ᠬᠤᠲᠠ ᠶᠢᠨ ᠪᠣᠯᠪᠠᠰᠤᠨ ᠠᠷᠠᠳ ᠪᠣᠯᠬᠤ ᠪᠠᠷ ᠴᠢᠷᠮᠠᠢᠵᠤ ᠪᠣᠯᠪᠠᠰᠤᠨ ᠭᠡᠷ ᠣᠷᠣᠨ ᠢᠶᠠᠨ ᠬᠠᠮᠲᠤ ᠪᠠᠷ  ᠪᠠᠶᠢᠭᠤᠯᠤᠶ᠎ᠠ
ᠨᠡᠶᠢᠲᠡᠯᠡᠭᠰᠡᠨ ᠴᠠᠭ᠄
2024/11/2
ᠬᠠᠶᠢᠷᠠᠲᠤ ᠰᠠᠭᠤᠭᠠᠯᠢ ᠠᠷᠠᠳ ᠨᠠᠷ ᠡ᠄      ᠰᠠᠶᠢᠨ ᠰᠠᠶᠢᠬᠠᠨ ᠭᠡᠷ ᠣᠷᠣᠨ ᠢᠶᠠᠨ᠂ ᠴᠢ ᠪᠢᠳᠡ ᠬᠠᠮᠲᠤ ᠪᠠᠷ ᠪᠠᠶᠢᠭᠤᠯᠤᠶ᠎ᠠ︕ ᠴᠡᠪᠡᠷ ᠴᠡᠮᠴᠡᠭᠡᠷ᠂ ᠪᠣᠯᠪᠠᠰᠤᠨ ᠡᠮᠬᠢ ᠵᠢᠷᠤᠮ ᠲᠠᠢ᠂ ᠡᠷᠡᠭᠦᠯ ᠥᠭᠡᠳᠡᠷᠬᠡᠭ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ᠂ ᠠᠳᠡ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠠᠴᠢᠯᠠᠭ᠎ᠠ ᠭᠠᠷᠭᠠᠶ᠎ᠠ᠄      ᠨᠢᠭᠡ᠂ ᠪᠡᠶ᠎ᠡ ᠪᠠᠷ ᠢᠶᠠᠨ ᠵᠢᠱᠢᠶ᠎ᠡ ᠦᠵᠡᠭᠦᠯᠵᠦ᠂ ᠠᠷᠢᠭᠤᠨ ᠴᠡᠪᠡᠷ ᠭᠡᠷ ᠣᠷᠣᠨ ᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠶ᠎ᠠ᠃ ᠪᠢᠳᠡ ᠬᠥᠳᠡᠯᠦᠯᠴᠡᠵᠦ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ᠂ ᠭᠡᠷ ᠪᠠᠶᠢᠰᠢᠩ  ᠤᠨ ᠠᠷᠣ ᠥᠪᠥᠷ ᠠᠴᠠ ᠪᠠᠨ ᠡᠬᠢᠯᠡᠵᠥ᠂ ︽ᠭᠤᠷᠪᠠᠨ ᠤᠪᠤᠭ᠎ᠠ ᠬᠤᠶᠠᠷ ᠪᠤᠯᠤᠩ︾ ︵ᠡᠯᠡᠰᠦ ᠰᠢᠷᠣᠢ ᠣᠪᠣᠭᠠᠯᠠᠬᠤ᠂ ᠪᠠᠭᠠᠰᠤ ᠰᠢᠭᠡᠰᠦ ᠣᠪᠣᠭᠠᠯᠠᠬᠤ᠂ ᠡᠯᠳᠡᠪ ᠶᠠᠭᠤᠮ᠎ᠠ ᠣᠪᠣᠭᠠᠯᠠᠬᠤ᠂ ᠲᠦᠯᠡᠭᠡ ᠡᠪᠡᠰᠦ ᠶᠢᠨ ᠪᠤᠯᠤᠩ᠂ ᠲᠤᠭᠤᠰᠬ᠎ᠠ ᠴᠢᠯᠠᠭᠤ ᠶᠢᠨ ᠪᠤᠯᠤᠩ︶᠂ ︽ᠭᠤᠷᠪᠠᠨ ᠰᠠᠮᠠᠭᠤᠷᠠᠯ︾ ︵ᠳᠤᠷ᠎ᠠ ᠪᠠᠷ ᠢᠶᠠᠨ ᠪᠠᠷᠢᠵᠤ ᠪᠤᠰᠬᠠᠬᠤ᠂ ᠳᠤᠷ᠎ᠠ ᠪᠠᠷ ᠢᠶᠠᠨ ᠣᠪᠣᠭᠠᠯᠠᠵᠤ ᠳᠠᠯᠪᠢᠬᠤ᠂ ᠳᠤᠷ᠎ᠠ ᠪᠠᠷ ᠢᠶᠠᠨ ᠵᠠᠯᠭᠠᠵᠤ ᠬᠡᠷᠡᠭᠯᠡᠭᠦ︶ ᠢ ᠤᠬᠠᠮᠰᠠᠷ ᠠᠴᠠ ᠪᠠᠨ ᠴᠡᠪᠡᠷᠯᠡᠨ᠎ᠡ᠃ ᠥᠷᠭᠡᠨ ᠣᠯᠠᠨ ᠬᠤᠳᠠᠯᠳᠤᠭᠠᠴᠢᠨ ᠡᠷᠦᠬᠡ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠥ᠂ ᠳᠡᠯᠭᠡᠭᠦᠷ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠢ ᠤᠬᠠᠮᠰᠠᠷ ᠠᠴᠠ ᠪᠠᠨ ᠬᠠᠮᠠᠭᠠᠯᠠᠨ᠂ ᠳᠤᠷ᠎ᠠ ᠪᠠᠷ ᠢᠶᠠᠨ ᠵᠣᠭᠰᠣᠭᠠᠵᠤ᠂ ᠳᠤᠷ᠎ᠠ ᠪᠠᠷ ᠢᠶᠠᠨ ᠲᠠᠯᠪᠢᠬᠤ ᠵᠢᠴᠢ ᠵᠠᠮ ᠡᠵᠡᠯᠡᠨ ᠡᠵᠡᠩᠨᠡᠬᠦ ᠶᠢ ᠬᠤᠷᠢᠭᠯᠠᠵᠤ᠂ ᠴᠡᠪᠡᠷ ᠴᠡᠮᠴᠡᠭᠡᠷ᠂ ᠲᠠᠭᠠᠯᠠᠮᠵᠢᠲᠠᠶ᠂ ᠡᠮᠬᠢ ᠵᠢᠷᠤᠮ ᠲᠠᠢ ᠣᠷᠴᠢᠨ ᠲᠣᠭᠤᠷᠢᠨ ᠢ ᠬᠠᠮᠲᠤᠪᠠᠷ ᠡᠭᠦᠳᠦᠨ᠎ᠡ᠃      ᠬᠤᠶᠠᠷ᠂ ᠪᠣᠯᠪᠠᠰᠤᠨ ᠢᠶᠠᠷ ᠢᠳᠬᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠮᠠᠭᠠᠯᠠᠭᠴᠢ ᠪᠣᠯᠬᠤ ᠪᠠᠷ ᠴᠢᠷᠮᠠᠶᠢᠶ᠎ᠠ᠃ ᠪᠢᠳᠡ ᠬᠥᠳᠡᠯᠦᠯᠴᠡᠵᠦ᠂ ᠴᠡᠪᠡᠷ ᠲᠣᠬᠢᠯᠢᠭ ᠣᠷᠴᠢᠨ ᠲᠣᠭᠤᠷᠢᠨ ᠢ ᠢᠳᠡᠪᠬᠢᠲᠡᠢ ᠬᠠᠮᠠᠭᠠᠯᠠᠵᠤ᠂ ᠳᠤᠷ᠎ᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠵᠡᠷᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠡᠪᠳᠡᠬᠦ ᠦᠵᠡᠭᠳᠡᠯ ᠪᠠ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠢ᠃ ᠬᠡᠷ ᠪᠠᠶᠢᠰᠢᠩ ᠤᠨ ᠠᠷᠤ ᠥᠪᠥᠷ᠂ ᠵᠠᠮ ᠳᠠᠭᠠᠤ᠂ ᠭᠤᠤᠯ ᠤᠨ ᠵᠠᠮ ᠤᠨ ᠬᠤᠶᠠᠷ ᠬᠠᠵᠠᠭᠤ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠢᠳᠡᠪᠬᠢᠲᠡᠶ ᠣᠷᠣᠯᠴᠠᠵᠤ᠂ ᠵᠠᠮ ᠤᠨ ᠬᠤᠲᠣᠭᠤᠷ ᠭᠠᠵᠠᠷ᠂ ᠬᠤᠭᠤᠯᠠᠶ ᠶᠢᠨ ᠡᠪᠳᠡᠷᠡᠵᠦ ᠰᠦᠢᠳᠦᠭᠰᠡᠨ ᠵᠡᠷᠭᠡ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠯᠢᠪᠠ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠵᠣᠷᠢᠭᠲᠠᠶ ᠪᠠᠷ ᠡᠰᠡᠷᠭᠦᠴᠡᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠡᠷ ᠣᠷᠣᠨ ᠢᠶᠠᠨ ᠴᠡᠪᠡᠷ ᠴᠡᠮᠴᠡᠭᠡᠷ ᠪᠠᠶᠢᠯᠭᠠᠵᠤ᠂ ᠣᠯᠠᠨ ᠢᠶᠠᠨ ᠭᠤᠶᠤᠬᠤ︾ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃      ᠭᠤᠷᠪᠠ᠂ ᠥᠪᠡᠷ ᠤᠨ ᠪᠡᠶ᠎ᠡ ᠠᠴᠠ ᠪᠠᠨ ᠡᠬᠢᠯᠡᠨ᠂ ᠪᠣᠯᠪᠠᠰᠤᠨ ᠣᠷᠴᠢᠨ ᠠᠬᠤᠶ ᠶᠢ ᠬᠠᠮᠠᠭᠠᠯᠠᠬᠤ ᠤᠬᠠᠭᠤᠯᠤᠭᠴᠢ ᠪᠣᠯᠬᠤ ᠪᠠᠷ ᠴᠢᠷᠮᠠᠶᠢᠶ᠎ᠠ᠃ ᠪᠢᠳᠡ ᠬᠥᠳᠡᠯᠦᠯᠴᠡᠵᠦ᠂ ᠥᠪᠡᠷ ᠤᠨ ᠨᠠᠶᠢᠵᠠ ᠶᠢᠨ ᠲᠣᠭᠤᠷᠢᠭ᠂ ᠲᠦᠷᠦᠯ ᠰᠠᠳᠤᠨ ᠨᠠᠶᠢᠵᠠ ᠨᠥᠬᠦᠳ ᠤᠨ ᠬᠦᠷᠢᠶ᠎ᠡ ᠪᠠᠨ ᠠᠰᠢᠭᠯᠠᠨ ᠠᠮᠢ ᠠᠬᠤᠢ ᠶᠢᠨ ᠬᠠᠮᠠᠭᠠᠯᠠᠯᠲᠠ ᠵᠢᠴᠢ ᠪᠣᠯᠪᠠᠰᠤᠨ ᠡᠷᠡᠭᠦᠯ ᠬᠠᠮᠠᠭᠠᠯᠠᠯ ᠤᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠲᠦᠷᠦᠯ ᠰᠠᠳᠤᠨ ᠨᠠᠶᠢᠵᠠ ᠨᠥᠬᠦᠳ  ᠢᠶᠠᠨ ᠤᠷᠢᠶᠠᠯᠠᠵᠤ᠂ ︽ᠪᠣᠯᠪᠠᠰᠤᠨ᠂ ᠡᠷᠡᠭᠦᠯ᠂ ᠪᠣᠬᠢᠷᠳᠤᠯ ᠦᠭᠡᠢ᠂ ᠣᠷᠴᠢᠨ ᠲᠣᠭᠤᠷᠢᠨ ᠤ ᠬᠠᠮᠠᠭᠠᠯᠠᠯᠲᠠ︾ ᠶᠢᠨ ᠠᠮᠢᠳᠤᠷᠠᠯ ᠤᠨ ᠠᠷᠭ᠎ᠠ ᠬᠡᠯᠪᠡᠷᠢ ᠶᠢ ᠢᠳᠡᠪᠬᠢᠲᠡᠢ ᠦᠢᠯᠡᠳᠦᠯᠭᠡᠵᠢᠭᠦᠯᠵᠦ᠂ ᠤᠬᠠᠮᠰᠠᠷ ᠠᠴᠠ ᠪᠠᠨ ᠪᠣᠯᠪᠠᠰᠤᠨ ᠡᠷᠡᠭᠦᠯ ᠬᠠᠮᠠᠭᠠᠯᠠᠯ ᠤᠨ ᠠᠮᠢᠳᠤᠷᠠᠯ ᠤᠨ ᠳᠠᠳᠬᠠᠯ ᠢ ᠪᠤᠢ ᠪᠣᠯᠭᠠᠵᠤ᠂ ᠡᠷᠡᠭᠦᠯ ᠬᠠᠮᠠᠭᠠᠯᠠᠯ ᠤᠨ ᠮᠠᠭᠤ ᠳᠠᠳᠬᠠᠯ ᠪᠠ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠲᠠᠶᠠᠭᠳᠠᠭᠤᠯᠵᠤ᠂ ᠳᠤᠷ᠎ᠠ ᠪᠠᠷ ᠢᠶᠠᠨ ᠬᠠᠶᠠᠬᠤ ᠦᠭᠡᠢ᠂ ᠳᠤᠷ᠎ᠠ ᠪᠠᠷ ᠢᠶᠠᠨ ᠭᠠᠳᠠᠭᠰᠢᠯᠠᠭᠤᠯᠬᠤ ᠦᠭᠡᠢ᠂ ᠳᠤᠷ᠎ᠠ ᠪᠠᠷ ᠢᠶᠠᠨ ᠵᠢᠷᠤᠬᠤ ᠦᠭᠡᠢ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠦᠭᠡᠢ ᠪᠠᠶᠢᠵᠤ᠂ ᠬᠥᠮᠦᠨ ᠪᠦᠬᠦᠨ ᠪᠣᠯᠪᠠᠰᠤᠨ ᠢ ᠡᠷᠬᠢᠮᠯᠡᠬᠦ᠂ ᠮᠠᠭᠤ ᠳᠠᠳᠬᠠᠯ ᠢᠶᠠᠨ ᠳᠠᠶᠠᠭᠳᠠᠬᠤ᠂ ᠰᠢᠨ᠎ᠡ ᠰᠤᠷᠳᠠᠯ ᠢ ᠪᠤᠢ ᠪᠣᠯᠭᠠᠬᠤ ᠶᠢ ᠪᠡᠶᠡᠯᠡᠭᠦᠯᠥᠶ᠎ᠡ᠃      ᠠᠷᠢᠭᠤᠨ ᠴᠡᠪᠡᠷ ᠭᠡᠷ ᠣᠷᠣᠨ ᠢ ᠪᠠᠶᠢᠭᠤᠯᠬᠤ ᠨᠢ ᠬᠥᠮᠦᠨ ᠪᠦᠬᠦᠨ ᠠᠰᠢᠭ ᠬᠦᠷᠲᠡᠵᠦ᠂ ᠰᠠᠶᠢᠨ ᠰᠠᠶᠢᠬᠠᠨ ᠣᠷᠴᠢᠨ ᠲᠣᠭᠤᠷᠢᠨ ᠪᠣᠯᠤᠨ ᠵᠣᠯ ᠵᠢᠷᠭᠠᠯᠲᠤ ᠠᠮᠢᠳᠤᠷᠠᠯ ᠢ ᠬᠠᠮᠲᠤᠪᠠᠷ ᠪᠠᠶᠢᠭᠤᠯᠤᠶ᠎ᠠ︕ ᠪᠢᠳᠡ ᠬᠥᠳᠡᠯᠦᠯᠴᠡᠵᠦ᠂ ᠪᠠᠭ᠎ᠠ ᠲᠠᠯ᠎ᠠ ᠠᠴᠠ ᠡᠬᠢᠯᠡᠨ᠂ ᠨᠢᠭᠡ ᠦᠢᠯᠡ ᠬᠦᠳᠡᠯᠦᠯ ᠬᠢᠬᠦ ᠠᠴᠠ ᠡᠬᠢᠯᠡᠵᠦ᠂ ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠲᠠᠭᠠᠯᠠᠮᠵᠢᠲᠠᠶ ᠣᠷᠣᠰᠢᠨ ᠰᠠᠭᠤᠬᠤ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠵᠤ᠂ ᠡᠵᠡᠨ ᠬᠥᠮᠦᠨ ᠤ ᠣᠪᠣᠷ ᠢᠶᠠᠷ ᠮᠠᠨ ᠤ ᠬᠠᠮᠲᠤ ᠶᠢᠨ ᠬᠡᠷ ᠣᠷᠣᠨ ᠢᠶᠠᠨ ᠨᠠᠩ ᠪᠣᠯᠪᠠᠰᠤᠨ᠂ ᠨᠠᠩ ᠡᠶ᠎ᠡ ᠵᠣᠬᠢᠴᠠᠩᠭᠤᠶ᠂ ᠨᠠᠩ ᠭᠤᠶᠢᠳᠡ‌‍ᠰᠠᠶᠢᠬᠠᠨ ᠪᠣᠯᠭᠠᠨ ᠪᠥᠲᠥᠭᠡᠨ ᠪᠠᠶᠢᠭᠤᠯᠤᠶ᠎ᠠ︕        ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ      2024 ᠣᠨ ᠤ 10 ᠰᠠᠷ᠎ᠠ ᠶᠢᠨ 31 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号