠨ ᠪᠠᠶᠢᠨ᠎ᠠ᠃ ᠺᠣᠮᠫᠠᠨᠢ ᠶᠢᠨ ᠤᠰᠤᠲᠥ᠋ᠷᠥᠭᠴᠢ  ᠡᠨᠧᠷᠭᠢ ᠶᠢᠨ ᠬᠥᠭᠵᠢᠯᠲᠡ ᠶᠢᠨ ᠵᠠᠮ ᠳᠡᠭᠡᠷ᠎ᠡ ᠪᠠᠰᠠ ᠨᠢᠭᠡᠨ ᠭᠡᠷᠡᠯᠲᠦ ᠳ᠋ᠧᠩ ᠨᠣᠴᠣᠭᠠᠵᠤ᠂ ᠬᠤᠶᠢᠰᠢᠳᠠ ᠶᠢᠨ ᠶᠡᠭᠡ ᠬᠡᠪᠴᠢᠶᠡᠨ ᠤ ᠦᠢᠯᠡᠳᠪᠦᠷᠢᠯᠡᠯ ᠪᠠ ᠬᠡᠷᠡᠭᠯᠡᠯᠲᠡ ᠳᠤ ᠬᠦᠴᠦᠲᠡᠶ ᠮᠡᠷᠭᠡᠵᠢᠯ ᠤᠨ ᠪᠠᠲᠤᠯᠠᠭ᠎ᠠ ᠬᠠᠩᠭᠠᠪᠠ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号