ᠵᠢᠶᠠ ᠪᠦᠦ ᠯᠢᠶᠠᠩ ᠭᠤᠸᠠᠩᠳᠦ᠋ᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/11/19
      11 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠭᠤᠸᠠᠩᠳᠦ᠋ᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠵᠤ ᠂ ᠵᠢᠩ ᠼᠠᠢ ᠢᠷᠡᠭᠡᠳᠦᠶ ᠶᠢᠨ ᠤᠶᠤᠨᠲᠤ ᠰᠢᠨᠵᠢᠯᠡᠬᠦ ᠤᠬᠠᠭᠠᠨ ᠲᠡᠸ᠋ᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠤᠸᠠᠩᠵᠧᠦ ᠶᠢᠨ ᠲᠢᠶᠠᠨ ᠼᠢ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠭᠤᠸᠠᠩᠵᠧᠦ ᠶᠢᠨ ᠫᠧᠩ ᠬᠤᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ ᠭᠤᠸᠠᠩᠵᠧᠦ ᠶᠢᠨ ᠭᠦᠸᠧ ᠬᠤᠩ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠡᠸ᠋ᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠪᠠ᠃      ᠵᠢᠩ ᠼᠠᠢ ᠢᠷᠡᠭᠡᠳᠦᠢ ᠶᠢᠨ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠵᠠᠩ ᠪᠢᠩ ᠭᠤᠸᠠᠩ ᠬᠡᠷᠡᠭ ᠮᠡᠳᠡᠭᠴᠢᠳ ᠤᠨ ᠳᠠᠷᠤᠭ᠎ᠠ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠢᠶᠠ ᠪᠦᠦ ᠯᠢᠶᠠᠩ᠂ ᠣᠶᠢᠷ᠎ᠠ ᠶᠢᠨ ᠵᠢᠯ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠯᠪᠡᠭ ᠳᠡᠯᠪᠡᠭ ᠰᠠᠯᠬᠢᠨ ᠬᠦᠴᠦᠨ ᠤ ᠡᠬᠢ ᠪᠠᠶᠠᠯᠢᠭ ᠤᠨ ᠨᠥᠬᠦᠴᠡᠯ ᠪᠣᠯᠤᠨ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠤ ᠦᠨ᠎ᠡ ᠶᠢᠨ ᠳᠠᠪᠠᠭᠤᠯᠢᠭ ᠲᠤ ᠲᠦᠰᠢᠭᠯᠡᠵᠦ᠂ ᠪᠣᠬᠢᠷᠲᠤᠯ ᠦᠭᠡᠢ ᠪᠤᠳᠣᠯᠭ᠎ᠠ ᠶᠢᠨ ᠴᠢᠳᠠᠪᠤᠷᠢ ᠶᠢᠨ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠪᠤᠳᠣᠯᠭ᠎ᠠ ᠶᠢᠨ ᠴᠢᠳᠠᠪᠤᠷᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠣᠷᠣᠵᠤ ᠰᠠᠭᠤᠭᠰᠠᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠵᠤ᠂ ᠲᠣᠭᠲᠠᠭᠤᠨ᠂ ᠬᠢᠮᠳᠠ ᠡᠨᠧᠷᠭᠢ ᠶᠢᠨ ᠬᠠᠩᠭᠠᠯᠭ᠎ᠠ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠨ ᠬᠠᠮᠲᠤᠷᠠᠯᠴᠠᠵᠤ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠳᠠᠷᠬᠠᠨ ᠮᠤᠤᠮᠢᠩᠭᠠᠨ ᠤ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠬᠦ ᠳᠤ ᠠᠵᠤ ᠦᠢᠯᠡᠰ ᠤᠨ ᠰᠠᠭᠤᠷᠢ ᠶᠢ ᠲᠠᠯᠪᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠭᠤᠸᠠᠩᠵᠧᠦ ᠶᠢᠨ ᠲᠢᠶᠠᠨ ᠼᠢ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠂ ᠵᠢᠶᠠ ᠪᠦᠦ ᠯᠢᠶᠠᠩ ᠰᠢᠤᠢ ᠰᠠᠨ ᠱᠠᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠨᠠᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠶᠢᠯᠤᠭᠤᠷ ᠵᠣᠩᠰᠢ ᠶᠢᠨ ᠡᠬᠢ ᠪᠠᠶᠠᠯᠢᠭ ᠡᠯᠪᠡᠭ ᠳᠡᠯᠪᠡᠭ᠂ ᠥᠪᠡᠷᠲᠡᠭᠡᠨ ᠵᠠᠰᠠᠬᠤ ᠣᠷᠣᠨ ᠠᠴᠠ ᠮᠠᠭᠠᠳᠯᠠᠨ ᠲᠣᠭᠲᠠᠭᠠᠭᠰᠠᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ︶ ᠲᠠᠢ᠂ ᠤᠮᠠᠷᠠᠲᠤ ᠶᠢᠨ ᠴᠢᠬᠤᠯᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠬᠥᠭᠵᠢᠭᠦᠯᠬᠦ ᠳᠠᠪᠠᠭᠤᠯᠢᠭ ᠲᠤᠪᠤᠶᠢᠮ᠎ᠠ᠂ ᠡᠷᠡᠰ ᠴᠢᠩᠭ᠎ᠠ ᠪᠤᠳᠤᠯ ᠬᠥᠰᠡᠯ ᠲᠠᠢ᠃ ᠪᠢᠳᠡ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠮᠠᠨᠳᠤᠯ ᠪᠣᠭᠤᠮᠲᠠ ᠪᠣᠯᠤᠨ ᠪᠠᠶ᠋ᠬᠠᠣᠪᠤᠭ᠎ᠠ ᠠᠭᠤᠷᠬᠠᠢ ᠶᠢᠨ ᠭᠤᠷᠪᠠᠨ ᠶᠡᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠤᠯᠤᠰ ᠤᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠭᠤᠸᠠᠩᠵᠸᠤ ᠶᠢᠨ ᠲᠢᠶᠠᠨ ᠼᠢ ᠺᠣᠮᠫᠠᠨᠢ ᠨᠢ ᠳᠠᠷᠬᠠᠨ ᠮᠤᠤᠮᠢᠩᠭᠠᠨ ᠳᠤ ᠢᠷᠡᠵᠤ᠂ ᠪᠡᠯᠡ ᠣᠷᠣᠭᠤᠯᠤᠨ᠂ ᠬᠤᠪᠢ ᠪᠡᠶ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠡᠰ ᠳᠡᠪᠰᠢᠬᠦ᠂ ᠬᠡᠯᠬᠢᠶ᠎ᠡ ᠪᠠᠨ ᠤᠷᠲᠤᠳᠬᠠᠬᠤ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠭᠤᠸᠠᠩᠵᠧᠦ ᠶᠢᠨ ᠫᠧᠩ ᠬᠤᠢ ᠡᠨᠧᠷᠭᠢ ᠶᠢᠨ ᠰᠢᠨᠵᠢᠯᠡᠬᠦ ᠤᠬᠠᠭᠠᠨ ᠲᠡᠸ᠋ᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠰᠦ ᠸᠧᠢ ᠯᠢ ᠶᠡᠷᠦᠩᠬᠡᠢ ᠵᠠᠬᠢᠷᠤᠭᠴᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠳᠤ ᠥᠪᠡᠷᠮᠢᠴᠡ ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠲᠠᠢ᠂ ᠳᠠᠬᠢᠨ ᠡᠭᠦᠰᠴᠦ ᠪᠣᠯᠬᠤ ᠡᠬᠢ ᠪᠠᠶᠠᠯᠢᠭ ᠳᠠᠪᠠᠭᠤᠯᠢᠭ᠂ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ ᠪᠥᠭᠡᠳ ᠲᠣᠭᠲᠠᠭᠤᠨ ᠪᠠᠶᠢᠵᠤ᠂ ᠨᠡᠭᠡᠭᠡᠨ ᠬᠥᠭᠵᠢᠭᠦᠯᠵᠦ ᠪᠣᠯᠬᠤ ᠳᠠᠯᠳᠠ ᠬᠦᠴᠦᠨ ᠯᠤᠲᠤ ᠶᠡᠭᠡ ᠪᠠᠶᠢᠵᠤ᠂ ᠬᠠᠲᠠᠭᠤ ᠪᠡᠶᠡᠲᠦ ᠢᠰᠦᠯᠳᠦᠭᠰᠡᠨ ᠪᠣᠳᠠᠰ ᠤᠨ ᠴᠠᠬᠢᠯᠭᠠᠨ ᠵᠠᠳᠠᠯᠤᠯ ᠤᠨ ᠣᠩᠭᠤᠴᠠ ᠪᠠ ᠪᠤᠬᠢᠷᠳᠡᠯ ᠦᠭᠡᠢ ᠤᠰᠤᠲᠥ᠋ᠷᠥᠭᠴᠢ ᠶᠢᠨ ᠮᠧᠲ᠋ᠢᠯ ᠠᠯᠺᠣᠤᠯ᠂ ᠴᠠᠬᠢᠯᠭᠠᠨ ᠵᠠᠳᠠᠯᠤᠯ ᠤᠨ ᠰᠢᠩᠭᠡᠨ ᠵᠡᠷᠭᠡ ᠠᠵᠤ ᠦᠢᠯᠡᠰ ᠢ ᠬᠥᠭᠵᠢᠭᠦᠯᠬᠦ ᠳᠤ ᠰᠠᠭᠤᠷᠢ ᠲᠠᠢ᠂ ᠢᠷᠡᠭᠡᠳᠦᠶ ᠲᠠᠢ ᠶᠤᠮ ᠃ ᠬᠤᠶᠠᠷ ᠲᠠᠯ᠎ᠠ ᠪᠠᠷ ᠢᠶᠠᠨ ᠮᠡᠷᠭᠡᠵᠢᠯ᠂ ᠲᠤᠬᠠᠶᠢᠯᠠᠭᠰᠠᠨ ᠠᠵᠢᠯ᠂ ᠲᠦᠷᠦᠯ ᠵᠦᠢᠯ ᠵᠡᠷᠭᠡ ᠲᠠᠯ᠎ᠠ ᠪᠠᠷ ᠬᠢ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠠᠷᠭ᠎ᠠ ᠵᠠᠮ ᠂ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ ᠨᠡᠩ ᠥᠷᠭᠡᠨ ᠳᠡᠯᠭᠡᠷ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠭᠤᠸᠠᠩᠵᠧᠦ ᠶᠢᠨ ᠭᠦᠸᠧ ᠬᠤᠩ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠡᠸ᠋ᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠦ᠋ ᠰᠢᠤ ᠳ᠋ᠦᠩ ᠶᠡᠷᠦᠩᠬᠡᠢ ᠵᠠᠬᠢᠷᠤᠭᠴᠢ ᠨᠠᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯ ᠪᠦᠬᠦ ᠬᠤᠳᠠ ᠶᠢᠨ ᠤᠰᠤᠲᠥ᠋ᠷᠥᠭᠴᠢ ᠡᠨᠧᠷᠭᠢ ᠶᠢᠨ ᠬᠡᠷᠡᠭᠯᠡᠭᠡᠨ ᠤ ᠴᠢᠬᠤᠯᠠ ᠪᠠᠶᠢᠳᠠᠯ᠂ ᠭᠤᠣᠯᠳᠠᠯᠭ᠎ᠠ ᠲᠠᠢ ᠬᠥᠭᠵᠢᠯᠲᠡ ᠶᠢᠨ ᠰᠠᠭᠤᠷᠢᠨ ᠭᠠᠵᠠᠷ ᠪᠣᠯᠤᠨ᠎ᠠ᠃ ᠬᠤᠶᠠᠷ ᠲᠠᠯ᠎ᠠ ᠪᠠᠷ ᠢᠶᠠᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠰᠤᠲᠥ᠋ᠷᠥᠭᠴᠢ ᠡᠨᠧᠷᠭᠢ᠂ ᠤᠰᠤᠲᠥ᠋ᠷᠥᠭᠴᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠠᠯᠬᠤᠮ ᠠᠯᠬᠤᠮ ᠢᠶᠠᠷ ᠪᠤᠵᠠᠭᠠᠶᠢᠷᠠᠬᠤ ᠶᠢ ᠬᠠᠮᠲᠤᠪᠠᠷ ᠠᠬᠢᠭᠤᠯᠵᠤ᠂ ᠪᠣᠬᠢᠷᠲᠤᠯ ᠦᠭᠡᠢ ᠡᠨᠧᠷᠭᠢ ᠬᠠᠳᠠᠭᠠᠯᠠᠬᠤ᠂ ᠪᠣᠬᠢᠷᠲᠤᠯ ᠦᠭᠡᠢ ᠪᠤᠳᠣᠯᠭ᠎ᠠ ᠶᠢᠨ ᠴᠢᠳᠠᠪᠤᠷᠢ ᠵᠡᠷᠭᠡ ᠶᠢ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮ ᠳᠤ ᠣᠷᠣᠭᠤᠯᠵᠤ᠂ ᠪᠣᠬᠢᠷᠲᠤᠯ ᠦᠭᠡᠢ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠥᠭᠵᠢᠭᠦᠯᠬᠦ ᠶᠢ ᠬᠦᠰᠡᠵᠦ ᠪᠠᠶᠢᠨ᠎ᠠ᠃      ᠬᠠᠮᠢᠶ᠎ᠠ ᠪᠥᠬᠦᠶ ᠬᠤᠰᠢᠭᠤᠨ ᠤ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号